ᠬᠤ᠋ ᠴᠧᠩ ᠳ᠋ᠦᠩ ᠶᠦᠩ ᠹᠧᠩ ᠪᠠᠯᠭᠠᠰᠤᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/10/5
  10 ᠰᠠᠷ᠎ᠠ ᠶᠢᠨ 3᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ  ᠂ ᠲᠡᠳ᠋ ᠬᠤᠰᠢᠭᠤ ᠲᠠᠷᠤᠭ᠎ᠠ ᠯᠢ ᠵᠠᠨ ᠪᠤᠤ  ᠵᠢᠴᠢ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠤᠳᠤᠷᠢᠳᠤᠯᠭ᠎ᠠ ᠶᠦᠩ ᠹᠧᠩ ᠪᠠᠯᠭᠠᠰᠤᠨ ᠳᠤ ᠬᠦᠨᠵᠡᠭᠡᠶᠢᠷᠡᠵᠦ᠂ ᠰᠢᠬᠢᠷ  ᠯᠤᠤᠪᠠᠩ ᠤᠨ ᠬᠤᠷᠢᠶᠠᠯᠳᠠ ᠪᠠ ᠪᠤᠷᠤᠯᠠᠭᠤᠯᠭ᠎ᠠ ᠶᠢᠨ  ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃   ᠬᠤ᠋ ᠴᠧᠩ ᠳ᠋ᠦᠩ ᠵᠡᠷᠭᠡ ᠬᠦᠮᠦᠰ  ᠾᠸᠦ ᠹᠠᠩ ᠽᠢ ᠲᠤᠰᠬᠤᠨ ᠪᠤᠯᠤᠨ ᠰᠢᠩ ᠹᠦ᠋ ᠲᠤᠰᠬᠤᠨ  ᠎ ᠤ ᠰᠢᠬᠢᠷ  ᠯᠤᠤᠪᠠᠩ ᠤᠨ ᠰᠠᠭᠤᠷᠢᠨ ᠭᠠᠵᠠᠷ ᠲᠤ ᠬᠦᠷᠴᠦ᠂   ᠰᠢᠬᠢᠷ ᠯᠤᠤᠪᠠᠩ ᠤᠨ ᠲᠠᠷᠢᠶᠠᠯᠠᠭ᠎ᠠ ᠶᠢᠨ ᠭᠡᠪᠴᠢᠶ᠎ᠡ᠂ ᠤᠨᠠᠯᠳᠠ ᠭᠠᠷᠤᠯᠳᠠ᠂  ᠵᠦᠬᠡᠬᠡᠪᠦᠷᠢ ᠪᠤᠷᠤᠯᠠᠭᠤᠯᠭ᠎ᠠ  ᠵᠢᠴᠢ ᠲᠠᠷᠢᠶᠠᠴᠢᠳ ᠤᠨ ᠠᠰᠢᠭ ᠤᠷᠤᠯᠭ᠎ᠠ ᠶᠢᠨ ᠪᠠᠶᠢᠳᠠᠯ ᠢ ᠪᠠᠶᠢᠴᠠᠭᠠᠨ ᠤᠶᠢᠯᠠᠭᠠᠭᠰᠠᠨ ᠤ ᠬᠠᠮᠳᠤ᠂   ᠭᠡᠷᠬᠢᠨ ᠪᠠᠭ᠎ᠠ ᠦᠷᠳᠡᠭ ᠭᠠᠷᠭᠠᠵᠤ  ᠶᠡᠭᠡ ᠠᠰᠢᠭ ᠬᠦᠷᠳᠡᠬᠦ ᠲᠤᠬᠠᠢ ᠢᠦ ᠯᠢᠶᠠᠨ ᠬᠤᠷᠰᠢᠶᠠᠵᠢᠯ ᠤᠨ ᠬᠠᠷᠢᠭᠤᠴᠠᠯᠭᠠᠳᠠᠨ ᠲᠠᠢ ᠵᠦᠪᠳᠡᠨ ᠰᠤᠳᠤᠯᠵᠠᠢ᠃  ᠤᠳᠤᠷᠢᠳᠤᠯᠭ᠎ᠠ ᠨᠠᠷ ᠪᠠᠰᠠ ᠪᠠᠢ ᠬᠤᠢ ᠱᠧᠩ ᠰᠢᠬᠢᠷ ᠤᠨ ᠦᠢᠯᠡᠳᠪᠦᠷᠢ ᠳᠤ ᠬᠦᠷᠴᠦ᠂  ᠰᠢᠬᠢᠷ ᠯᠤᠤᠪᠠᠩ ᠢ ᠰᠤᠩᠭᠤᠬᠤ᠂  ᠤᠬᠢᠶᠠᠬᠤ᠂  ᠭᠡᠷᠴᠢᠬᠦ ᠠᠴᠠ ᠡᠬᠢᠯᠡᠭᠡᠳ  ᠦᠢᠯᠡᠳᠪᠦᠷᠢᠯᠡᠵᠦ ᠰᠠᠪᠠᠯᠠᠬᠤ ᠪᠦᠬᠦᠶᠢᠯᠡ ᠶᠠᠪᠤᠴᠠ ᠶᠢ ᠬᠠᠷᠠᠵᠤ ᠤᠶᠢᠯᠠᠭᠠᠭᠰᠠᠨ ᠪᠠᠶᠢᠨ᠎ᠠ᠃  ᠬᠤ᠋ ᠴᠧᠩ ᠳ᠋ᠦᠩ ᠪᠠᠶᠢᠴᠠᠭᠠᠨ ᠰᠤᠳᠤᠯᠬᠤ ᠶᠠᠪᠤᠴᠠ ᠴᠢᠬᠤᠯᠠᠴᠢᠯᠠᠬᠤ ᠳᠠᠭᠠᠨ ᠂  ᠬᠦᠭᠵᠢᠯᠳᠡ ᠶᠢᠨ ᠰᠡᠳᠬᠢᠴᠡ  ᠎ ᠪᠠᠨ ᠢᠳᠡᠪᠬᠢᠳᠡᠢ ᠬᠤᠪᠢᠷᠠᠭᠤᠯᠵᠤ᠂  ᠲᠠᠷᠢᠶᠠᠯᠠᠩ ᠤᠨ ᠪᠦᠷᠢᠯᠳᠦᠴᠡ ᠶᠢ ᠰᠠᠶᠢᠳᠤᠷ ᠲᠤᠬᠢᠷᠠᠭᠤᠯᠤᠨ᠂   ᠪᠤᠳᠠᠳᠠᠢ ᠳᠠᠭᠠᠨ ᠰᠠᠭᠤᠷᠢᠯᠠᠵᠤ  ᠂ ᠵᠠᠬ᠎ᠠ ᠲᠡᠯᠬᠡᠬᠦᠷ ᠢ ᠤᠨᠤᠪᠴᠢᠳᠠᠢ ᠡᠵᠡᠮᠳᠡᠨ᠂  ᠲᠤᠰᠬᠠᠢ ᠬᠤᠷᠰᠢᠶᠠᠵᠢᠯ ᠤᠨ ᠬᠦᠳᠦᠯᠦᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂   ᠨᠡᠩ ᠤᠯᠠᠨ ᠲᠠᠷᠢᠶᠠᠴᠢᠳ  ᠎ ᠲᠤ ᠰᠢᠬᠢᠷ ᠯᠤᠤᠪᠠᠩ  ᠎ ᠤᠨ ︽ᠠᠮᠳᠠ︾᠎ ᠶᠢ ᠮᠡᠳᠡᠬᠦᠯᠵᠦ᠂ ᠠᠰᠢᠭ ᠤᠷᠤᠯᠭ᠎ᠠ ᠶᠢ ᠨᠢ ᠨᠡᠮᠡᠭᠳᠡᠬᠦᠯᠬᠦ ᠭᠡᠷᠡᠭᠳᠡᠢ ᠬᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号