ᠦᠵᠡᠮᠵᠢᠳᠦ ᠰᠠᠶᠢᠬᠠᠨ ᠵᠢᠭᠤᠯᠴᠢᠯᠠᠯ ᠤᠨ ᠲᠤᠰᠬᠤᠨ —  ᠪᠢᠶᠠᠨ ᠴᠢᠶᠠᠩ
ᠨᠡᠶᠢᠲᠡᠯᠡᠭᠰᠡᠨ ᠴᠠᠭ᠄
2020/11/1
  ᠰᠦᠯᠵᠢᠯᠳᠦᠨ ᠰᠤᠨᠤᠯᠵᠠᠭᠰᠠᠨ ᠵᠠᠰᠠᠮᠠᠯ ᠵᠠᠮ᠂  ᠡᠩᠨᠡᠷᠡᠨ ᠵᠢᠭᠳᠡᠷᠡᠭᠰᠡᠨ ᠲᠤᠭᠤᠰᠬᠠᠨ ᠪᠠᠶᠢᠰᠢᠩ᠂  ᠴᠡᠯᠭᠡᠷᠡᠨ ᠨᠤᠭᠤᠭᠠᠷᠠᠭᠰᠠᠨ ᠤᠢ ᠮᠤᠳᠤ ……  ᠡᠨᠡ ᠪᠤᠯ ᠲᠠᠷᠤᠢ ᠬᠤᠯᠠ ᠤᠶᠢᠷ᠎ᠠ  ᠎ ᠳᠠᠭᠠᠨ ᠠᠯᠳᠠᠷᠰᠢᠭᠰᠠᠨ ᠦᠵᠡᠰᠬᠦᠯᠡᠩᠳᠦ ᠲᠠᠩᠰᠤᠭ ᠰᠢᠨ᠎ᠡ ᠬᠦᠳᠡᠭᠡ ᠲᠤᠰᠬᠤᠨ  —  ᠪᠢᠶᠠᠨ ᠴᠢᠶᠠᠩ ᠲᠤᠰᠬᠤᠨ  ᠃      ᠤᠶᠢᠷ᠎ᠠ ᠶᠢᠨ ᠵᠢᠯ ᠳᠤ᠂ ᠪᠤᠤᠴᠠᠩ ᠪᠠᠯᠭᠠᠰᠤᠨ ᠤ ᠪᠢᠶᠠᠨ ᠴᠢᠶᠠᠩ ᠲᠤᠰᠬᠤᠨ ᠨᠢ  ᠪᠠᠶᠢᠭᠠᠯᠢ ᠤᠷᠴᠢᠨ᠂  ᠡᠬᠢ ᠪᠠᠶᠠᠯᠢᠭ᠂   ᠲᠡᠦᠬᠡ ᠰᠤᠶᠤᠯ ᠤᠨ  ᠰᠢᠯᠢᠳᠡᠭ ᠨᠦᠬᠦᠴᠡᠯ ᠬᠢᠭᠡᠳ   ︽ᠰᠢᠨ᠎ᠡ ᠬᠦᠳᠡᠭᠡ ᠲᠤᠰᠬᠤᠨ ᠤ ᠲᠤᠷᠰᠢᠯᠳᠠ ᠶᠢᠨ ᠴᠡᠭ︾᠂ ︽ ᠦᠵᠡᠰᠬᠦᠯᠡᠩᠳᠦ ᠬᠦᠳᠡᠭᠡ ᠲᠤᠰᠬᠤᠨ︾ ᠵᠡᠷᠭᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠳᠤ ᠲᠦᠰᠢᠭᠯᠡᠨ᠂   ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠢ ᠬᠦᠴᠦᠳᠡᠢ ᠬᠦᠭᠵᠢᠬᠦᠯᠵᠦ ᠢᠷᠡᠭᠰᠡᠨ ᠪᠠᠶᠢᠨ᠎ᠠ᠃ ᠲᠤᠰ ᠲᠤᠰᠬᠤᠨ ᠨᠢ 3000 ᠲᠦᠮᠡᠨ ᠲᠦᠬᠦᠷᠢᠭ ᠰᠢᠬᠠᠭᠤ  ᠪᠡᠯᠡ ᠤᠷᠤᠭᠤᠯᠵᠤ᠂ 400 ᠮᠤ᠋ ᠨᠤᠭᠤ ᠭᠠᠵᠠᠷ ᠤᠨ ᠴᠡᠴᠡᠷᠯᠢᠭ᠂  300 ᠮᠤ᠋ ᠴᠠᠨ᠎ᠠ ᠴᠡᠴᠡᠭ ᠤᠨ ᠬᠦᠷᠢᠶᠡᠯᠡᠩ᠂  ᠵᠢᠮᠢᠰ ᠲᠡᠬᠦᠬᠦ ᠬᠦᠯᠡᠮᠵᠢ 4 ᠰᠠᠭᠤᠷᠢ᠂  ᠰᠤᠶᠤᠯ  ᠢᠷᠭᠡᠨᠰᠢᠯ ᠤᠨ ᠮᠦᠽᠸᠢ 1᠂ ᠬᠦᠳᠡᠭᠡ ᠶᠢᠨ ᠤᠨᠴᠠᠯᠢᠭᠳᠤ  ᠬᠤᠭᠤᠯᠠᠨ ᠲᠢᠩᠬᠢᠮ 1᠂   ᠤᠨᠴᠠᠯᠢᠭᠳᠤ ᠪᠠᠭᠤᠳᠠᠯ 46᠂  ᠮᠤᠩᠭᠤᠯ ᠭᠡᠷ 16᠎ ᠶᠢ ᠪᠠᠶᠢᠭᠤᠯᠵᠤ᠂   ᠮᠠᠰᠢᠨ ᠤ ᠵᠤᠭᠰᠤᠭᠠᠯ  ᠂ ᠵᠡᠬᠡᠯᠢ ᠶᠢᠨ ᠳ᠋ᠧᠩ᠂   ᠤᠢ ᠮᠤᠳᠤ ᠵᠡᠷᠭᠡ ᠲᠦᠬᠦᠭᠡᠷᠦᠮᠵᠢ ᠶᠢ  ᠪᠦᠷᠢᠨᠰᠢᠬᠦᠯᠦᠭᠰᠡᠨ ᠪᠦᠬᠡᠳ  ᠵᠠᠩ ᠦᠢᠯᠡ  ᠎ ᠶᠢᠨ ᠤᠷᠳᠤᠨ᠂  ᠤᠮᠪᠠᠯᠳᠠ ᠶᠢᠨ ᠤᠷᠳᠤᠨ᠂ ᠤᠯᠠᠨ ᠴᠢᠳᠠᠮᠵᠢᠳᠤ  ᠦᠢᠯᠡᠴᠢᠯᠡᠬᠡᠨ ᠤ ᠲᠦᠪ᠂   ᠬᠡᠦᠬᠡᠳ ᠤᠨ ᠲᠤᠭᠯᠠᠭᠠᠮ ᠤᠨ ᠭᠠᠵᠠᠷ ᠵᠡᠷᠭᠡ ᠶᠢ ᠪᠠᠶᠢᠭᠤᠯᠵᠤ ᠪᠠᠶᠢᠨ᠎ᠠ᠃     ᠵᠠᠩ ᠦᠢᠯᠡ  ᠎ ᠶᠢᠨ ᠤᠷᠳᠤᠨ  ᠎ ᠤ ᠪᠠᠷᠢᠯᠭ᠎ᠠ ᠨᠢᠬᠡᠨᠳᠡ ᠲᠠᠭᠤᠰᠤᠭᠠᠳ  ᠂  ᠤᠳᠤ  228 ᠲᠦᠮᠡᠨ ᠲᠦᠬᠦᠷᠢᠭ ᠤᠨ ᠪᠡᠯᠡ  ᠤᠷᠤᠭᠤᠯᠤᠨ᠂   ᠲᠤᠳᠤᠷᠠᠬᠢ ᠬᠤᠪᠢᠶᠠᠷᠢ ᠤᠷᠳᠤᠨ ᠪᠠ ᠵᠦᠴᠦᠭᠡ ᠶᠢᠨ ᠲᠠᠶᠢᠰᠠ ᠵᠡᠷᠭᠡ ᠎ ᠶᠢ  ᠵᠠᠰᠠᠨ ᠴᠢᠮᠡᠭᠯᠡᠵᠦ  ᠂ ᠤᠮᠪᠠᠯᠳᠠ ᠶᠢᠨ ᠤᠷᠳᠤᠨ ᠳᠤ 1500 ᠲᠦᠮᠡᠨ ᠲᠦᠬᠦᠷᠢᠭ ᠤᠨ ᠪᠡᠯᠡ  ᠤᠷᠤᠭᠤᠯᠵᠤ᠂   ᠤᠮᠪᠠᠯᠳᠠ ᠶᠢᠨ  ᠭᠠᠵᠠᠷ᠂   ᠬᠡᠦᠬᠡᠳ ᠤᠨ ᠲᠤᠭᠯᠠᠭᠠᠮ ᠤᠨ ᠤᠷᠤᠨ᠂ ᠰᠤᠪᠢᠯᠠᠯᠳᠠ ᠶᠢᠨ ᠤᠩᠭᠤᠴᠠ᠂ ᠪᠡᠶ᠎ᠡ ᠪᠤᠯᠪᠠᠰᠤᠷᠠᠬᠤ ᠦᠷᠦᠭᠡ ᠵᠢᠴᠢ ᠪᠤᠰᠤᠳ ᠪᠠᠷᠢᠯᠭ᠎ᠠ ᠲᠦᠬᠦᠭᠡᠷᠦᠮᠵᠢ ᠶᠢ ᠢᠵᠢ ᠪᠦᠷᠢᠳᠦᠬᠦᠯᠦᠨ ᠪᠠᠶᠢᠭᠤᠯᠵᠤ  ᠂ ᠤᠯᠠᠨ ᠴᠢᠳᠠᠮᠵᠢᠳᠤ  ᠦᠢᠯᠡᠴᠢᠯᠡᠬᠡᠨ ᠤ ᠲᠦᠪ  ᠎ ᠲᠤ 480 ᠲᠦᠮᠡᠨ ᠲᠦᠬᠦᠷᠢᠭ ᠤᠨ ᠪᠡᠯᠡ  ᠤᠷᠤᠭᠤᠯᠤᠨ᠂ ᠬᠦᠨᠳᠦᠳᠦ ᠵᠤᠴᠢᠳ ᠤᠨ  ᠦᠷᠦᠭᠡ᠂   ᠬᠤᠭᠤᠯᠠᠨ  ᠲᠢᠩᠬᠢᠮ᠂   ᠠᠮᠠᠷᠠᠬᠤ ᠭᠡᠷ᠂   ᠲᠤᠭᠯᠠᠯᠳᠠ ᠶᠢᠨ ᠭᠠᠵᠠᠷ ᠵᠡᠷᠭᠡ  ᠎ ᠶᠢ ᠪᠠᠶᠢᠭᠤᠯᠵᠤ᠂  ᠪᠠᠷᠠᠭᠤᠨ ᠠᠭᠤᠯᠠᠨ ᠤ  ᠬᠡᠦᠬᠡᠳ ᠤᠨ ᠲᠤᠭᠯᠠᠭᠠᠮ ᠤᠨ ᠭᠠᠵᠠᠷ ᠲᠤ  290 ᠲᠦᠮᠡᠨ ᠲᠦᠬᠦᠷᠢᠭ ᠤᠨ ᠪᠡᠯᠡ  ᠤᠷᠤᠭᠤᠯᠤᠨ᠂  40 ᠭᠠᠷᠤᠢ ᠮᠤ᠋ ᠲᠠᠯᠠᠪᠠᠢ  ᠪᠦᠬᠦᠢ ᠤᠢ ᠮᠤᠳᠤ ᠨᠠᠭᠤᠷ ᠭᠤᠤᠯ  ᠎ ᠲᠠᠢ ᠲᠤᠭᠯᠠᠭᠠᠮ ᠤᠨ ᠲᠠᠯᠠᠪᠠᠢ ᠶᠢ ᠪᠠᠶᠢᠭᠤᠯᠵᠤ ᠪᠠᠶᠢᠨ᠎ᠠ᠃        ᠡᠬᠦᠨ ᠤ ᠬᠠᠮᠳᠤ᠂  ᠲᠠᠶᠢᠹᠤᠰᠧ ᠬᠤᠰᠢᠭᠤᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ  ᠎ ᠢ ᠪᠢᠶᠠᠨ ᠴᠢᠶᠠᠩ ᠲᠤᠰᠬᠤᠨ ᠤ ᠵᠠᠬ᠎ᠠ ᠳᠤ ᠪᠠᠶᠢᠭᠤᠯᠵᠤ᠂   ᠳ᠋ᠧᠩ ᠴᠢᠩ ᠶᠤᠸᠠᠨ ᠠᠯᠳᠠᠨ ᠲᠠᠬᠢᠶᠠᠨ ᠎ ᠤ ᠠᠵᠤ ᠦᠢᠯᠡᠰ᠂ ᠴᠠᠩ ᠱᠧᠩ ᠨᠠᠷᠠᠨ ᠤ ᠡᠨᠧᠷᠬᠢ ᠶᠢᠨ ᠠᠵᠤ ᠦᠢᠯᠡᠰ ᠵᠢᠴᠢ ᠪᠢᠶᠠᠨ ᠴᠢᠶᠠᠩ ᠲᠤᠰᠬᠤᠨ ᠤ  ᠵᠢᠭᠤᠯᠴᠢᠯᠠᠯ ᠤᠨ ᠦᠢᠯᠡᠰ ᠵᠡᠷᠭᠡ ᠲᠦᠷᠦᠯ ᠵᠦᠢᠯ ᠳᠤ ᠲᠦᠰᠢᠭᠯᠡᠨ᠂  ᠪᠢᠶᠠᠨ ᠴᠢᠶᠠᠩ ᠲᠤᠰᠬᠤᠨ ᠢᠶᠠᠷ ᠲᠦᠪ ᠪᠤᠯᠭᠠᠵᠤ᠂ ᠬᠠᠵᠠᠭᠤ ᠬᠠᠪᠢ ᠶᠢᠨ  2 ᠲᠦᠮᠡᠨ ᠮᠤ᠋ ᠤᠰᠤᠯᠠᠯᠳᠠ ᠶᠢᠨ ᠲᠠᠷᠢᠶ᠎ᠠ ᠪᠠ  5 ᠲᠦᠮᠡᠨ ᠮᠤ᠋ ᠬᠠᠭᠤᠷᠠᠢ ᠲᠠᠷᠢᠶ᠎ᠠ ᠶᠢ ᠬᠠᠮᠤᠷᠤᠭᠤᠯᠤᠨ᠂  ᠲᠠᠷᠢᠶᠠᠯᠠᠩ  ᠎ ᠢᠶᠠᠷ ᠭᠤᠤᠯᠯᠠᠵᠤ  ᠨᠢᠬᠡ ᠬᠤᠶᠠᠷ ᠭᠤᠷᠪᠠᠳᠤᠭᠠᠷ ᠠᠵᠤ ᠦᠢᠯᠡᠰ  ᠠᠭᠤᠰᠤᠯᠴᠠᠨ ᠬᠦᠭᠵᠢᠭᠰᠡᠨ ᠤᠨᠴᠠᠯᠢᠭᠳᠤ ᠠᠵᠤ ᠦᠢᠯᠡᠰ ᠤᠨ ᠬᠦᠷᠢᠶᠡᠯᠡᠩ ᠢ  ᠪᠠᠶᠢᠭᠤᠯᠬᠤ ᠪᠠᠷ ᠪᠠᠶᠢᠨ᠎ᠠ᠃   ᠵᠢᠱᠢᠯᠳᠡ ᠪᠠᠷ᠂ ᠡᠨᠡ  ᠬᠦ᠋ ᠲᠦᠷᠦᠯ ᠵᠦᠢᠯ ᠪᠡᠶᠡᠯᠡᠭᠳᠡᠭᠰᠡᠨ ᠤ ᠲᠠᠷᠠᠭ᠎ᠠ᠂ 5 —10 ᠵᠢᠯ ᠤᠨ ᠲᠤᠳᠤᠷ᠎ᠠ  8  ᠳ᠋ᠦᠩᠰᠢᠭᠤᠷ ᠲᠦᠬᠦᠷᠢᠭ ᠤᠷᠴᠢᠮ  ᠦᠢᠯᠡᠳᠪᠦᠷᠢᠯᠡᠯ ᠤᠨ ᠦᠷᠳᠡᠭ  ᠎ ᠢ ᠪᠡᠶᠡᠯᠡᠬᠦᠯᠬᠦ  ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号