ᠲᠠᠶᠢᠹᠤᠰᠧ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ 2020 ᠤᠨ ᠤ 1 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-13
     3 ᠰᠠᠷ᠎ᠠ ᠶᠢᠨ 11᠎ ᠤ ᠡᠳᠦᠷ᠂  ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂   ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠷᠤᠬᠦᠦ ᠪᠦᠬᠦ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ  ᠎ ᠤᠨ 2020 ᠤᠨ ᠤ 1 ᠳ᠋ᠤᠭᠡᠷ ᠤᠳᠠᠭᠠᠨ ᠤ ᠬᠤᠷᠠᠯ  ᠎ ᠢ ᠡᠷᠬᠢᠯᠡᠨ ᠬᠤᠷᠠᠯᠳᠤᠭᠤᠯᠪᠠ᠃  ᠬᠤᠰᠢᠭᠤᠨ ᠤ ᠤᠳᠤᠷᠢᠳᠤᠯᠭ᠎ᠠ ᠬᠤ᠋ ᠴᠧᠩ ᠳ᠋ᠦᠩ᠂  ᠴᠢᠶᠤᠤ ᠵᠢᠶᠠᠨ ᠴᠢᠶᠠᠩ᠂ ᠵᠸᠦ ᠫᠸᠢ ᠯᠦᠩ᠂  ᠸᠠᠩ ᠸᠧᠢ ᠬᠤᠩ᠂  ᠯᠢ ᠴᠦᠨ ᠭᠤᠸᠠᠩ᠂  ᠯᠢ ᠵᠠᠨ ᠪᠤᠤ ᠨᠠᠷ ᠬᠤᠷᠠᠯ ᠳᠤ ᠤᠷᠤᠯᠴᠠᠵᠠᠢ᠃       ᠪᠤᠷᠤᠬᠦᠦ ᠬᠤᠷᠠᠯ ᠲᠡᠭᠡᠷ᠎ᠡ ᠱᠠᠭᠠᠷᠳᠠᠬᠤ ᠳᠠᠭᠠᠨ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠢᠳᠡᠭᠡᠯ ᠵᠤᠷᠢᠭ ᠢᠶᠠᠨ ᠤᠯᠠᠮ ᠨᠢᠬᠡ ᠠᠯᠬᠤᠮ  ᠪᠠᠳᠤᠳᠬᠠᠬᠤ ᠭᠡᠷᠡᠭᠳᠡᠢ᠃  ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ᠂  ᠢᠯᠠᠩᠭᠤᠶ᠎ᠠ ᠡᠯ᠎ᠡ ᠱᠠᠳᠤᠨ ᠤ ᠤᠳᠤᠷᠢᠳᠬᠤ ᠺᠠᠳᠠᠷ  ᠨᠠᠷ ᠡᠷᠭᠡᠪᠰᠢ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂  ︽ᠲᠦᠷᠪᠡᠨ ᠢᠳᠡᠭᠡᠯ︾᠎ ᠢ ᠪᠠᠳᠤᠳᠬᠠᠨ᠂  ︽ ᠬᠤᠶᠠᠷ ᠢ ᠡᠷᠡᠰ ᠬᠠᠮᠠᠭᠠᠯᠠᠬᠤ︾᠎ ᠶᠢ ᠪᠡᠶᠡᠯᠡᠬᠦᠯᠵᠦ᠂  ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ  ᠦᠬᠦᠯᠡᠯᠳᠡ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂  ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠠᠵᠢᠯ ᠤᠨ ᠡᠬᠦᠷᠭᠡ ᠬᠠᠷᠠᠯᠳᠠ ᠶᠢ ᠪᠡᠶᠡᠯᠡᠬᠦᠯᠦᠭᠰᠡᠨ ᠪᠠᠶᠢᠳᠠᠯ ᠢᠶᠠᠨ ᠨᠠᠷᠢᠨ ᠨᠢᠮᠪᠠᠢ ᠡᠮᠬᠢᠯᠡᠨ ᠳ᠋ᠦᠩᠨᠡᠵᠦ᠂ ᠬᠢᠵᠢᠭ  ᠎ ᠠᠴᠠ ᠪᠤᠯᠤᠭᠰᠠᠨ ᠨᠦᠯᠦᠬᠡ ᠶᠢ ᠪᠤᠰᠤᠳᠴᠢ ᠪᠠᠷ ᠵᠠᠳᠠᠯᠤᠨ᠂ ᠡᠷᠴᠢᠮ ᠪᠦᠳᠦᠮᠵᠢ ᠲᠠᠢ ᠠᠵᠢᠯ ᠤᠨ ᠠᠷᠭ᠎ᠠ ᠬᠡᠮᠵᠢᠶ᠎ᠡ ᠠᠪᠴᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠳᠠ  ᠎ ᠶᠢ ᠡᠷᠡᠰ ᠲᠡᠮᠡᠴᠡᠨ ᠤᠯᠬᠤ ᠭᠡᠷᠡᠭᠳᠡᠢ  ᠭᠡᠵᠡᠢ᠃    ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ ᠴᠢᠬᠤᠯᠠᠴᠢᠯᠠᠬᠤ ᠎ ᠳᠠᠭᠠᠨ᠂ ᠠᠵᠤ ᠦᠢᠯᠡᠰ ᠤᠨ ᠬᠦᠭᠵᠢᠯᠳᠡ ᠪᠠᠷ  ᠶᠠᠳᠠᠭᠤ ᠠᠴᠠ ᠠᠩᠬᠢᠵᠢᠷᠠᠭᠤᠯᠬᠤ  ᠦᠷ᠎ᠡ ᠪᠦᠳᠦᠮᠵᠢ ᠶᠢ ᠪᠠᠳᠤᠳᠬᠠᠬᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠦᠨᠳᠦᠰᠦᠨ ᠪᠤᠳᠤᠯᠭ᠎ᠠ ᠪᠤᠯᠭᠠᠵᠤ᠂  ᠵᠠᠬ᠎ᠠ ᠲᠡᠯᠬᠡᠬᠦᠷ ᠤᠨ ᠠᠵᠤ ᠠᠬᠤᠢ ᠶᠢᠨ ᠬᠠᠨᠳᠤᠰᠢ ᠪᠠ ᠬᠦᠳᠡᠭᠡ ᠲᠤᠰᠬᠤᠨ ᠤ ᠡᠬᠢ ᠪᠠᠶᠠᠯᠢᠭ ᠤᠨ ᠲᠠᠪᠠᠭᠤᠯᠢᠭ ᠎ ᠲᠠᠢ ᠤᠶᠠᠯᠳᠤᠭᠤᠯᠤᠨ᠂  ᠮᠠᠨ ᠤ  ᠬᠤᠰᠢᠭᠤ᠂ ᠲᠡᠷᠡᠴᠢᠯᠡᠨ ᠮᠠᠨ ᠤ ᠠᠶᠢᠮᠠᠭ ᠤᠨ ᠢᠶᠠᠨ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠵᠦ᠂    ᠤᠷᠤᠨ  ᠨᠤᠳᠤᠭ ᠲᠠᠭᠠᠨ ᠲᠤᠬᠢᠷᠠᠭᠰᠠᠨ ᠤᠨᠴᠠᠯᠢᠭᠳᠤ ᠲᠠᠪᠠᠭᠤᠯᠢᠭ ᠠᠵᠤ ᠦᠢᠯᠡᠰ ᠢ  ᠬᠦᠭᠵᠢᠬᠦᠯᠵᠦ᠂ ᠠᠷᠠᠳ ᠢᠷᠭᠡᠳ ᠤᠨ ᠠᠰᠢᠭ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ  ᠦᠷᠭᠡᠳᠭᠡᠨ ᠨᠡᠬᠡᠬᠡᠬᠦ ᠭᠡᠷᠡᠭᠳᠡᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠦᠨᠳᠦᠷᠴᠡ ᠲᠡᠭᠡᠷ᠎ᠡ  ᠎ ᠠᠴᠠ ᠠᠵᠤ ᠦᠢᠯᠡᠰ ᠢ ᠲᠦᠯᠦᠪᠯᠡᠨ᠂ ᠬᠦᠭᠵᠢᠯᠳᠡ ᠶᠢᠨ ᠬᠡᠯᠪᠡᠷᠢ  ᠎ ᠶᠢᠨ ᠰᠢᠨ᠎ᠡ ᠶᠢ ᠡᠬᠦᠳᠴᠦ᠂  ᠠᠵᠤ ᠦᠢᠯᠡᠰ ᠤᠨ ᠭᠡᠪᠴᠢᠶ᠎ᠡ ᠶᠢ ᠪᠤᠵᠠᠭᠠᠶᠢᠷᠠᠭᠤᠯᠤᠨ᠂  ᠬᠠᠮᠳᠤ ᠶᠢᠨ ᠤᠷᠤᠯᠭ᠎ᠠ ᠶᠢ ᠨᠡᠮᠡᠭᠳᠡᠬᠦᠯᠵᠦ᠂  ᠢᠯᠠᠩᠭᠤᠶ᠎ᠠ ᠭᠤᠤᠯᠳᠠᠯᠭ᠎ᠠ ᠲᠠᠢ ᠪᠤᠰᠤ ᠭᠠᠴᠠᠭ᠎ᠠ ᠲᠤᠰᠬᠤᠨ ᠤ ᠬᠠᠮᠳᠤ ᠶᠢᠨ ᠤᠷᠤᠯᠭ᠎ᠠ ᠶᠢ ᠨᠡᠮᠡᠭᠳᠡᠬᠦᠯᠦᠨ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠡ  ᠠᠮᠵᠢᠯᠳᠠ ᠶᠢ ᠤᠯᠠᠮ ᠪᠠᠳᠤᠳᠬᠠᠵᠤ᠂  ᠬᠦᠳᠡᠭᠡ ᠲᠤᠰᠬᠤᠨ ᠤ ᠬᠦᠭᠵᠢᠯ ᠮᠠᠨᠳᠤᠯ ᠳᠤ ᠬᠦᠴᠦᠨ ᠨᠡᠮᠡᠷᠢᠯᠡᠬᠦ ᠭᠡᠷᠡᠭᠳᠡᠢ ᠭᠡᠪᠡ᠃     ᠬᠤᠷᠠᠯ ᠲᠡᠭᠡᠷ᠎ᠡ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ  ᠶᠠᠷᠢᠶ᠎ᠠ  ᠎ ᠨᠤᠭᠤᠳ  ᠎ ᠤᠨ ᠵᠤᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠵᠤ᠂ ᠲᠦᠪ ᠬᠤᠷᠢᠶᠠᠨ ᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ︽ᠡᠷᠬᠢᠨ ᠬᠠᠷᠠᠬᠤ︾᠎ ᠳᠤ ᠲᠤᠰᠬᠠᠭᠰᠠᠨ ᠠᠰᠠᠭᠤᠳᠠᠯ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠴᠠᠭᠠᠯᠳᠠ ᠎ ᠳᠤ ᠢᠯᠡᠷᠡᠭᠰᠡᠨ ᠠᠰᠠᠭᠤᠳᠠᠯ᠂ ᠭᠤᠷᠪᠠᠳᠠᠬᠢ ᠡᠳᠡᠭᠡᠳ ᠤᠨ ᠪᠠᠶᠢᠴᠠᠭᠠᠨ ᠦᠨᠡᠯᠡᠯᠳᠡ ᠳᠤ ᠲᠤᠰᠬᠠᠭᠰᠠᠨ ᠠᠰᠠᠭᠤᠳᠠᠯ ᠎ ᠤᠨ ᠵᠢᠬᠰᠠᠭᠠᠯᠳᠠ ᠵᠢᠴᠢ ᠤᠷᠤᠨ᠂ ᠠᠶᠢᠮᠠᠭ ᠤᠨ  ᠬᠢᠨᠠᠨ ᠰᠢᠯᠭᠠᠬᠤ ᠠᠵᠢᠯ ᠤᠨ ᠲᠦᠰᠦᠪ ᠢ ᠨᠡᠶᠢᠳᠡᠯᠡᠵᠡᠢ᠃    ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠴᠢᠶᠤᠤ ᠵᠢᠶᠠᠨ ᠴᠢᠶᠠᠩ ᠶᠠᠳᠠᠭᠤ ᠶᠢ ᠳᠡᠳᠬᠦᠬᠦ ᠦᠢᠯᠡᠳᠪᠦᠷᠢ ᠎ ᠶᠢᠨ ᠲᠠᠰᠤᠭ ᠤᠨ ᠪᠦᠳᠦᠬᠡᠨ ᠪᠠᠶᠢᠭᠤᠯᠤᠯᠳᠠ᠂ ᠬᠠᠮᠢᠶᠠᠷᠤᠯᠳᠠ ᠪᠠ ᠠᠰᠢᠭᠯᠠᠯᠳᠠ᠂ ᠲᠡᠭᠡᠳᠦ ᠱᠠᠳᠤᠨ ᠤ ᠪᠠᠶᠢᠴᠠᠭᠠᠯᠳᠠ  ᠎ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂  ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠤᠯᠳᠠ  ᠵᠢᠴᠢ ᠤᠶᠢᠷ᠎ᠠ ᠶᠢᠨ ᠬᠤᠭᠤᠴᠠᠭᠠᠨ ᠤ ᠶᠠᠳᠠᠭᠤ ᠶᠢ ᠳᠡᠳᠬᠦᠬᠦ  ᠠᠵᠢᠯ ᠡᠬᠦᠷᠭᠡ ᠳᠤ    ᠪᠤᠳᠠᠳᠠᠢ ᠪᠠᠶᠢᠷᠢᠯᠠᠭᠤᠯᠤᠯᠳᠠ ᠬᠢᠵᠦ᠂  ᠶᠠᠳᠠᠭᠤ ᠶᠢ ᠳᠡᠳᠬᠦᠬᠦ ᠠᠯᠪᠠᠨ ᠭᠡᠷ ᠠᠴᠠ 2020 ᠤᠨ ᠤ ᠶᠠᠳᠠᠭᠤ ᠶᠢ ᠳᠡᠳᠬᠦᠬᠦ ᠲᠦᠷᠦᠯ ᠵᠦᠢᠯ ᠤᠨ ᠲᠤᠬᠢᠷᠠᠭᠤᠯᠤᠯᠳᠠ ᠪᠠ ᠪᠡᠯᠡ ᠮᠦᠩᠬᠦᠨ ᠤ ᠭᠡᠷᠡᠭᠯᠡᠯᠳᠡ ᠶᠢᠨ ᠲᠦᠯᠦᠪᠯᠡᠭᠡ  ᠂ 2020 ᠤᠨ ᠤ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠠᠵᠢᠯ ᠤᠨ ᠲᠦᠯᠦᠪᠯᠡᠬᠡᠨ ᠤ ᠲᠤᠬᠠᠢ ᠬᠠᠷᠢᠭᠤ ᠮᠡᠳᠡᠬᠦᠯᠦᠯᠳᠡ ᠬᠢᠭᠰᠡᠨ ᠪᠠᠶᠢᠨ᠎ᠠ᠃     ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ  ᠎ ᠤᠨ ᠲᠠᠷᠤᠭ᠎ᠠ᠂ ᠲᠡᠳ᠋ ᠲᠠᠷᠤᠭ᠎ᠠ  ᠪᠤᠯᠤᠨ ᠭᠡᠰᠢᠬᠦᠨ ᠨᠢᠬᠡᠴᠡ ᠶᠢᠨ ᠭᠤᠤᠯ ᠬᠠᠷᠢᠭᠤᠴᠠᠯᠭᠠᠳᠠᠳ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠵᠢᠴᠢ  ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠎ ᠤᠨ ᠤᠳᠤᠷᠢᠳᠬᠤ ᠪᠠᠭ ᠤᠨ ᠭᠡᠰᠢᠬᠦᠳ ᠲᠤᠰ ᠬᠤᠷᠠᠯ ᠳᠤ ᠤᠷᠤᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号