ᠶᠢᠰᠦᠳᠦᠬᠡᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/3/13
            ᠶᠢᠰᠦᠳᠦᠬᠡᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠯᠪᠠᠨ ᠵᠠᠷᠯᠠᠯ         ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ  ᠎ ᠳᠠᠬᠢ ᠬᠢᠨᠠᠯᠳᠠ ᠲᠠᠯᠪᠢᠬᠤ ᠲᠦᠷᠢᠮ ︾᠂  ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾  ᠎ ᠤᠨ ᠲᠤᠭᠳᠠᠭᠠᠯ ᠢ ᠦᠨᠳᠦᠰᠦᠯᠡᠵᠦ᠂   ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠨᠢᠬᠡᠳᠦᠯᠳᠡᠢ ᠪᠠᠶᠢᠷᠢᠯᠠᠠᠭᠤᠯᠤᠯᠳᠠ ᠶᠤᠰᠤᠭᠠᠷ᠂   2020 ᠤᠨ ᠤ 3 ᠰᠠᠷ᠎ᠠ ᠶᠢᠨ 5᠎ ᠤ ᠡᠳᠦᠷ ᠠᠴᠠ 4 ᠰᠠᠷ᠎ᠠ ᠶᠢᠨ 20᠎ ᠤ ᠡᠳᠦᠷ ᠬᠦᠷᠳᠡᠯ᠎ᠡ᠂ ᠬᠤᠰᠢᠭᠤ ᠨᠠᠮ ᠤᠨ ᠬᠤᠷᠢᠶᠠᠨ ᠤ  ᠨᠢᠬᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ  ᠎ ᠠᠴᠠ ᠬᠤᠰᠢᠭᠤᠨ ᠤ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ  ᠲᠤᠪᠴᠢᠶᠠᠨ ᠤ ᠨᠠᠮ ᠤᠨ ᠵᠤᠬᠢᠶᠠᠨ ᠪᠠᠶᠢᠭᠤᠯᠤᠯᠳᠠ᠂  ᠬᠠᠮ ᠵᠠᠭᠤᠴᠢᠯᠠᠭᠤᠷ ᠤᠨ ᠲᠦᠪ ᠤᠨ ᠨᠠᠮ ᠎ ᠤᠨ ᠵᠤᠬᠢᠶᠠᠨ ᠪᠠᠶᠢᠭᠤᠯᠤᠯᠳᠠ ᠳᠤ᠂  ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ  ᠎ ᠠᠴᠠ ᠡᠳ᠋ ᠤᠨ ᠵᠠᠰᠠᠭ ᠎ ᠤᠨ ᠲᠤᠪᠴᠢᠶᠠᠨ ᠤ ᠨᠠᠮ ᠤᠨ ᠵᠤᠬᠢᠶᠠᠨ ᠪᠠᠶᠢᠭᠤᠯᠤᠯᠳᠠ᠂  ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ︵ᠲᠦᠭᠡᠭᠡᠯ ᠤᠰᠤᠨ ᠤ ᠺᠤᠮᠫᠠᠨᠢ︶᠎ ᠤ ᠨᠠᠮ ᠤᠨ ᠵᠤᠬᠢᠶᠠᠨ ᠪᠠᠶᠢᠭᠤᠯᠤᠯᠳᠠ ᠳᠤ᠂  ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ  ᠎ ᠠᠴᠠ   ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠨᠠᠮ ᠤᠨ ᠵᠤᠬᠢᠶᠠᠨ ᠪᠠᠶᠢᠭᠤᠯᠤᠯᠳᠠ᠂  ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ︵ᠰᠢᠭᠤᠳ ᠬᠠᠷᠢᠶ᠎ᠠ ᠬᠦᠮᠦᠷᠭᠡ︶  ᠎ ᠤᠨ ᠨᠠᠮ ᠤᠨ ᠵᠤᠬᠢᠶᠠᠨ ᠪᠠᠶᠢᠭᠤᠯᠤᠯᠳᠠ ᠳᠤ  ᠬᠡᠪ ᠶᠤᠰᠤᠨ ᠤ  ᠲᠤᠭᠤᠷᠢᠨ ᠪᠠᠶᠢᠴᠠᠭᠠᠯᠳᠠ ᠬᠢᠬᠦ ᠪᠠᠷ ᠪᠤᠯᠪᠠ᠃        ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠲᠤᠭᠤᠶᠢᠯᠠᠩ ᠨᠢ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ  ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂  ︽ᠲᠦᠷᠪᠡᠨ ᠨᠠᠶᠢᠳᠠᠪᠤᠷᠢᠵᠢᠭᠤᠯᠤᠯᠳᠠ︾᠎ ᠪᠠᠷ ᠤᠯᠤᠰ ᠲᠦᠷᠦ ᠶᠢᠨ ᠵᠢᠱᠢᠭ  ᠪᠠᠷᠢᠮᠵᠢᠶ᠎ᠠ ᠪᠤᠯᠭᠠᠵᠤ᠂ ᠲᠤᠭᠤᠷᠢᠨ ᠪᠠᠶᠢᠴᠠᠭᠠᠯᠳᠠ ᠶᠢᠨ ᠪᠠᠶᠢᠷᠢ ᠲᠤᠭᠳᠠᠭᠠᠯᠳᠠ ᠶᠢ ᠪᠠᠳᠤ ᠡᠵᠡᠮᠳᠡᠨ᠂  ᠠᠰᠠᠭᠤᠳᠠᠯ ᠤᠨ ᠵᠢᠯᠤᠭᠤᠳᠤᠮᠵᠢ ᠶᠢ  ᠲᠤᠪᠤᠶᠢᠯᠭᠠᠵᠤ᠂  ᠵᠠᠩᠭᠢᠯᠠᠭ᠎ᠠ ᠶᠢᠨ ᠴᠦᠬᠡᠨ ᠲᠤᠭ᠎ᠠ ᠲᠡᠭᠡᠷ᠎ᠡ ᠠᠩᠬᠠᠷᠤᠯ ᠲᠠᠯᠪᠢᠨ᠂  ᠤᠯᠤᠰ ᠲᠦᠷᠦ ᠶᠢᠨ ᠵᠦᠷᠢᠶ᠎ᠡ ᠪᠤᠷᠤᠭᠤ ᠶᠢ ᠡᠷᠢᠵᠦ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ  ᠬᠢᠭᠡᠳ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ  ᠨᠠᠶᠢᠳᠠᠪᠤᠷᠢᠵᠢᠭᠤᠯᠤᠭᠰᠠᠨ ᠪᠠᠶᠢᠳᠠᠯ᠂  ᠤᠯᠠᠨ ᠲᠦᠮᠡᠨ ᠤ ᠲᠡᠷᠭᠡᠳᠡᠬᠢ  ᠢᠯᠡᠵᠡᠷᠡᠯ ᠤᠨ ᠠᠰᠠᠭᠤᠳᠠᠯ ᠪᠠ ᠲᠦᠪ ᠪᠤᠰᠤ ᠰᠤᠷᠳᠠᠯ ᠤᠨ ᠪᠠᠶᠢᠳᠠᠯ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠤᠯᠠ ᠵᠠᠳᠠᠭᠠᠢ᠂ ᠵᠤᠬᠢᠶᠠᠨ ᠪᠠᠶᠢᠭᠤᠯᠬᠤ ᠬᠦᠴᠦᠨ  ᠲᠤᠷᠤᠢ ᠪᠠᠭᠤᠷᠠᠢ ᠪᠠᠶᠢᠳᠠᠯ ᠳᠤ ᠠᠩᠬᠠᠷᠤᠯ ᠢᠶᠠᠨ  ᠲᠦᠪᠯᠡᠷᠡᠬᠦᠯᠵᠦ᠂  ᠨᠠᠮ ᠤᠨ ᠤᠳᠤᠷᠢᠳᠤᠯᠭ᠎ᠠ ᠰᠤᠯᠠᠷᠠᠭᠰᠠᠨ᠂ ᠨᠠᠮ ᠤᠨ ᠪᠠᠶᠢᠭᠤᠯᠤᠯᠳᠠ ᠠᠯᠳᠠᠭᠳᠠᠭᠰᠠᠨ᠂  ᠨᠠᠮ ᠢ ᠴᠢᠩᠭ᠎ᠠ ᠵᠠᠰᠠᠬᠤ ᠨᠢ ᠡᠷᠴᠢᠮ ᠦᠬᠡᠢ ᠵᠡᠷᠭᠡ ᠲᠠᠯ᠎ᠠ ᠶᠢᠨ ᠠᠰᠠᠭᠤᠳᠠᠯ ᠢ  ᠬᠦᠴᠦ ᠲᠠᠯᠪᠢᠨ ᠢᠯᠡᠷᠡᠬᠦᠯᠦᠨ᠎ᠡ᠃ ᠲᠤᠭᠤᠷᠢᠨ ᠪᠠᠶᠢᠴᠠᠭᠠᠬᠤ ᠬᠤᠭᠤᠴᠠᠭᠠᠨ ᠳᠤ᠂  ᠲᠡᠭᠡᠷ᠎ᠡ ᠲᠤᠷᠠᠳᠤᠭᠰᠠᠨ ᠪᠠᠶᠢᠭᠤᠯᠭ᠎ᠠ ᠨᠢᠬᠡᠴᠡ ᠶᠢᠨ ᠨᠠᠮ ‍ᠤᠨ‌ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠭ  ᠪᠠ ᠲᠡᠬᠦᠨ ᠤ ᠭᠡᠰᠢᠬᠦᠳ ᠵᠢᠴᠢ ᠲᠤᠤᠷᠠᠳᠤ ᠱᠠᠳᠤᠨ ᠤ ᠬᠢᠨᠢ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ  ᠠᠵᠢᠯ ᠤᠨ ᠪᠠᠶᠢᠷᠢ ᠲᠡᠭᠡᠷᠡᠬᠢ ᠤᠳᠤᠷᠢᠳᠬᠤ ᠺᠠᠳᠠᠷ ᠎ ᠤᠨ ᠲᠤᠭᠤᠷᠢᠨ ᠪᠠᠶᠢᠴᠠᠭᠠᠯᠳᠠ ᠶᠢᠨ ᠭᠤᠤᠯᠳᠠᠯᠭ᠎ᠠ ᠲᠠᠢ ᠠᠭᠤᠯᠭ᠎ᠠ  ᠎ ᠳᠤ ᠬᠤᠯᠪᠤᠭᠳᠠᠭᠰᠠᠨ ᠠᠰᠠᠭᠤᠳᠠᠯ ᠤᠨ ᠲᠤᠬᠠᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ  ᠰᠢᠢᠳᠪᠦᠷᠢᠯᠡᠨ᠎ᠡ᠃ ᠭᠤᠤᠯᠳᠠᠭᠤ ᠤᠯᠤᠰ ᠲᠦᠷᠦ ᠶᠢᠨ ᠰᠠᠬᠢᠯᠭ᠎ᠠ ᠲᠦᠷᠢᠮ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ  ᠲᠦᠷᠢᠮ᠂ ᠠᠷᠢᠭᠤᠨ ᠴᠢᠭᠡᠴᠢ ᠶᠢᠨ ᠰᠠᠬᠢᠯᠭ᠎ᠠ  ᠲᠦᠷᠢᠮ᠂ ᠤᠯᠠᠨ ᠲᠦᠮᠡᠨᠴᠢ ᠰᠠᠬᠢᠯᠭ᠎ᠠ ᠲᠦᠷᠢᠮ᠂ ᠠᠵᠢᠯ ᠤᠨ ᠰᠠᠬᠢᠯᠭ᠎ᠠ  ᠲᠦᠷᠢᠮ᠂ ᠠᠮᠢᠳᠤᠷᠠᠯ ᠤᠨ ᠰᠠᠬᠢᠯᠭ᠎ᠠ  ᠲᠦᠷᠢᠮ ᠵᠡᠷᠭᠡ  ᠎ ᠶᠢ ᠵᠦᠷᠢᠴᠡᠭᠰᠡᠨ ᠠᠰᠠᠭᠤᠳᠠᠯ ᠢ ᠢᠯᠡᠴᠢᠯᠡᠨ ᠲᠤᠰᠬᠠᠨ᠎ᠠ᠃  ᠲᠤᠭᠤᠷᠢᠨ ᠪᠠᠶᠢᠴᠠᠭᠠᠯᠳᠠ ᠶᠢᠨ ᠠᠵᠢᠯ ᠲᠠᠢ ᠰᠢᠭᠤᠳ ᠬᠤᠯᠪᠤᠭᠳᠠᠬᠤ ᠦᠬᠡᠢ ᠬᠤᠪᠢ ᠬᠦᠮᠦᠨ ᠤ  ᠭᠤᠮᠤᠳᠠᠯ ᠲᠤᠭᠠᠴᠠᠯᠳᠠ᠂  ᠬᠠᠤᠯᠢ ᠴᠠᠭᠠᠵᠠ ᠳᠤ ᠬᠤᠯᠪᠤᠭᠳᠠᠭᠰᠠᠨ ᠵᠠᠷᠭᠤ ᠵᠠᠭᠠᠯᠳᠤᠯᠭ᠎ᠠ ᠶᠢᠨ ᠠᠰᠠᠭᠤᠳᠠᠯ ᠢ ᠬᠦᠯᠢᠶᠡᠨ ᠠᠪᠬᠤ ᠦᠬᠡᠢ  ᠂ ᠲᠤᠭᠤᠷᠢᠨ ᠪᠠᠶᠢᠴᠠᠭᠠᠯᠳᠠ ᠎ ᠶᠢᠨ ᠬᠦᠯᠢᠶᠡᠨ ᠠᠪᠴᠤ ᠰᠢᠢᠳᠪᠦᠷᠢᠯᠡᠬᠦ ᠭᠡᠪᠴᠢᠶᠡᠨ ᠳᠤ ᠬᠠᠷᠢᠶᠠᠯᠠᠭᠳᠠᠬᠤ ᠦᠬᠡᠢ  ᠠᠰᠠᠭᠤᠳᠠᠯ ᠢ ᠲᠤᠭᠳᠠᠭᠠᠯ ᠵᠠᠷᠴᠢᠮ  ᠶᠤᠰᠤᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠢᠶᠠᠨ ᠰᠢᠢᠳᠪᠦᠷᠢᠯᠡᠬᠦᠯᠦᠨ᠎ᠡ᠃    ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳᠠᠷ ᠤᠯᠠᠨ ᠲᠦᠮᠡᠨ ᠠᠴᠠ ᠦᠨᠡᠨ ᠪᠠᠶᠢᠳᠠᠯ ᠢ ᠪᠤᠳᠠᠳᠠᠢ ᠪᠠᠷ ᠲᠤᠰᠬᠠᠬᠤ ᠶᠢ ᠬᠦᠰᠡᠨ᠎ᠡ᠃      ᠨᠢᠬᠡᠳᠦᠭᠡᠷ ᠲᠤᠭᠤᠶᠢᠯᠠᠩ᠂ ᠬᠤᠶᠠᠳᠤᠭᠠᠷ ᠲᠤᠭᠤᠶᠢᠯᠠᠩ᠂ ᠭᠤᠷᠪᠠᠳᠤᠭᠠᠷ ᠲᠤᠭᠤᠶᠢᠯᠠᠩ ᠤᠨ ᠬᠦᠯᠢᠶᠡᠨ ᠠᠪᠬᠤ ᠭᠠᠵᠠᠷ ᠨᠢ ᠬᠤᠰᠢᠭᠤᠨ ᠤ ᠰᠠᠬᠢᠯᠭ᠎ᠠ ᠪᠠᠳᠤ  ᠪᠠᠶᠢᠴᠠᠭᠠᠬᠤ  ᠬᠤᠷᠢᠶᠠᠨ ᠤ  ᠠᠯᠪᠠᠨ ᠠᠰᠠᠷ ᠤᠨ ᠨᠢᠬᠡᠳᠦᠭᠡᠷ ᠲᠠᠪᠬᠤᠷᠭ᠎ᠠ᠃    ᠨᠢᠬᠡᠳᠦᠭᠡᠷ ᠲᠤᠭᠤᠶᠢᠯᠠᠩ  ᠎ ᠤᠨ ᠬᠦᠯᠢᠶᠡᠨ ᠠᠪᠬᠤ ᠴᠠᠭ᠄  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠤᠪᠴᠢᠶ᠎ᠠ 2020.3.5 —2020.3.15  ᠂  ᠬᠠᠮ ᠵᠠᠭᠤᠴᠢᠯᠠᠭᠤᠷ ᠤᠨ ᠲᠦᠪ 2020.3.16 —2020.3.31  ︵ᠦᠳᠡ ᠶᠢᠨ ᠡᠮᠦᠨ᠎ᠡ  9᠄ 00 — 12᠄ 00᠂ ᠦᠳᠡ ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠢᠮᠧᠯ᠄ tqxcz1@163.com᠂  ᠤᠳᠠᠰᠤ  ᠄ 18047900833  ᠂ ᠰᠢᠤᠳᠠᠨ ᠬᠠᠶ᠋ᠢᠭ᠄  027000       ᠬᠤᠶᠠᠳᠤᠭᠠᠷ ᠲᠤᠭᠤᠶᠢᠯᠠᠩ  ᠎ ᠤᠨ ᠬᠦᠯᠢᠶᠡᠨ ᠠᠪᠬᠤ ᠴᠠᠭ᠄  ᠡᠳ᠋ ᠤᠨ ᠵᠠᠰᠠᠭ ᠤᠨ ᠲᠤᠪᠴᠢᠶ᠎ᠠ 2020.3.5 —2020.3.25  ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ 2020.3.26 —2020.4.20  ︵ᠦᠳᠡ ᠶᠢᠨ ᠡᠮᠦᠨ᠎ᠡ  9᠄ 00 — 12᠄ 00᠂ ᠦᠳᠡ ᠎ ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠢᠮᠧᠯ᠄ tqxcz2@163.com  ᠂ ᠤᠳᠠᠰᠤ  ᠄ 18047961833  ᠂ ᠰᠢᠤᠳᠠᠨ ᠬᠠᠶ᠋ᠢᠭ᠄  027000       ᠭᠤᠷᠪᠠᠳᠤᠭᠠᠷ ᠲᠤᠭᠤᠶᠢᠯᠠᠩ  ᠎ ᠤᠨ ᠬᠦᠯᠢᠶᠡᠨ ᠠᠪᠬᠤ ᠴᠠᠭ᠄   ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ 2020.3.5 —2020.3.25  ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ  2020.3.26 —2020.4.20  ︵ᠦᠳᠡ ᠶᠢᠨ ᠡᠮᠦᠨ᠎ᠡ  9᠄ 00 — 12᠄ 00᠂ ᠦᠳᠡ ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠢᠮᠧᠯ᠄ tqxcz3@163.com᠂ ᠤᠳᠠᠰᠤ  ᠄ 15247970978  ᠂ ᠰᠢᠤᠳᠠᠨ ᠬᠠᠶ᠋ᠢᠭ᠄  027000        ᠰᠠᠨᠠᠯ ᠬᠤᠷᠢᠶᠠᠬᠤ ᠬᠠᠶᠢᠷᠴᠠᠭ ᠢ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ  ᠲᠤᠪᠴᠢᠶ᠎ᠠ᠂  ᠬᠠᠮ ᠵᠠᠭᠤᠴᠢᠯᠠᠭᠤᠷ ᠤᠨ ᠲᠦᠪ᠂ ᠡᠳ᠋ ᠤᠨ ᠵᠠᠰᠠᠭ ᠤᠨ  ᠲᠤᠪᠴᠢᠶ᠎ᠠ᠂  ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ  ᠲᠤᠪᠴᠢᠶ᠎ᠠ᠂   ᠪᠠᠶᠢᠭᠠᠯᠢ ᠶᠢᠨ ᠡᠬᠢ ᠪᠠᠶᠠᠯᠢᠭ ᠤᠨ  ᠲᠤᠪᠴᠢᠶ᠎ᠠ᠂  ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠠᠯᠪᠠᠨ ᠠᠰᠠᠷ ᠤᠨ ᠡᠬᠦᠳᠡᠨ ᠳᠤ ᠲᠤᠰᠪᠤᠷᠢ ᠪᠠᠶᠢᠷᠢᠯᠠᠭᠤᠯᠤᠨ᠎ᠠ᠃     ᠪᠦᠬᠦ ᠬᠤᠰᠢᠭᠤᠨ ᠤ ᠺᠠᠳᠠᠷ ᠤᠯᠠᠨ ᠲᠦᠮᠡᠨ ᠠᠴᠠ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠵᠢᠯ ᠳᠤ ᠬᠢᠨᠠᠯᠳᠠ ᠲᠠᠯᠪᠢᠬᠤ ᠶᠢ ᠬᠦᠰᠡᠨᠡᠮ᠃ ᠬᠢᠨᠠᠯᠳᠠ ᠲᠠᠯᠪᠢᠬᠤ ᠤᠳᠠᠰᠤ᠄ 5230516᠃                                                                                                                    ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ                                                                                           2020 ᠤᠨ ᠤ 3 ᠰᠠᠷ᠎ᠠ ᠶᠢᠨ 5  ᠎ ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号