ᠶᠢᠰᠦᠳᠦᠬᠡᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/3/13
            ᠶᠢᠰᠦᠳᠦᠬᠡᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠯᠪᠠᠨ ᠵᠠᠷᠯᠠᠯ         ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ   ᠳᠠᠬᠢ ᠬᠢᠨᠠᠯᠳᠠ ᠲᠠᠯᠪᠢᠬᠤ ᠲᠦᠷᠢᠮ ︾᠂  ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾   ᠤᠨ ᠲᠤᠭᠳᠠᠭᠠᠯ ᠢ ᠦᠨᠳᠦᠰᠦᠯᠡᠵᠦ᠂   ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠨᠢᠬᠡᠳᠦᠯᠳᠡᠢ ᠪᠠᠶᠢᠷᠢᠯᠠᠠᠭᠤᠯᠤᠯᠳᠠ ᠶᠤᠰᠤᠭᠠᠷ᠂   2020 ᠤᠨ ᠤ 3 ᠰᠠᠷ᠎ᠠ ᠶᠢᠨ 5 ᠤ ᠡᠳᠦᠷ ᠠᠴᠠ 4 ᠰᠠᠷ᠎ᠠ ᠶᠢᠨ 20 ᠤ ᠡᠳᠦᠷ ᠬᠦᠷᠳᠡᠯ᠎ᠡ᠂ ᠬᠤᠰᠢᠭᠤ ᠨᠠᠮ ᠤᠨ ᠬᠤᠷᠢᠶᠠᠨ ᠤ  ᠨᠢᠬᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ   ᠠᠴᠠ ᠬᠤᠰᠢᠭᠤᠨ ᠤ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ  ᠲᠤᠪᠴᠢᠶᠠᠨ ᠤ ᠨᠠᠮ ᠤᠨ ᠵᠤᠬᠢᠶᠠᠨ ᠪᠠᠶᠢᠭᠤᠯᠤᠯᠳᠠ᠂  ᠬᠠᠮ ᠵᠠᠭᠤᠴᠢᠯᠠᠭᠤᠷ ᠤᠨ ᠲᠦᠪ ᠤᠨ ᠨᠠᠮ  ᠤᠨ ᠵᠤᠬᠢᠶᠠᠨ ᠪᠠᠶᠢᠭᠤᠯᠤᠯᠳᠠ ᠳᠤ᠂  ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ   ᠠᠴᠠ ᠡᠳ᠋ ᠤᠨ ᠵᠠᠰᠠᠭ  ᠤᠨ ᠲᠤᠪᠴᠢᠶᠠᠨ ᠤ ᠨᠠᠮ ᠤᠨ ᠵᠤᠬᠢᠶᠠᠨ ᠪᠠᠶᠢᠭᠤᠯᠤᠯᠳᠠ᠂  ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ︵ᠲᠦᠭᠡᠭᠡᠯ ᠤᠰᠤᠨ ᠤ ᠺᠤᠮᠫᠠᠨᠢ︶ ᠤ ᠨᠠᠮ ᠤᠨ ᠵᠤᠬᠢᠶᠠᠨ ᠪᠠᠶᠢᠭᠤᠯᠤᠯᠳᠠ ᠳᠤ᠂  ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ   ᠠᠴᠠ   ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠨᠠᠮ ᠤᠨ ᠵᠤᠬᠢᠶᠠᠨ ᠪᠠᠶᠢᠭᠤᠯᠤᠯᠳᠠ᠂  ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ︵ᠰᠢᠭᠤᠳ ᠬᠠᠷᠢᠶ᠎ᠠ ᠬᠦᠮᠦᠷᠭᠡ︶   ᠤᠨ ᠨᠠᠮ ᠤᠨ ᠵᠤᠬᠢᠶᠠᠨ ᠪᠠᠶᠢᠭᠤᠯᠤᠯᠳᠠ ᠳᠤ  ᠬᠡᠪ ᠶᠤᠰᠤᠨ ᠤ  ᠲᠤᠭᠤᠷᠢᠨ ᠪᠠᠶᠢᠴᠠᠭᠠᠯᠳᠠ ᠬᠢᠬᠦ ᠪᠠᠷ ᠪᠤᠯᠪᠠ᠃        ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠲᠤᠭᠤᠶᠢᠯᠠᠩ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ  ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂  ︽ᠲᠦᠷᠪᠡᠨ ᠨᠠᠶᠢᠳᠠᠪᠤᠷᠢᠵᠢᠭᠤᠯᠤᠯᠳᠠ︾ ᠪᠠᠷ ᠤᠯᠤᠰ ᠲᠦᠷᠦ ᠶᠢᠨ ᠵᠢᠱᠢᠭ  ᠪᠠᠷᠢᠮᠵᠢᠶ᠎ᠠ ᠪᠤᠯᠭᠠᠵᠤ᠂ ᠲᠤᠭᠤᠷᠢᠨ ᠪᠠᠶᠢᠴᠠᠭᠠᠯᠳᠠ ᠶᠢᠨ ᠪᠠᠶᠢᠷᠢ ᠲᠤᠭᠳᠠᠭᠠᠯᠳᠠ ᠶᠢ ᠪᠠᠳᠤ ᠡᠵᠡᠮᠳᠡᠨ᠂  ᠠᠰᠠᠭᠤᠳᠠᠯ ᠤᠨ ᠵᠢᠯᠤᠭᠤᠳᠤᠮᠵᠢ ᠶᠢ  ᠲᠤᠪᠤᠶᠢᠯᠭᠠᠵᠤ᠂  ᠵᠠᠩᠭᠢᠯᠠᠭ᠎ᠠ ᠶᠢᠨ ᠴᠦᠬᠡᠨ ᠲᠤᠭ᠎ᠠ ᠲᠡᠭᠡᠷ᠎ᠡ ᠠᠩᠬᠠᠷᠤᠯ ᠲᠠᠯᠪᠢᠨ᠂  ᠤᠯᠤᠰ ᠲᠦᠷᠦ ᠶᠢᠨ ᠵᠦᠷᠢᠶ᠎ᠡ ᠪᠤᠷᠤᠭᠤ ᠶᠢ ᠡᠷᠢᠵᠦ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ  ᠬᠢᠭᠡᠳ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ  ᠨᠠᠶᠢᠳᠠᠪᠤᠷᠢᠵᠢᠭᠤᠯᠤᠭᠰᠠᠨ ᠪᠠᠶᠢᠳᠠᠯ᠂  ᠤᠯᠠᠨ ᠲᠦᠮᠡᠨ ᠤ ᠲᠡᠷᠭᠡᠳᠡᠬᠢ  ᠢᠯᠡᠵᠡᠷᠡᠯ ᠤᠨ ᠠᠰᠠᠭᠤᠳᠠᠯ ᠪᠠ ᠲᠦᠪ ᠪᠤᠰᠤ ᠰᠤᠷᠳᠠᠯ ᠤᠨ ᠪᠠᠶᠢᠳᠠᠯ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠤᠯᠠ ᠵᠠᠳᠠᠭᠠᠢ᠂ ᠵᠤᠬᠢᠶᠠᠨ ᠪᠠᠶᠢᠭᠤᠯᠬᠤ ᠬᠦᠴᠦᠨ  ᠲᠤᠷᠤᠢ ᠪᠠᠭᠤᠷᠠᠢ ᠪᠠᠶᠢᠳᠠᠯ ᠳᠤ ᠠᠩᠬᠠᠷᠤᠯ ᠢᠶᠠᠨ  ᠲᠦᠪᠯᠡᠷᠡᠬᠦᠯᠵᠦ᠂  ᠨᠠᠮ ᠤᠨ ᠤᠳᠤᠷᠢᠳᠤᠯᠭ᠎ᠠ ᠰᠤᠯᠠᠷᠠᠭᠰᠠᠨ᠂ ᠨᠠᠮ ᠤᠨ ᠪᠠᠶᠢᠭᠤᠯᠤᠯᠳᠠ ᠠᠯᠳᠠᠭᠳᠠᠭᠰᠠᠨ᠂  ᠨᠠᠮ ᠢ ᠴᠢᠩᠭ᠎ᠠ ᠵᠠᠰᠠᠬᠤ ᠨᠢ ᠡᠷᠴᠢᠮ ᠦᠬᠡᠢ ᠵᠡᠷᠭᠡ ᠲᠠᠯ᠎ᠠ ᠶᠢᠨ ᠠᠰᠠᠭᠤᠳᠠᠯ ᠢ  ᠬᠦᠴᠦ ᠲᠠᠯᠪᠢᠨ ᠢᠯᠡᠷᠡᠬᠦᠯᠦᠨ᠎ᠡ᠃ ᠲᠤᠭᠤᠷᠢᠨ ᠪᠠᠶᠢᠴᠠᠭᠠᠬᠤ ᠬᠤᠭᠤᠴᠠᠭᠠᠨ ᠳᠤ᠂  ᠲᠡᠭᠡᠷ᠎ᠡ ᠲᠤᠷᠠᠳᠤᠭᠰᠠᠨ ᠪᠠᠶᠢᠭᠤᠯᠭ᠎ᠠ ᠨᠢᠬᠡᠴᠡ ᠶᠢᠨ ᠨᠠᠮ ‍ᠤᠨ‌ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠭ  ᠪᠠ ᠲᠡᠬᠦᠨ ᠤ ᠭᠡᠰᠢᠬᠦᠳ ᠵᠢᠴᠢ ᠲᠤᠤᠷᠠᠳᠤ ᠱᠠᠳᠤᠨ ᠤ ᠬᠢᠨᠢ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ  ᠠᠵᠢᠯ ᠤᠨ ᠪᠠᠶᠢᠷᠢ ᠲᠡᠭᠡᠷᠡᠬᠢ ᠤᠳᠤᠷᠢᠳᠬᠤ ᠺᠠᠳᠠᠷ  ᠤᠨ ᠲᠤᠭᠤᠷᠢᠨ ᠪᠠᠶᠢᠴᠠᠭᠠᠯᠳᠠ ᠶᠢᠨ ᠭᠤᠤᠯᠳᠠᠯᠭ᠎ᠠ ᠲᠠᠢ ᠠᠭᠤᠯᠭ᠎ᠠ   ᠳᠤ ᠬᠤᠯᠪᠤᠭᠳᠠᠭᠰᠠᠨ ᠠᠰᠠᠭᠤᠳᠠᠯ ᠤᠨ ᠲᠤᠬᠠᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ  ᠰᠢᠢᠳᠪᠦᠷᠢᠯᠡᠨ᠎ᠡ᠃ ᠭᠤᠤᠯᠳᠠᠭᠤ ᠤᠯᠤᠰ ᠲᠦᠷᠦ ᠶᠢᠨ ᠰᠠᠬᠢᠯᠭ᠎ᠠ ᠲᠦᠷᠢᠮ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ  ᠲᠦᠷᠢᠮ᠂ ᠠᠷᠢᠭᠤᠨ ᠴᠢᠭᠡᠴᠢ ᠶᠢᠨ ᠰᠠᠬᠢᠯᠭ᠎ᠠ  ᠲᠦᠷᠢᠮ᠂ ᠤᠯᠠᠨ ᠲᠦᠮᠡᠨᠴᠢ ᠰᠠᠬᠢᠯᠭ᠎ᠠ ᠲᠦᠷᠢᠮ᠂ ᠠᠵᠢᠯ ᠤᠨ ᠰᠠᠬᠢᠯᠭ᠎ᠠ  ᠲᠦᠷᠢᠮ᠂ ᠠᠮᠢᠳᠤᠷᠠᠯ ᠤᠨ ᠰᠠᠬᠢᠯᠭ᠎ᠠ  ᠲᠦᠷᠢᠮ ᠵᠡᠷᠭᠡ   ᠶᠢ ᠵᠦᠷᠢᠴᠡᠭᠰᠡᠨ ᠠᠰᠠᠭᠤᠳᠠᠯ ᠢ ᠢᠯᠡᠴᠢᠯᠡᠨ ᠲᠤᠰᠬᠠᠨ᠎ᠠ᠃  ᠲᠤᠭᠤᠷᠢᠨ ᠪᠠᠶᠢᠴᠠᠭᠠᠯᠳᠠ ᠶᠢᠨ ᠠᠵᠢᠯ ᠲᠠᠢ ᠰᠢᠭᠤᠳ ᠬᠤᠯᠪᠤᠭᠳᠠᠬᠤ ᠦᠬᠡᠢ ᠬᠤᠪᠢ ᠬᠦᠮᠦᠨ ᠤ  ᠭᠤᠮᠤᠳᠠᠯ ᠲᠤᠭᠠᠴᠠᠯᠳᠠ᠂  ᠬᠠᠤᠯᠢ ᠴᠠᠭᠠᠵᠠ ᠳᠤ ᠬᠤᠯᠪᠤᠭᠳᠠᠭᠰᠠᠨ ᠵᠠᠷᠭᠤ ᠵᠠᠭᠠᠯᠳᠤᠯᠭ᠎ᠠ ᠶᠢᠨ ᠠᠰᠠᠭᠤᠳᠠᠯ ᠢ ᠬᠦᠯᠢᠶᠡᠨ ᠠᠪᠬᠤ ᠦᠬᠡᠢ  ᠂ ᠲᠤᠭᠤᠷᠢᠨ ᠪᠠᠶᠢᠴᠠᠭᠠᠯᠳᠠ  ᠶᠢᠨ ᠬᠦᠯᠢᠶᠡᠨ ᠠᠪᠴᠤ ᠰᠢᠢᠳᠪᠦᠷᠢᠯᠡᠬᠦ ᠭᠡᠪᠴᠢᠶᠡᠨ ᠳᠤ ᠬᠠᠷᠢᠶᠠᠯᠠᠭᠳᠠᠬᠤ ᠦᠬᠡᠢ  ᠠᠰᠠᠭᠤᠳᠠᠯ ᠢ ᠲᠤᠭᠳᠠᠭᠠᠯ ᠵᠠᠷᠴᠢᠮ  ᠶᠤᠰᠤᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠢᠶᠠᠨ ᠰᠢᠢᠳᠪᠦᠷᠢᠯᠡᠬᠦᠯᠦᠨ᠎ᠡ᠃    ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳᠠᠷ ᠤᠯᠠᠨ ᠲᠦᠮᠡᠨ ᠠᠴᠠ ᠦᠨᠡᠨ ᠪᠠᠶᠢᠳᠠᠯ ᠢ ᠪᠤᠳᠠᠳᠠᠢ ᠪᠠᠷ ᠲᠤᠰᠬᠠᠬᠤ ᠶᠢ ᠬᠦᠰᠡᠨ᠎ᠡ᠃      ᠨᠢᠬᠡᠳᠦᠭᠡᠷ ᠲᠤᠭᠤᠶᠢᠯᠠᠩ᠂ ᠬᠤᠶᠠᠳᠤᠭᠠᠷ ᠲᠤᠭᠤᠶᠢᠯᠠᠩ᠂ ᠭᠤᠷᠪᠠᠳᠤᠭᠠᠷ ᠲᠤᠭᠤᠶᠢᠯᠠᠩ ᠤᠨ ᠬᠦᠯᠢᠶᠡᠨ ᠠᠪᠬᠤ ᠭᠠᠵᠠᠷ ᠨᠢ ᠬᠤᠰᠢᠭᠤᠨ ᠤ ᠰᠠᠬᠢᠯᠭ᠎ᠠ ᠪᠠᠳᠤ  ᠪᠠᠶᠢᠴᠠᠭᠠᠬᠤ  ᠬᠤᠷᠢᠶᠠᠨ ᠤ  ᠠᠯᠪᠠᠨ ᠠᠰᠠᠷ ᠤᠨ ᠨᠢᠬᠡᠳᠦᠭᠡᠷ ᠲᠠᠪᠬᠤᠷᠭ᠎ᠠ᠃    ᠨᠢᠬᠡᠳᠦᠭᠡᠷ ᠲᠤᠭᠤᠶᠢᠯᠠᠩ   ᠤᠨ ᠬᠦᠯᠢᠶᠡᠨ ᠠᠪᠬᠤ ᠴᠠᠭ᠄  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠤᠪᠴᠢᠶ᠎ᠠ 2020.3.5 —2020.3.15  ᠂  ᠬᠠᠮ ᠵᠠᠭᠤᠴᠢᠯᠠᠭᠤᠷ ᠤᠨ ᠲᠦᠪ 2020.3.16 —2020.3.31  ︵ᠦᠳᠡ ᠶᠢᠨ ᠡᠮᠦᠨ᠎ᠡ  9᠄ 00 — 12᠄ 00᠂ ᠦᠳᠡ ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠢᠮᠧᠯ᠄ tqxcz1@163.com᠂  ᠤᠳᠠᠰᠤ  ᠄ 18047900833  ᠂ ᠰᠢᠤᠳᠠᠨ ᠬᠠᠶ᠋ᠢᠭ᠄  027000       ᠬᠤᠶᠠᠳᠤᠭᠠᠷ ᠲᠤᠭᠤᠶᠢᠯᠠᠩ   ᠤᠨ ᠬᠦᠯᠢᠶᠡᠨ ᠠᠪᠬᠤ ᠴᠠᠭ᠄  ᠡᠳ᠋ ᠤᠨ ᠵᠠᠰᠠᠭ ᠤᠨ ᠲᠤᠪᠴᠢᠶ᠎ᠠ 2020.3.5 —2020.3.25  ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ 2020.3.26 —2020.4.20  ︵ᠦᠳᠡ ᠶᠢᠨ ᠡᠮᠦᠨ᠎ᠡ  9᠄ 00 — 12᠄ 00᠂ ᠦᠳᠡ  ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠢᠮᠧᠯ᠄ tqxcz2@163.com  ᠂ ᠤᠳᠠᠰᠤ  ᠄ 18047961833  ᠂ ᠰᠢᠤᠳᠠᠨ ᠬᠠᠶ᠋ᠢᠭ᠄  027000       ᠭᠤᠷᠪᠠᠳᠤᠭᠠᠷ ᠲᠤᠭᠤᠶᠢᠯᠠᠩ   ᠤᠨ ᠬᠦᠯᠢᠶᠡᠨ ᠠᠪᠬᠤ ᠴᠠᠭ᠄   ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ 2020.3.5 —2020.3.25  ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ  2020.3.26 —2020.4.20  ︵ᠦᠳᠡ ᠶᠢᠨ ᠡᠮᠦᠨ᠎ᠡ  9᠄ 00 — 12᠄ 00᠂ ᠦᠳᠡ ᠶᠢᠨ ᠬᠤᠶᠢᠨ᠎ᠠ 2᠄30 —5᠄00  ︶᠂  ᠠᠮᠠᠷᠠᠯᠳᠠ ᠶᠢᠨ ᠡᠳᠦᠷ ᠬᠦᠯᠢᠶᠡᠨ ᠠᠬᠤ ᠦᠬᠡᠢ᠃      ᠢᠮᠧᠯ᠄ tqxcz3@163.com᠂ ᠤᠳᠠᠰᠤ  ᠄ 15247970978  ᠂ ᠰᠢᠤᠳᠠᠨ ᠬᠠᠶ᠋ᠢᠭ᠄  027000        ᠰᠠᠨᠠᠯ ᠬᠤᠷᠢᠶᠠᠬᠤ ᠬᠠᠶᠢᠷᠴᠠᠭ ᠢ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ  ᠲᠤᠪᠴᠢᠶ᠎ᠠ᠂  ᠬᠠᠮ ᠵᠠᠭᠤᠴᠢᠯᠠᠭᠤᠷ ᠤᠨ ᠲᠦᠪ᠂ ᠡᠳ᠋ ᠤᠨ ᠵᠠᠰᠠᠭ ᠤᠨ  ᠲᠤᠪᠴᠢᠶ᠎ᠠ᠂  ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ  ᠲᠤᠪᠴᠢᠶ᠎ᠠ᠂   ᠪᠠᠶᠢᠭᠠᠯᠢ ᠶᠢᠨ ᠡᠬᠢ ᠪᠠᠶᠠᠯᠢᠭ ᠤᠨ  ᠲᠤᠪᠴᠢᠶ᠎ᠠ᠂  ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠠᠯᠪᠠᠨ ᠠᠰᠠᠷ ᠤᠨ ᠡᠬᠦᠳᠡᠨ ᠳᠤ ᠲᠤᠰᠪᠤᠷᠢ ᠪᠠᠶᠢᠷᠢᠯᠠᠭᠤᠯᠤᠨ᠎ᠠ᠃     ᠪᠦᠬᠦ ᠬᠤᠰᠢᠭᠤᠨ ᠤ ᠺᠠᠳᠠᠷ ᠤᠯᠠᠨ ᠲᠦᠮᠡᠨ ᠠᠴᠠ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠵᠢᠯ ᠳᠤ ᠬᠢᠨᠠᠯᠳᠠ ᠲᠠᠯᠪᠢᠬᠤ ᠶᠢ ᠬᠦᠰᠡᠨᠡᠮ᠃ ᠬᠢᠨᠠᠯᠳᠠ ᠲᠠᠯᠪᠢᠬᠤ ᠤᠳᠠᠰᠤ᠄ 5230516᠃                                                                                                                    ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ                                                                                           2020 ᠤᠨ ᠤ 3 ᠰᠠᠷ᠎ᠠ ᠶᠢᠨ 5   ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号