ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠎ ᠤᠨ 2020 ᠤᠨ ᠤ 1 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-16
    3 ᠰᠠᠷ᠎ᠠ ᠶᠢᠨ 12᠎ ᠤ ᠡᠳᠦᠷ᠂   ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ  ᠎ ᠨᠢ 2020 ᠤᠨ ᠤ 1 ᠳ᠋ᠤᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂   ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ ᠬᠤᠷᠠᠯ ᠡᠷᠬᠢᠯᠡᠨ᠂   ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ  ᠴᠢᠶᠤᠤ ᠵᠢᠶᠠᠨ ᠴᠢᠶᠠᠩ᠂   ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂  ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠸᠦ ᠫᠸᠢ ᠯᠦᠩ᠂ ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂  ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠸᠧᠢ ᠬᠤᠩ᠂  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ  ᠵᠤᠤ ᠵᠢᠶᠠᠨ  ᠳ᠋ᠦᠩ᠂  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂  ᠤᠬᠠᠭᠤᠯᠬᠤ  ᠬᠡᠯᠳᠡᠰ ᠤᠨ ᠲᠠᠷᠤᠭ᠎ᠠ ᠯᠢ ᠴᠦᠨ ᠭᠤᠸᠠᠩ ᠨᠠᠷ ᠬᠤᠷᠠᠯ ᠳᠤ ᠤᠷᠤᠯᠴᠠᠵᠠᠢ᠃       ᠪᠤᠷᠤᠬᠦᠦ  ᠪᠦᠬᠦ ᠬᠤᠰᠢᠭᠤᠨ ᠤ  2020 ᠤᠨ ᠤ  ᠨᠠᠮ ᠤᠨ ᠪᠠᠶᠢᠭᠤᠯᠤᠯᠳᠠ ᠶᠢᠨ  ᠭᠤᠤᠯᠳᠠᠯᠭ᠎ᠠ ᠲᠠᠢ ᠠᠵᠢᠯ ᠡᠬᠦᠷᠭᠡ ᠶᠢ  ᠪᠠᠶᠢᠷᠢᠯᠠᠭᠤᠯᠬᠤ ᠳᠠᠭᠠᠨ  ᠂  ᠨᠠᠮ ᠤᠨ ᠤᠳᠤᠷᠢᠳᠤᠯᠭ᠎ᠠ ᠶᠢ ᠡᠷᠭᠡᠪᠰᠢ ᠴᠢᠩᠭᠠᠳᠬᠠᠵᠤ᠂ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠪᠠ  ᠠᠵᠤ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠡᠢ ᠲᠦᠯᠦᠪᠯᠡᠨ ᠠᠬᠢᠭᠤᠯᠬᠤ ᠭᠡᠷᠡᠭᠳᠡᠢ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠢ ᠤᠳᠤᠷᠢᠳᠬᠤ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠵᠦ᠂  ᠦᠷᠭᠡᠨ ᠤᠯᠠᠨ ᠨᠠᠮ ᠤᠨ  ᠭᠡᠰᠢᠬᠦᠨ ᠺᠠᠳᠠᠷᠴᠤᠳ ᠢ ᠵᠤᠬᠢᠶᠠᠨ ᠪᠠᠶᠢᠭᠤᠯᠵᠤ ᠲᠠᠶᠢᠴᠢᠯᠠᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ  ᠠᠵᠤ ᠠᠬᠤᠢ ᠨᠡᠶᠢᠬᠡᠮ ᠢ ᠬᠦᠭᠵᠢᠬᠦᠯᠬᠦ ︽ ᠬᠤᠤᠰ ᠹᠠᠷᠤᠨᠲ ᠤᠨ ᠲᠠᠶᠢᠯᠠᠯᠳᠤᠭᠠᠨ︾᠎ ᠢ ᠲᠦᠯᠬᠢᠨ ᠠᠬᠢᠭᠤᠯᠵᠤ᠂   ᠬᠢᠵᠢᠭ ᠰᠡᠷᠭᠡᠶᠢᠯᠡᠬᠦ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠤᠨ᠂ ᠦᠢᠯᠡᠳᠪᠦᠷᠢᠯᠡᠯ ᠰᠡᠷᠬᠦᠬᠡᠬᠦ ᠠᠵᠢᠯ ᠢ ᠲᠤᠬᠢᠳᠠᠢ ᠰᠠᠶᠢᠨ ᠬᠢᠵᠦ᠂ ᠬᠠᠮᠳᠤ ᠤᠯᠠᠨ ᠢᠶᠠᠷ ᠢᠶᠠᠨ ᠰᠡᠳᠬᠢᠯ ᠨᠢᠬᠡᠳᠦᠨ  ︽ᠬᠤᠶᠠᠷ ᠲᠠᠶᠢᠨ︾᠎ ᠤ ᠢᠯᠠᠯᠳᠠ ᠶᠢ ᠤᠯᠵᠤ᠂ ᠨᠢᠬᠡᠳᠦᠭᠡᠷ  ᠹᠠᠷᠤᠨᠲ ᠳᠤ ᠨᠠᠮ ᠤᠨ ᠲᠤᠭ ᠢ  ᠨᠠᠮᠢᠷᠠᠭᠤᠯᠬᠤ ᠭᠡᠷᠡᠭᠳᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃        ᠪᠤᠷᠤᠬᠦᠦ ᠴᠢᠬᠤᠯᠠᠴᠢᠯᠠᠬᠤ ᠳᠠᠭᠠᠨ᠂ ᠠᠰᠠᠭᠤᠳᠠᠯ ᠤᠨ ᠵᠢᠯᠤᠭᠤᠳᠤᠮᠵᠢ ᠶᠢ ᠲᠤᠪᠤᠶᠢᠯᠭᠠᠵᠤ᠂  ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ  ᠎ ᠶᠢ ᠪᠦᠬᠦ ᠬᠦᠴᠦᠨ ᠢᠶᠠᠷ ᠰᠠᠶᠢᠨ  ᠠᠳᠬᠤᠬᠤ ᠭᠡᠷᠡᠭᠳᠡᠢ᠃  ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ 12 ᠲᠠᠯ᠎ᠠ ᠶᠢᠨ ᠲᠤᠰᠬᠠᠢ ᠴᠡᠭᠴᠡᠯᠡᠯᠳᠡ ᠵᠢᠴᠢ ᠲᠦᠪ ᠬᠤᠷᠢᠶᠠᠨ ᠎ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ  ︽ᠡᠷᠬᠢᠨ ᠬᠠᠷᠠᠬᠤ︾᠎ ᠳᠤ ᠢᠯᠡᠷᠡᠬᠦᠯᠦᠭᠰᠡᠨ ᠨᠠᠮ ᠤᠨ ᠪᠠᠶᠢᠭᠤᠯᠤᠯᠳᠠ ᠶᠢᠨ ᠬᠠᠮᠢᠶᠠᠳᠠᠢ ᠠᠰᠠᠭᠤᠳᠠᠯ ᠤᠨ ᠴᠡᠭᠴᠡᠯᠡᠯᠳᠡ ᠶᠢ ᠦᠷᠬᠦᠯᠵᠢᠯᠡᠨ ᠬᠦᠴᠦᠳᠡᠢ ᠠᠳᠬᠤᠵᠤ᠂ ᠵᠦᠷᠢᠶ᠎ᠡ ᠲᠤᠳᠠᠭᠳᠠᠯ ᠢᠶᠠᠨ ᠨᠦᠬᠦᠪᠦᠷᠢᠯᠡᠨ᠂  ᠬᠦᠴᠢᠷᠳᠡᠢ ᠠᠰᠠᠭᠤᠳᠠᠯ ᠢ ᠰᠢᠢᠳᠪᠦᠷᠢᠯᠡᠵᠦ᠂  ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨᠵᠢᠯᠡᠬᠦ ᠤᠬᠠᠭᠠᠨᠵᠢᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃  ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠢ  ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠨᠢᠬᠡᠳᠦᠯᠳᠡᠢ ᠵᠢᠯᠤᠭᠤᠳᠤᠭᠤᠯᠤᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂  ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ᠂  ᠰᠤᠷᠳᠠᠯ ᠤᠨ ᠪᠠᠶᠢᠭᠤᠯᠤᠯᠳᠠ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ  ᠠᠬᠢᠭᠤᠯᠵᠤ᠂  ᠂ ᠲᠦᠷᠢᠮ ᠤᠨ ᠪᠠᠶᠢᠭᠤᠯᠤᠯᠳᠠ  ᠎ ᠶᠢ  ᠲᠤᠮᠳᠠ ᠨᠢ ᠨᠡᠪᠳᠡᠷᠡᠬᠦᠯᠦᠨ᠂  ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠡᠵᠷᠡᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠲᠦᠯᠬᠢᠨ ᠠᠬᠢᠭᠤᠯᠬᠤ ᠭᠡᠷᠡᠭᠳᠡᠢ᠃  ᠰᠢ ᠶᠢᠨ ᠫᠢᠩ ᠶᠡᠷᠦᠩᠬᠡᠢ ᠱᠦᠵᠢ ᠪᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠤᠯᠠᠮ ᠢᠯᠡᠬᠦᠦ ᠨᠢᠬᠳᠠᠷᠠᠨ ᠪᠦᠯᠬᠦᠮᠳᠡᠵᠦ᠂  ᠲᠡᠭᠡᠳᠦ ᠱᠠᠳᠤᠨ ᠤ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠲᠤᠤᠷ᠎ᠠ ᠯᠠᠪᠳᠠᠭᠤᠨ ᠪᠠᠳᠤᠳᠠᠢ  ᠰᠢᠷᠭᠠᠭᠤ ᠠᠵᠢᠯᠯᠠᠵᠤ᠂  ᠬᠦᠴᠢᠷ ᠪᠡᠷᠭᠡᠰᠢᠶᠡᠯ ᠢ ᠢᠯᠠᠨ ᠲᠠᠪᠠᠵᠤ᠂  ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠨᠡᠩ ᠬᠦᠴᠦᠷᠭᠡᠭ ᠴᠢᠩᠭ᠎ᠠ ᠪᠤᠯᠭᠠᠨ ᠪᠠᠶᠢᠭᠤᠯᠵᠤ᠂  ᠪᠦᠬᠦ ᠬᠤᠰᠢᠭᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠡ ᠭᠡᠪ ᠪᠠᠶᠢᠳᠠᠯ ᠢ ᠡᠬᠦᠳᠦᠨ᠂  ᠪᠦᠬᠦ ᠤᠯᠤᠰ ᠯᠤᠭ᠎ᠠ ᠠᠯᠬᠤᠭ᠎ᠠ ᠨᠢᠬᠡᠳᠡᠢ ᠎ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ  ᠲᠦᠯᠦᠪᠵᠢᠬᠦᠯᠬᠡ ᠶᠢ ᠠᠮᠵᠢᠯᠳᠠᠳᠠᠢ  ᠪᠡᠶᠡᠯᠡᠬᠦᠯᠬᠦ ᠳᠤ  ᠪᠠᠳᠤ ᠴᠢᠩᠭ᠎ᠠ ᠤᠯᠤᠰ ᠲᠦᠷᠦ ᠶᠢᠨ ᠪᠠᠳᠤᠯᠠᠭ᠎ᠠ ᠪᠠ ᠵᠤᠬᠢᠶᠠᠨ ᠪᠠᠶᠢᠭᠤᠯᠤᠯᠳᠠ ᠎ ᠶᠢᠨ ᠪᠠᠳᠤᠯᠠᠭ᠎ᠠ ᠬᠠᠩᠭᠠᠬᠤ ᠭᠡᠷᠡᠭᠳᠡᠢ ᠭᠡᠪᠡ᠃      ᠬᠤᠷᠠᠯ ᠲᠡᠭᠡᠷ᠎ᠡ᠂ ᠵᠸᠦ ᠫᠸᠢ ᠯᠦᠩ ᠠᠴᠠ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ︽2020 ᠤᠨ ᠤ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠲᠦᠪᠯᠡᠷᠡᠬᠦᠯᠦᠨ ᠴᠡᠭᠴᠡᠯᠡᠬᠦ ᠠᠵᠢᠯ ᠎ ᠤᠨ ᠲᠦᠰᠦᠪ︾᠎ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ  ᠤᠯᠠᠮᠵᠢᠯᠠᠨ  ᠂  ᠸᠠᠩ ᠸᠧᠢ ᠬᠤᠩ ᠠᠴᠠ ᠪᠦᠬᠦ ᠤᠷᠤᠨ ᠤ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂  ᠵᠤᠤ ᠵᠢᠶᠠᠨ ᠳ᠋ᠦᠩ ᠠᠴᠠ ᠠᠶᠢᠮᠠᠭ ᠤᠨ ᠨᠠᠮ ᠤᠨ ᠬᠤᠷᠢᠶᠠᠨ ᠤ  ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠳ᠋ᠦᠩᠨᠡᠯᠳᠡ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂  ᠯᠢ ᠴᠦᠨ ᠭᠤᠸᠠᠩ ᠠᠴᠠ ᠪᠦᠬᠦ ᠠᠶᠢᠮᠠᠭ ᠤᠨ ᠤᠬᠠᠭᠤᠯᠬᠤ ᠭᠡᠯᠳᠡᠰ ᠤᠨ ᠲᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃       ᠬᠤᠷᠠᠯ ᠲᠡᠭᠡᠷ᠎ᠡ ᠪᠠᠰᠠ  ︽ᠲᠠᠶᠢᠹᠤᠰᠧ ᠬᠤᠰᠢᠭᠤᠨ ᠤ  ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠤᠷᠴᠢᠯᠠᠭᠰᠠᠨ ᠬᠠᠮᠢᠶᠠᠷᠤᠯᠳᠠ ᠶᠢᠨ ᠲᠤᠰᠬᠠᠢ ᠴᠡᠭᠴᠡᠯᠡᠯᠳᠡ ᠶᠢᠨ ᠲᠦᠰᠦᠪ︾᠂ ︽2019 ᠤᠨ  ᠎ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠠᠳᠬᠤᠭᠰᠠᠨ ᠲᠤᠬᠠᠢ ᠠᠰᠠᠭᠤᠳᠠᠯ ᠢ  ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠰᠦᠪ︾  ᠂ ︽2019 ᠤᠨ ᠤ ᠡᠯ᠎ᠡ ᠰᠤᠮᠤ ᠰᠢᠶᠠᠩ ᠪᠠᠯᠭᠠᠰᠤ ᠪᠠ ᠪᠠᠶᠢᠭᠤᠯᠭ᠎ᠠ ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ  ᠱᠦᠵᠢ ᠶᠢᠨ ᠦᠨᠳᠦᠰᠦᠨ ᠱᠠᠳᠤᠨ ᠤ ᠨᠠᠮ ᠎ ᠤᠨ ᠪᠠᠶᠢᠭᠤᠯᠤᠯᠳᠠ ᠶᠢ ᠠᠳᠬᠤᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠳᠡ ᠬᠢᠬᠦ  ᠲᠤᠬᠠᠢ ᠰᠠᠨᠠᠯ︾ ᠵᠡᠷᠭᠡ ᠎ ᠶᠢ ᠶᠠᠷᠢᠯᠴᠠᠨ ᠰᠤᠳᠤᠯᠵᠠᠢ᠃        ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ  ᠎ ᠤᠨ ᠭᠡᠰᠢᠬᠦᠨ ᠨᠢᠬᠡᠴᠡ ᠶᠢᠨ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号