ᠲᠠᠶᠢᠹᠤᠰᠧ ᠬᠤᠰᠢᠭᠤ᠄ ᠤᠷᠤᠨ ᠤ ᠱᠠᠭᠠᠷᠳᠠᠨ ᠪᠠᠶᠢᠴᠠᠭᠠᠬᠤ ᠲᠤᠭᠤᠶᠢᠯᠠᠩ ᠮᠠᠨ ᠤ ᠬᠤᠰᠢᠭᠤᠨ ᠤ ᠬᠢᠵᠢᠭ ᠰᠡᠷᠭᠡᠶᠢᠯᠡᠬᠦ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2020-03-17
   3 ᠰᠠᠷ᠎ᠠ ᠶᠢᠨ 14 ᠤ ᠡᠳᠦᠷ᠂ ᠦᠪᠡᠷᠳᠡᠭᠡᠨ ᠵᠠᠰᠠᠬᠤ ᠤᠷᠤᠨ ᠤ  ᠠᠵᠤ ᠦᠢᠯᠡᠳᠪᠦᠷᠢ ᠮᠡᠳᠡᠭᠡ ᠵᠠᠩᠬᠢᠵᠢᠭᠤᠯᠤᠯᠳᠠ ᠶᠢᠨ ᠲᠢᠩᠬᠢᠮ ᠤᠨ ᠬᠤᠶᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ ᠸᠠᠩ ᠳ᠋ᠦᠸᠧ ᠢᠤᠢ  ᠶᠢᠨ ᠲᠠᠭᠠᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠤᠯᠤᠳᠤᠭᠠᠷ ᠱᠠᠭᠠᠷᠳᠠᠨ ᠪᠠᠶᠢᠴᠠᠭᠠᠬᠤ ᠲᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂  ᠬᠢᠵᠢᠭ ᠰᠡᠷᠭᠡᠶᠢᠯᠡᠬᠦ ᠠᠵᠢᠯ ᠢ ᠱᠠᠭᠠᠷᠳᠠᠨ ᠪᠠᠶᠢᠴᠠᠭᠠᠭᠰᠠᠨ ᠪᠠᠶᠢᠨ᠎ᠠ᠃     ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠬᠢᠨ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂   ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ  ᠴᠢᠶᠤᠤ ᠵᠢᠶᠠᠨ ᠴᠢᠶᠠᠩ᠂   ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂  ᠪᠠᠶᠢᠩᠭᠤ  ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠶᠢᠨ ᠪᠠᠷ᠎ᠠ ᠪᠤᠯᠤᠯᠭ᠎ᠠ ᠲᠠᠢ ᠪᠠᠷ ᠲᠤᠰᠪᠤᠷᠢ ᠲᠠᠯ᠎ᠠ ᠨᠤᠳᠤᠭ ᠠᠷᠢᠬᠢ ᠨᠡᠷᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠰᠢᠯᠢ ᠶᠢᠨ ᠭᠤᠤᠯ ᠠᠶᠢᠮᠠᠭ ᠤᠨ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠳᠤ ᠺᠤᠮᠫᠠᠨᠢ᠂  ᠦᠪᠦᠷ ᠮᠤᠩᠭᠤᠯ ᠤᠨ ᠰᠧ ᠬᠠᠢ ᠲᠠᠷᠢᠶᠠᠯᠠᠩ ᠮᠠᠯᠵᠢᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠠᠮᠫᠠᠨᠢ   ᠳᠤ ᠬᠦᠨᠵᠡᠭᠡᠶᠢᠷᠡᠵᠦ᠂ ᠠᠵᠤ ᠠᠬᠤᠶᠢᠯᠠᠯ ᠤᠨ ᠬᠢᠵᠢᠭ ᠰᠡᠷᠭᠡᠶᠢᠯᠡᠬᠦ ᠠᠷᠭ᠎ᠠ ᠪᠠᠷᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ᠂  ᠠᠵᠤ ᠠᠬᠤᠶᠢᠯᠠᠯ ᠤᠨ ᠦᠢᠯᠡᠳᠪᠦᠷᠢᠯᠡᠯ ᠰᠡᠷᠬᠦᠭᠡᠭᠰᠡᠨ ᠪᠠᠶᠢᠳᠠᠯ᠂  ᠠᠵᠢᠯᠴᠢᠳ ᠤᠨ ᠠᠵᠢᠯ ᠤᠨ ᠪᠠᠶᠢᠷᠢ ᠳᠠᠭᠠᠨ  ᠭᠠᠷᠤᠭᠰᠠᠨ ᠪᠠᠶᠢᠳᠠᠯ᠂ ᠬᠤᠭᠤᠯᠠ ᠤᠮᠳᠠ ᠬᠤᠨᠤᠭ ᠪᠠᠶᠢᠷᠢ ᠶᠢᠨ ᠪᠠᠶᠢᠳᠠᠯ ᠵᠡᠷᠭᠡ ᠶᠢ ᠨᠠᠷᠢᠨ ᠨᠢᠮᠪᠠᠢ  ᠤᠶᠢᠯᠠᠭᠠᠭᠰᠠᠨ ᠪᠦᠬᠡᠳ ᠲᠤᠰ ᠬᠤᠰᠢᠭᠤᠨ ᠤ  ᠵᠠᠰᠠᠭ  ᠤᠨ ᠶᠠᠪᠤᠳᠠᠯ ᠤᠨ ᠦᠢᠯᠡᠴᠢᠯᠡᠬᠡᠨ ᠤ ᠲᠦᠪ᠂  ᠡᠮᠨᠡᠯᠬᠡ ᠶᠢᠨ ᠬᠤᠷᠢᠶ᠎ᠠ᠂  ᠸᠠᠨ ᠺᠧ ᠯᠦᠩ ᠴᠢᠯᠦᠬᠡᠳᠦ ᠲᠡᠯᠬᠡᠬᠦᠷ᠂  ᠪᠤᠤ ᠯᠦᠩ ᠰᠠᠭᠤᠭᠠᠯᠢ ᠲᠤᠭᠤᠷᠢᠭ   ᠤᠨ ᠡᠬᠦᠳᠡᠨ ᠤ ᠬᠠᠷᠠᠭᠤᠯ  ᠬᠢᠭᠡᠳ ᠲᠦᠷᠭᠡᠨ ᠤ ᠵᠠᠮ ᠤᠨ ᠪᠠᠶᠢᠴᠠᠭᠠᠯᠳᠠ  ᠶᠢᠨ ᠦᠷᠳᠡᠭᠡ ᠳᠤ ᠬᠦᠨᠵᠡᠬᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠶᠠᠪᠤᠭᠳᠠᠵᠤ ᠪᠠᠶᠢᠭ᠎ᠠ ᠪᠠᠶᠢᠳᠠᠯ ᠳᠤ  ᠱᠠᠭᠠᠷᠳᠠᠨ ᠪᠠᠶᠢᠴᠠᠭᠠᠯᠳᠠ ᠬᠢᠭᠰᠡᠨ ᠪᠠᠶᠢᠨ᠎ᠠ᠃     ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠬᠢᠨ ᠪᠠᠶᠢᠴᠠᠭᠠᠬᠤ ᠶᠠᠪᠤᠴᠠ ᠳᠠᠭᠠᠨ᠂ ᠲᠠᠶᠢᠹᠤᠰᠧ ᠬᠤᠰᠢᠭᠤ ᠨᠢ ᠬᠢᠵᠢᠭ ᠰᠡᠷᠭᠡᠶᠢᠯᠡᠬᠦ ᠠᠵᠢᠯ ᠤᠨ ᠲᠤᠮᠳᠠ ᠤᠷᠤᠨ᠂ ᠠᠶᠢᠮᠠᠭ ᠤᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠤᠨᠴᠠᠯᠢᠭ ᠲᠠᠢ᠂ ᠴᠢᠭᠯᠡᠩᠬᠦᠢ ᠴᠢᠨᠠᠷᠳᠠᠢ ᠪᠠᠷ ᠭᠠᠵᠠᠷ ᠤᠷᠤᠨ ᠳᠠᠭᠠᠨ ᠲᠤᠬᠢᠷᠠᠭᠤᠯᠤᠨ  ᠭᠡᠷᠡᠭᠵᠢᠬᠦᠯᠦᠬᠡᠳ ᠢᠯᠡᠷᠭᠡᠢ ᠠᠮᠵᠢᠯᠳᠠ ᠤᠯᠵᠤ ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠡ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠪᠦᠳᠦᠮᠵᠢᠳᠡᠢ ᠬᠠᠮᠠᠭᠠᠯᠠᠪᠠ ᠬᠡᠵᠦ ᠲᠤᠰ ᠬᠤᠰᠢᠭᠤᠨ ᠤ ᠬᠢᠵᠢᠭ ᠰᠡᠷᠭᠡᠶᠢᠯᠡᠬᠦ ᠠᠵᠢᠯ ᠤᠨ ᠠᠷᠭ᠎ᠠ ᠪᠠᠷᠢᠯ ᠪᠠ ᠠᠮᠵᠢᠯᠳᠠ ᠪᠦᠳᠦᠮᠵᠢ  ᠳᠤ  ᠦᠨᠳᠦᠷ ᠦᠨᠡᠯᠡᠯᠳᠡ  ᠦᠭᠬᠦᠭᠰᠡᠨ ᠤ ᠬᠠᠮᠳᠤ᠂  ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠳᠠ ᠪᠠ ᠤᠯᠠᠨ ᠨᠡᠶᠢᠳᠡ ᠶᠢᠨ ᠭᠠᠵᠠᠷ ᠤᠨ ᠠᠷᠢᠭᠤᠳᠬᠠᠯ ᠴᠡᠪᠡᠷᠯᠡᠭᠡ ᠶᠢ ᠦᠷᠬᠦᠯᠵᠢᠯᠡᠨ ᠴᠢᠩᠭᠠᠳᠬᠠᠵᠤ᠂  ᠬᠢᠨᠠᠨ ᠪᠠᠶᠢᠴᠠᠭᠠᠵᠤ ᠡᠵᠡᠮᠳᠡᠨ ᠬᠠᠮᠢᠶᠠᠷᠬᠤ ᠶᠠᠪᠤᠴᠠ ᠶᠢ ᠲᠡᠬᠦᠯᠳᠡᠷᠵᠢᠬᠦᠯᠦᠨ᠂  ᠨᠡᠶᠢᠬᠡᠮ ᠲᠤᠭᠤᠷᠢᠭ ᠤᠨ  ᠬᠢᠨᠠᠨ ᠪᠠᠶᠢᠴᠠᠭᠠᠬᠤ᠂ ᠲᠠᠩᠰᠠᠯᠠᠨ ᠬᠠᠮᠢᠶᠠᠷᠬᠤ ᠵᠡᠷᠭᠡ ᠠᠵᠢᠯ ᠢ ᠡᠷᠭᠡᠪᠰᠢ ᠰᠠᠶᠢᠨ ᠬᠢᠵᠦ᠂  ᠠᠵᠤ ᠠᠬᠤᠶᠢᠯᠠᠯ ᠢ  ᠢᠳᠡᠪᠬᠢᠳᠡᠢ ᠬᠠᠪᠰᠤᠷᠤᠨ ᠠᠵᠢᠯ ᠦᠢᠯᠡᠳᠪᠦᠷᠢᠯᠡᠯ ᠢ ᠨᠢ ᠰᠡᠷᠬᠦᠬᠡᠬᠦ ᠭᠡᠷᠡᠭᠳᠡᠢ᠃ ᠠᠵᠤ ᠠᠬᠤᠶᠢᠯᠠᠯ ᠨᠢ ᠡᠷᠭᠡᠪᠰᠢ  ᠬᠢᠵᠢᠭ ᠰᠡᠷᠭᠡᠶᠢᠯᠡᠬᠦ ᠪᠠ ᠦᠢᠯᠡᠳᠪᠦᠷᠢᠯᠡᠯ ᠰᠡᠷᠬᠦᠬᠡᠬᠦ ᠶᠢ ᠵᠡᠷᠭᠡᠳᠡ ᠠᠳᠬᠤᠵᠤ ᠵᠡᠷᠭᠡᠳᠡ ᠠᠬᠢᠭᠤᠯᠤᠨ᠂ ᠠᠵᠤ ᠠᠬᠤᠶᠢᠯᠠᠯ ᠤᠨ  ᠲᠤᠰ ᠪᠡᠶ᠎ᠡ  ᠶᠢᠨ ᠤᠨᠴᠠᠯᠢᠭ ᠲᠠᠢ ᠪᠠᠨ ᠤᠶᠠᠯᠳᠤᠭᠤᠯᠵᠤ᠂ ᠰᠢᠨᠵᠢᠯᠡᠬᠦ  ᠤᠬᠠᠭᠠᠨᠴᠢ ᠦᠷ᠎ᠡ ᠪᠦᠳᠦᠮᠵᠢᠳᠡᠢ ᠰᠡᠷᠭᠡᠶᠢᠯᠡᠨ ᠡᠵᠡᠮᠳᠡᠬᠦ ᠠᠵᠢᠯ ᠤᠨ ᠲᠤᠭᠳᠠᠴᠠ ᠶᠢ ᠪᠠᠶᠢᠭᠤᠯᠤᠨ᠂  ᠠᠵᠢᠯᠴᠢᠳ ᠤᠨ ᠢᠶᠠᠨ ᠪᠡᠶ᠎ᠡ ᠶᠢᠨ ᠡᠷᠡᠬᠦᠯ ᠮᠡᠨᠳᠦ ᠶᠢ ᠪᠠᠳᠤᠯᠠᠬᠤ ᠶᠢᠨ ᠬᠠᠮᠳᠤ  ᠂ ᠠᠵᠤ ᠠᠬᠤᠶᠢᠯᠠᠯ ᠤᠨ ᠢᠶᠠᠨ ᠠᠶᠤᠯᠬᠦᠢ ᠦᠢᠯᠡᠳᠪᠦᠷᠢᠯᠡᠯ ᠢ ᠰᠠᠶᠢᠳᠤᠷ ᠠᠳᠬᠤᠵᠤ᠂  ᠠᠮᠤᠷ ᠲᠦᠪᠰᠢᠨ ᠡᠮᠬᠢ ᠲᠢᠭᠯᠡᠮ ᠲᠠᠢ ᠪᠠᠷ ᠦᠢᠯᠡᠳᠪᠦᠷᠢᠯᠡᠯ   ᠢᠶᠠᠨ ᠡᠬᠢᠯᠡᠬᠦᠯᠬᠦ ᠭᠡᠷᠡᠭᠳᠡᠢ᠃   ᠰᠤᠷᠭᠠᠨ ᠬᠦᠮᠦᠵᠢᠯ ᠤᠨ ᠰᠢᠰᠲ᠋ᠧᠮ  ᠤᠨ ᠬᠢᠨ ᠬᠢᠵᠢᠭ ᠰᠡᠷᠭᠡᠶᠢᠯᠡᠬᠦ ᠬᠠᠷᠢᠭᠤᠴᠠᠯᠭ᠎ᠠ ᠶᠢ ᠲᠠᠬᠢᠨ ᠲᠤᠳᠤᠷᠬᠠᠶᠢᠯᠠᠵᠤ ᠲᠠᠬᠢᠨ ᠨᠠᠷᠢᠯᠢᠭᠵᠢᠭᠤᠯᠵᠤ᠂ ᠰᠦᠯᠵᠢᠶᠡᠨ ᠤ ᠵᠢᠭᠠᠨ ᠰᠤᠷᠭᠠᠯᠳᠠ ᠶᠢ ᠨᠠᠷᠢᠨ ᠨᠢᠬᠳᠠ  ᠪᠠᠶᠢᠷᠢᠯᠠᠭᠤᠯᠤᠨ᠂  ᠬᠢᠴᠢᠶᠡᠯ ᠰᠤᠷᠤᠯᠭ᠎ᠠ ᠡᠬᠢᠯᠡᠬᠦ ᠵᠡᠷᠭᠡ ᠡᠯ᠎ᠡ ᠲᠦᠷᠦᠯ ᠤᠨ ᠠᠵᠢᠯ ᠢ ᠨᠠᠷᠢᠨ ᠨᠢᠮᠪᠠᠢ ᠲᠦᠯᠦᠪᠯᠡᠬᠦ ᠭᠡᠷᠡᠭᠳᠡᠢ᠃ ᠵᠠᠬ᠎ᠠ ᠲᠡᠯᠬᠡᠬᠦᠷ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠦᠨ᠎ᠡ ᠬᠠᠩᠰᠢ ᠲᠤᠭᠳᠠᠭᠤᠨ᠂  ᠪᠠᠷᠠᠭ᠎ᠠ ᠲᠠᠸᠠᠷ ᠬᠦᠷᠦᠯᠴᠡᠬᠦᠶᠢᠴᠡ ᠪᠠᠶᠢᠬᠤ ᠶᠢ ᠪᠠᠳᠤᠯᠠᠨ᠂ ᠭᠡᠷᠡᠭᠯᠡᠭᠴᠢᠳ ᠲᠤ ᠰᠠᠨᠠᠭ᠎ᠠ ᠠᠮᠤᠷ ᠭᠡᠷᠡᠭᠯᠡᠭᠡᠨ ᠤ  ᠤᠷᠴᠢᠨ ᠢ ᠬᠠᠩᠭᠠᠬᠤ ᠭᠡᠷᠡᠭᠳᠡᠢ᠃  ᠭᠤᠤᠯᠳᠠᠯᠭ᠎ᠠ ᠲᠠᠢ ᠭᠠᠵᠠᠷ ᠤᠷᠤᠨ᠂  ᠭᠤᠤᠯᠳᠠᠯᠭ᠎ᠠ ᠲᠠᠢ ᠬᠦᠮᠦᠰ ᠲᠤ  ᠴᠢᠩᠭ᠎ᠠ ᠬᠢᠨᠠᠯᠳᠠ ᠲᠠᠯᠪᠢᠵᠤ᠂  ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂  ᠰᠡᠳᠬᠢᠯ ᠬᠦᠴᠦ ᠨᠢᠬᠡᠳᠦᠭᠰᠡᠨ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠪᠠᠶᠢᠭᠤᠯᠬᠤ ᠭᠡᠷᠡᠭᠳᠡᠢ᠃  ᠡᠳ᠋ ᠪᠤᠳᠠᠰ ᠤᠨ ᠪᠠᠳᠤᠯᠠᠭ᠎ᠠ᠂ ᠰᠢᠨᠵᠢᠯᠡᠬᠦ  ᠤᠬᠠᠭᠠᠨᠴᠢ ᠲᠦᠯᠦᠪᠯᠡᠭᠡ ᠶᠢ ᠤᠯᠠᠮ ᠨᠢᠬᠡ ᠠᠯᠬᠤᠮ ᠴᠢᠩᠭᠠᠳᠬᠠᠵᠤ᠂ ᠡᠬᠦᠷᠭᠡ ᠬᠠᠷᠢᠭᠤᠴᠠᠯᠭ᠎ᠠ ᠪᠠᠨ ᠦᠷᠬᠦᠯᠵᠢᠯᠡᠨ ᠰᠠᠶᠢᠳᠤᠷ ᠬᠦᠢᠴᠡᠳᠭᠡᠵᠦ᠂  ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠴᠢᠩᠭ᠎ᠠ  ᠪᠦᠬᠡᠳ ᠪᠤᠳᠠᠳᠠᠢ ᠠᠳᠬᠤᠨ᠂ ᠡᠮᠬᠢ ᠴᠡᠭᠴᠡ ᠲᠠᠢ  ᠲᠦᠯᠬᠢᠨ ᠠᠬᠢᠭᠤᠯᠵᠤ᠂  ᠬᠢᠵᠢᠭ ᠠᠴᠠ ᠪᠤᠯᠬᠤ ᠬᠠᠷᠰᠢ ᠨᠦᠯᠦᠬᠡ ᠶᠢ ᠬᠠᠮᠤᠭ ᠪᠠᠭ᠎ᠠ ᠬᠡᠮᠵᠢᠶᠡᠨ ᠳᠤ ᠬᠦᠷᠳᠡᠯ᠎ᠡ ᠪᠠᠭᠠᠰᠬᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号