ᠲᠠᠶᠢᠹᠤᠰᠧ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-17
    3 ᠰᠠᠷ᠎ᠠ ᠶᠢᠨ 16 ᠤ ᠡᠳᠦᠷ᠂  ᠲᠠᠶᠢᠹᠤᠰᠧ ᠬᠤᠰᠢᠭᠤ 2020 ᠤᠨ ᠤ ᠤᠢ ᠰᠢᠭᠤᠢ ᠨᠤᠳᠤᠭ ᠪᠡᠯᠴᠢᠬᠡᠷ  ᠤᠨ ᠭᠠᠯ ᠰᠡᠷᠭᠡᠶᠢᠯᠡᠬᠦ ᠠᠵᠢᠯ ᠤᠨ ᠬᠤᠷᠠᠯ  ᠬᠤᠷᠠᠯᠳᠤᠭᠤᠯᠵᠤ᠂  ᠪᠦᠬᠦ ᠤᠯᠤᠰ᠂  ᠪᠦᠬᠦ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠤᠨ ᠵᠤᠷᠢᠭ  ᠰᠠᠨᠠᠭ᠎ᠠ ᠶᠢ  ᠤᠯᠠᠮ  ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠬᠤᠰᠢᠭᠤᠨ ᠤ ᠪᠠᠨ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠢ  ᠨᠠᠷᠢᠨ ᠨᠢᠬᠳᠠ ᠪᠠᠶᠢᠷᠢᠯᠠᠭᠤᠯᠤᠭᠰᠠᠨ ᠪᠠᠶᠢᠨ᠎ᠠ᠃    ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂  ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠬᠤᠷᠠᠯ ᠤᠨ ᠶᠠᠷᠢᠶᠠᠨ ᠳᠠᠭᠠᠨ᠂  ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠨᠢ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ  ᠬᠢᠵᠢᠭ ᠰᠡᠷᠭᠡᠶᠢᠯᠡᠬᠦ ᠪᠠ ᠦᠢᠯᠡᠳᠪᠦᠷᠢᠯᠡᠯ ᠰᠡᠷᠬᠦᠬᠡᠬᠦ ᠵᠡᠷᠭᠡ ᠭᠤᠤᠯᠳᠠᠯᠭ᠎ᠠ  ᠲᠠᠢ ᠠᠵᠢᠯ ᠤᠨ ᠲᠤᠬᠠᠢ ᠬᠢᠭᠰᠡᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠴᠢᠩᠭ᠎ᠠ ᠠᠳᠬᠤᠬᠤ  ᠶᠢᠨ ᠬᠠᠮᠳᠤ᠂  ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠢ ᠨᠢᠬᠡᠳᠦᠯᠳᠡᠢ ᠲᠦᠯᠦᠪᠯᠡᠨ  ᠴᠢᠩᠭ᠎ᠠ ᠠᠳᠬᠤᠵᠤ᠂ ᠤᠯᠤᠰ᠂ ᠤᠷᠤᠨ᠂ ᠠᠶᠢᠮᠠᠭ  ᠪᠠ ᠬᠤᠰᠢᠭᠤᠨ ᠤ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠤᠰᠤᠭᠠᠷ᠂  ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠦᠨ᠂  ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠢ ᠰᠠᠶᠢᠨ ᠬᠢᠬᠦ ᠬᠠᠷᠢᠭᠤᠴᠠᠯᠭᠠᠳᠤ ᠰᠡᠳᠬᠢᠯᠬᠡ᠂  ᠪᠠᠴᠢᠮ ᠲᠤᠯᠭᠠᠮ᠎ᠠ ᠰᠡᠳᠬᠢᠯᠬᠡ ᠪᠠᠨ ᠴᠢᠩᠭᠠᠳᠬᠠᠵᠤ᠂  ᠭᠠᠯ ᠰᠡᠷᠭᠡᠶᠢᠯᠡᠬᠦ ᠠᠵᠢᠯ ᠢ ᠨᠢᠬᠡᠨ ᠲᠦᠷᠦᠯ ᠤᠨ ᠤᠯᠤᠰ ᠲᠦᠷᠦ  ᠶᠢᠨ ᠡᠬᠦᠷᠭᠡ ᠪᠤᠯᠭᠠᠵᠤ  ᠠᠳᠬᠤᠵᠤ ᠨᠠᠶᠢᠳᠠᠪᠤᠷᠢᠵᠢᠭᠤᠯᠬᠤ ᠭᠡᠷᠡᠭᠳᠡᠢ᠃  ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂   ᠬᠠᠷᠠᠯᠳᠠ᠂ ᠡᠬᠦᠷᠭᠡ᠂ ᠬᠠᠷᠢᠭᠤᠴᠠᠯᠭ᠎ᠠ ᠶᠢ ᠬᠠᠷᠢᠭᠤᠴᠠᠬᠤ ᠨᠢᠬᠡᠴᠡ ᠪᠠ ᠬᠦᠮᠦᠨ  ᠨᠢᠬᠡᠪᠦᠷᠢ ᠳᠤ ᠬᠤᠪᠢᠳᠠᠨ ᠨᠠᠶᠢᠳᠠᠪᠤᠷᠢᠵᠢᠭᠤᠯᠬᠤ ᠭᠡᠷᠡᠭᠳᠡᠢ᠃  ᠠᠵᠢᠯ ᠤᠨ ᠡᠷᠴᠢᠮ ᠢ ᠤᠯᠠᠮ ᠨᠢᠬᠡ ᠠᠯᠬᠤᠮ  ᠴᠢᠩᠭᠠᠷᠠᠭᠤᠯᠤᠨ᠂  ᠭᠡᠮ ᠰᠤᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂  ᠭᠠᠯ ᠤᠨ ᠰᠤᠷᠪᠤᠯᠵᠢ ᠶᠢ ᠡᠵᠡᠮᠳᠡᠨ  ᠬᠠᠮᠢᠶᠠᠷᠬᠤ ᠴᠢᠳᠠᠪᠤᠷᠢ   ᠶᠢᠨ ᠪᠠᠶᠢᠭᠤᠯᠤᠯᠳᠠ ᠶᠢ  ᠴᠢᠩᠭᠠᠳᠬᠠᠨ᠂   ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠬᠢᠷᠢ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃  ᠡᠬᠦᠨ ᠤ ᠬᠠᠮᠳᠤ᠂  ᠤᠯᠠᠨ ᠵᠦᠢᠯ ᠤᠨ ᠠᠷᠭ᠎ᠠ ᠭᠡᠯᠪᠡᠷᠢ ᠪᠠᠷ ᠤᠬᠠᠭᠤᠯᠭ᠎ᠠ ᠬᠦᠮᠦᠵᠢᠯ ᠤᠨ ᠡᠷᠴᠢᠮ ᠢ ᠴᠢᠩᠭᠠᠷᠠᠭᠤᠯᠵᠤ᠂ ᠭᠠᠯ  ᠰᠡᠷᠭᠡᠶᠢᠯᠡᠵᠦ ᠭᠠᠯ ᠤᠨᠳᠠᠷᠠᠭᠠᠬᠤ ᠮᠡᠳᠡᠯᠬᠡ ᠲᠤᠷᠰᠢᠯᠭ᠎ᠠ ᠶᠢ ᠲᠦᠬᠡᠮᠡᠯᠵᠢᠬᠦᠯᠦᠨ᠂  ᠤᠯᠠᠨ ᠲᠦᠮᠡᠨ ᠤ ᠤᠬᠠᠮᠰᠠᠷ ᠲᠠᠨᠢᠯᠳᠠ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ  ᠭᠡᠷᠡᠭᠳᠡᠢ᠃  ᠬᠤᠰᠢᠭᠤᠨ ᠤ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ   ᠤᠨ ᠠᠯᠪᠠᠨ ᠭᠡᠷ   ᠨᠢ ᠱᠠᠭᠠᠷᠳᠠᠨ  ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂  ᠡᠯ᠎ᠡ ᠨᠢᠬᠡᠴᠡ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠱᠠᠭᠠᠷᠳᠠᠨ ᠪᠠᠶᠢᠴᠠᠭᠠᠯᠳᠠ  ᠶᠠᠪᠤᠭᠤᠯᠵᠤ᠂  ᠬᠠᠪᠤᠷ ᠤᠨ ᠤᠯᠠᠷᠢᠯ ᠤᠨ  ᠭᠠᠯ ᠰᠡᠷᠭᠡᠶᠢᠯᠡᠬᠦ ᠲᠠᠶᠢᠯᠠᠯᠳᠤᠭᠠᠨ ᠢ ᠦᠨᠡᠨᠬᠦ ᠰᠠᠶᠢᠨ ᠬᠢᠵᠦ᠂  ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠨ᠂  ᠤᠢ ᠰᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠢ  ᠰᠠᠶᠢᠳᠤᠷ ᠬᠠᠮᠠᠭᠠᠯᠠᠬᠤ ᠭᠡᠷᠡᠭᠳᠡᠢ ᠬᠡᠵᠦ ᠴᠢᠬᠤᠯᠠᠴᠢᠯᠠᠨ ᠱᠠᠭᠠᠷᠳᠠᠪᠠ᠃      ᠲᠡᠳ᠋ ᠬᠤᠰᠢᠭᠤ ᠲᠠᠷᠤᠭ᠎ᠠ ᠯᠢ ᠵᠠᠨ ᠪᠤᠤ ᠡᠨᠡ  ᠵᠢᠯ ᠤᠨ ᠭᠠᠯ ᠰᠡᠷᠭᠡᠶᠢᠯᠡᠬᠦ ᠠᠵᠢᠯ ᠤᠨ ᠪᠠᠶᠢᠳᠠᠯ ᠢ ᠰᠡᠷᠭᠡᠭ  ᠢᠶᠠᠷ ᠲᠠᠨᠢᠬᠤ᠂  ᠠᠷᠭ᠎ᠠ ᠠᠪᠴᠢᠯ ᠢ ᠴᠢᠩᠭ᠎ᠠ  ᠭᠡᠷᠡᠭᠵᠢᠬᠦᠯᠬᠦ᠂  ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠡᠷᠭᠡ ᠭᠤᠷᠪᠠᠨ ᠲᠠᠯ᠎ᠠ ᠠᠴᠠ ᠪᠦᠬᠦ ᠬᠤᠰᠢᠭᠤᠨ ᠤ  ᠤᠢ ᠰᠭᠤᠢ ᠨᠤᠳᠤᠭ ᠪᠡᠯᠴᠢᠭᠡᠷ ᠭᠠᠯ ᠰᠡᠷᠭᠡᠶᠢᠯᠡᠬᠦ ᠠᠵᠢᠯ ᠳᠤ ᠨᠠᠷᠢᠨ ᠨᠢᠬᠳᠠ ᠪᠠᠶᠢᠷᠢᠯᠠᠭᠤᠯᠤᠯᠳᠠ ᠬᠢᠭᠰᠡᠨ ᠤ ᠬᠠᠮᠳᠤ᠂  ᠡᠯ᠎ᠡ ᠰᠤᠮᠤ ᠰᠢᠶᠠᠩ ᠪᠠᠯᠭᠠᠰᠤᠨ  ᠤ ᠤᠳᠤᠷᠢᠳᠤᠯᠭ᠎ᠠ ᠲᠠᠢ  ᠤᠢ ᠰᠭᠤᠢ ᠨᠤᠳᠤᠭ ᠪᠡᠯᠴᠢᠭᠡᠷ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ  ᠲᠤᠭᠳᠠᠭᠰᠠᠨ ᠪᠠᠶᠢᠨ᠎ᠠ᠃  ᠬᠤᠷᠠᠯ ᠲᠡᠭᠡᠷ᠎ᠡ ᠪᠠᠰᠠ ᠪᠦᠬᠦ ᠬᠤᠰᠢᠭᠤᠨ ᠤ  ᠬᠠᠪᠤᠷ ᠤᠨ ᠤᠯᠠᠷᠢᠯ ᠤᠨ ᠴᠠᠭ ᠠᠭᠤᠷ  ᠤᠨ ᠪᠠᠶᠢᠳᠠᠯ ᠢ  ᠮᠡᠳᠡᠭᠡᠯᠡᠭᠰᠡᠨ ᠪᠦᠬᠡᠳ ︽  ᠲᠠᠶᠢᠹᠤᠰᠧ ᠬᠤᠰᠢᠭᠤᠨ ᠤ 2020 ᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠦᠮᠦᠵᠢᠯ ᠤᠨ ᠠᠵᠢᠯ ᠤᠨ ᠲᠦᠰᠦᠪ︾ ᠢ ᠨᠡᠶᠢᠳᠡᠯᠡᠪᠡ᠃      ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ  ᠤᠨ ᠭᠡᠰᠢᠬᠦᠨ  ᠨᠢᠬᠡᠴᠡ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号