ᠠᠭᠠᠷ ᠴᠡᠪᠡᠷᠰᠢᠭᠦᠯᠦᠭᠴᠢ ᠨᠢ ᠸᠢᠷᠦ᠋ᠰ ᠢ ᠱᠦᠭᠦᠵᠦ ᠲᠠᠶᠢᠯᠤᠨ᠎ᠠ ᠤᠤ︖  ᠲᠤᠰᠬᠠᠶ ᠮᠡᠷᠭᠡᠵᠢᠯᠲᠡᠨ᠄ ᠲᠡᠶᠢᠯᠭᠦ ᠦᠭᠡᠢ ᠪᠠᠶᠢᠵᠤ ᠮᠡᠳᠡᠨ᠎ᠠ᠂ ᠡᠳᠦᠷ ᠪᠦᠷᠢ ᠴᠣᠩᠬᠤ ᠪᠠᠨ ᠨᠡᠭᠡᠭᠡᠵᠦ ᠰᠠᠯᠬᠢ ᠵᠢᠪᠠᠷ ᠨᠡᠪᠲᠡᠷᠡᠭᠦᠯᠬᠦ ᠶᠢ ᠰᠠᠨᠠᠭᠤᠯᠤᠶ᠎ᠠ
ᠨᠡᠶᠢᠲᠡᠯᠡᠭᠰᠡᠨ ᠴᠠᠭ᠄
2020/3/23
         ᠠᠷᠠᠳ ᠤᠨ ᠰᠦᠯᠵᠢᠶ᠎ᠡ ᠶᠢᠨ ᠪᠡᠭᠡᠵᠢᠩ ᠤᠨ 2 ᠰᠠᠷ᠎ᠠ ᠶᠢᠨ 16 ᠤ ᠡᠳᠦᠷ ᠤᠨ ᠮᠡᠳᠡᠭᠡ ︵ᠰᠢᠤᠢ  ᠰᠢᠶᠤᠤ  ᠬᠤᠸᠠ︶ ᠥᠨᠥᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ  ᠲᠣᠭᠲᠠᠴᠠ ᠶᠢᠨ ᠬᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃              ᠠᠭᠠᠷ ᠴᠡᠪᠡᠷᠰᠢᠭᠦᠯᠦᠭᠴᠢ ᠸᠢᠷᠦ᠋ᠰ ᠢ ᠱᠦᠭᠦᠵᠦ ᠲᠡᠶᠢᠯᠭᠦ ᠡᠰᠡᠬᠦ ᠶᠢᠨ ᠠᠰᠠᠭᠤᠳᠠᠯ ᠳᠤ  ᠴᠢᠭᠯᠡᠭᠦᠯᠦᠨ᠂ ᠲᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠦᠪ ᠤᠨ ᠰᠤᠳᠤᠯᠤᠬᠴᠢ ᠹᠧᠡᠭ ᠯᠤ᠋ ᠵᠤᠤ  ᠢᠯᠡᠷᠭᠡᠶᠢᠯᠡᠭᠦ ᠳᠡᠭᠡᠨ᠂ ᠤᠳᠤᠬᠠᠨ ᠳᠤ ᠵᠠᠬ᠎ᠠ ᠳᠡᠯᠭᠡᠭᠦᠷ ᠲᠤ ᠦᠷᠭᠦᠯᠵᠢ ᠬᠡᠷᠡᠭᠯᠡᠳᠡᠭ ᠠᠭᠠᠷ ᠴᠡᠪᠡᠷᠰᠢᠭᠦᠯᠦᠭᠴᠢ  ᠪᠣᠯ  ᠠᠭᠠᠷ  ᠰᠤᠷᠤᠬᠤ  ᠮᠠᠰᠢᠨ  ᠪᠠ ᠱᠦᠭᠦᠬᠦ ᠲᠥᠬᠦᠭᠡᠷᠦᠮᠵᠢ ᠪᠠᠷ ᠪᠦᠷᠢᠯᠳᠦᠭᠰᠡᠨ ᠶᠤᠮ᠂ ᠠᠭᠠᠷ  ᠰᠤᠷᠤᠬᠤ  ᠮᠠᠰᠢᠨ ᠨᠢ ᠭᠡᠷ ᠲᠤᠳᠤᠷᠠᠭᠢ  ᠠᠭᠠᠷ ᠢ ᠰᠤᠷᠤᠵᠤ᠂ ᠱᠦᠭᠦᠬᠦ ᠲᠦᠭᠦᠭᠡᠷᠦᠮᠵᠢ ᠨᠢ ᠰᠣᠷᠣᠨ ᠨᠠᠭᠠᠯᠳᠤᠭᠤᠯᠬᠤ ᠪᠠᠷ  ᠳᠠᠮᠵᠢᠨ  ᠡᠯ᠎ᠡ  ᠵᠦᠢᠯ ᠤᠨ  ᠪᠣᠬᠢᠷᠳᠤᠯᠳᠤ  ᠪᠤᠳᠠᠰ ᠢ  ᠱᠦᠭᠦᠨ ᠭᠠᠷᠭᠠᠵᠤ᠂ ᠳᠠᠬᠢᠨ ᠱᠦᠭᠦᠭᠰᠡᠨ ᠤ ᠳᠠᠷᠠᠭᠠᠬᠢ ᠠᠭᠠᠷ ᠢ ᠭᠠᠳᠠᠭᠰᠢᠯᠠᠭᠤᠯᠳᠠᠭ᠃ ᠠᠭᠠᠷ ᠴᠡᠪᠡᠷᠰᠢᠭᠦᠯᠦᠭᠴᠢ ᠨᠢ ᠭᠤᠣᠯᠳᠠᠭᠤ ᠠᠭᠠᠷ ᠳᠣᠲᠣᠷᠠᠬᠢ ᠨᠢᠭᠡ ᠵᠦᠢᠯ ᠤᠨ ᠪᠤᠶᠤ  ᠣᠯᠠᠨ  ᠵᠦᠢᠯ ᠤᠨ  ᠪᠤᠬᠢᠷᠳᠤᠯᠳᠤ  ᠪᠣᠳᠠᠰ ᠢ  ᠠᠷᠢᠯᠭᠠᠬᠤ ᠳᠤ  ᠲᠣᠬᠢᠷᠠᠨ᠎ᠠ᠂  ᠭᠡᠪᠡᠴᠦ ᠦᠢᠯᠡᠳᠬᠦᠨ ᠤ ᠪᠠᠷᠢᠮᠵᠢᠶ᠎ᠠ ᠳᠣᠲᠣᠷ᠎ᠠ ᠨᠢ ᠸᠢᠷᠦ᠋ᠰ ᠪᠤᠶᠤ ᠪᠤᠰᠤᠳ ᠡᠪᠡᠳᠴᠢᠨ ᠡᠭᠦᠰᠭᠡᠭᠴᠢ ᠮᠢᠺᠷᠣᠪ ᠢ ᠠᠯᠠᠵᠤ  ᠤᠰᠠᠳᠬᠠᠬᠤ ᠨᠣᠷᠮ᠎ᠠ ᠶᠢᠨ ᠲᠠᠯ᠎ᠠ ᠶᠢᠨ ᠱᠠᠭᠠᠷᠳᠠᠯᠭ᠎ᠠ  ᠪᠠᠶᠢᠬᠤ  ᠦᠭᠡᠢ  ᠶᠤᠮ᠃  ᠡᠶᠢᠮᠦ ᠠᠴᠠ ᠠᠭᠠᠷ  ᠴᠡᠪᠡᠷᠰᠢᠭᠦᠯᠦᠭᠴᠢ ᠨᠢ  ᠸᠢᠷᠦ᠋ᠰ ᠢ ᠱᠦᠭᠦᠵᠦ ᠳᠡᠶᠢᠯᠬᠦ ᠥᠬᠡᠶ ᠪᠠᠶᠢᠵᠤ ᠮᠡᠳᠡᠨ᠎ᠡ᠃ ᠡᠩ ᠤᠨ ᠪᠠᠶᠢᠳᠠᠯ ᠳᠣᠣᠷ᠎ᠠ᠂ ᠭᠡᠷ  ᠪᠦᠯᠢ ᠶᠢᠨ ᠬᠢᠨ ᠳᠤ  ᠡᠳᠦᠷ  ᠪᠦᠷᠢ  ᠭᠡᠷ ᠳᠣᠲᠣᠷ᠎ᠠ ᠪᠠᠨ ᠰᠠᠯᠬᠢ ᠵᠢᠪᠠᠷ ᠨᠡᠪᠲᠡᠷᠡᠭᠦᠯᠦᠨ ᠠᠭᠠᠷ ᠰᠤᠯᠢᠬᠤ ᠶᠢ ᠰᠠᠨᠠᠭᠤᠯᠤᠶ᠎ᠠ᠂ ᠪᠠᠶᠢᠭᠠᠯᠢ ᠶᠢᠨ ᠰᠠᠯᠬᠢ  ᠵᠢᠪᠡᠷ  ᠨᠡᠪᠲᠡᠷᠡᠬᠦᠯᠭᠦ ᠪᠤᠶᠤ ᠮᠧᠬᠠᠨᠢᠭ ᠢᠶᠠᠷ ᠰᠠᠯᠬᠢ ᠵᠢᠪᠠᠷ ᠨᠡᠪᠲᠡᠷᠡᠭᠦᠯᠵᠦ ᠪᠤᠯᠤᠨ᠎ᠠ᠂ ᠭᠡᠪᠡᠴᠦ ᠣᠳᠣᠬᠠᠨ ᠤ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠪᠠᠶᠢᠬᠤ ᠪᠠᠶᠢᠳᠠᠯ ᠳᠣᠣᠷ᠎ᠠ᠂ ᠴᠣᠩᠬᠤ ᠪᠠᠨ ᠨᠡᠭᠡᠭᠡᠵᠦ ᠰᠠᠯᠬᠢ ᠵᠢᠪᠠᠷ ᠨᠡᠪᠲᠡᠷᠡᠭᠦᠯᠬᠦ ᠦᠶ᠎ᠡ ᠳᠤ  ᠭᠡᠷ ᠤᠨ  ᠳᠣᠲᠣᠨ᠎ᠠ  ᠭᠠᠳᠠᠨᠠᠬᠢ ᠳᠤᠯᠠᠭᠠᠨ ᠤ ᠵᠥᠷᠢᠶ᠎ᠡ ᠶᠡᠭᠡ ᠠᠴᠠ ᠪᠣᠯᠵᠤ ᠲᠠᠬᠰᠢᠭᠤᠷ ᠬᠦᠷᠭᠦ ᠠᠶᠤᠯ ᠲᠦᠭᠰᠢᠭᠦᠷᠢ ᠶᠢ ᠠᠩᠬᠠᠷᠬᠤ ᠬᠡᠷᠡᠭᠲᠡᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号