ᠠᠷᠢᠭᠤᠳᠬᠠᠬᠤ ᠡᠳ᠋ ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ︖
ᠨᠡᠶᠢᠲᠡᠯᠡᠭᠰᠡᠨ ᠴᠠᠭ᠄
2020/3/23
     ᠠᠰᠠᠭᠤᠯᠲᠠ᠄ ᠰᠢᠨ᠎ᠡ ᠲᠢᠲᠢᠮᠯᠢᠭ  ᠠᠭᠤᠰᠬᠢᠨ  ᠦᠷᠪᠢᠰᠦᠯ ᠤᠨ  ᠬᠢᠵᠢᠭ ᠤᠨ  ᠪᠠᠶᠢᠳᠠᠯ ᠢ  ᠰᠡᠷᠭᠡᠶᠢᠯᠡᠨ  ᠡᠵᠡᠮᠳᠡᠬᠦ ᠳᠤᠮᠳᠠ ᠠᠷᠢᠭᠤᠳᠬᠠᠬᠤ ᠡᠳ᠋ ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ︖          ᠬᠠᠷᠢᠭᠤᠯᠲᠠ᠄ 1. ᠪᠠᠶᠢᠭᠤᠯᠭ᠎ᠠ ᠨᠢᠭᠡᠴᠢ᠂ ᠰᠠᠭᠤᠭᠠᠯᠢ ᠠᠷᠠᠳ ᠤᠨ  ᠨᠡᠶᠢᠭᠡᠮ  ᠲᠣᠭᠤᠷᠢᠭ᠂  ᠣᠯᠠᠨ  ᠨᠡᠶᠢᠲᠡ ᠶᠢᠨ ᠲᠠᠯᠠᠪᠤᠷ  ᠵᠡᠷᠭᠡ ᠶᠢᠨ  ᠠᠷᠢᠭᠤᠳᠬᠠᠬᠤ  ᠠᠵᠢᠯ ᠢ  ᠬᠠᠷᠢᠭᠤᠴᠠᠵᠤ   ᠪᠠᠶᠢᠭ᠎ᠠ   ᠬᠥᠮᠦᠰ   ᠠᠷᠢᠭᠤᠳᠬᠠᠬᠤ   ᠦᠶ᠋ᠯᠡᠳᠬᠦᠨ ᠤ ᠲᠣᠳᠣᠷᠬᠠᠶᠢᠯᠠᠯᠲᠠ ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠲᠣᠭᠲᠠᠭᠠᠯ  ᠶᠣᠰᠣᠭᠠᠷ  ᠠᠷᠢᠭᠤᠳᠬᠠᠬᠤ  ᠡᠳ᠋ ᠢ  ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠵᠦ᠂ ᠠᠷᠢᠭᠤᠳᠬᠠᠬᠤ ᠡᠳ᠋ ᠢ ᠳᠤᠷ᠎ᠠ ᠪᠠᠷ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠶ᠃          2. ᠠᠷᠢᠭᠤᠳᠬᠠᠬᠤ ᠦᠢᠯᠡᠳᠬᠦᠨ ᠢ ᠵᠦᠪᠬᠡᠨ ᠳᠤᠲᠤᠷᠬᠠᠢᠢᠯᠠᠯᠲᠠ ᠳᠤ ᠢᠯᠡᠷᠭᠡᠶᠢᠯᠡᠭᠰᠡᠨ ᠵᠦᠢᠯ ᠳᠤ ᠬᠡᠷᠡᠭᠯᠡᠵᠦ᠂ ᠡᠨᠡ ᠬᠦ ᠬᠦᠷᠢᠶ᠎ᠡ ᠬᠡᠪᠴᠢᠶᠡᠨ ᠠᠴᠠ ᠳᠠᠪᠠᠨ ᠬᠡᠷᠡᠭᠯᠡᠵᠦ ᠪᠤᠯᠬᠤ ᠦᠬᠡᠢ᠃        3. ᠠᠷᠢᠭᠤᠳᠬᠠᠬᠤ ᠡᠳ᠋ ᠪᠤᠯᠭᠠᠨ ᠢ ᠵᠠᠪᠠᠯ ᠲᠤᠰᠠᠭᠠᠷ ᠬᠡᠷᠡᠭᠯᠡᠬᠦ  ᠴᠢᠬᠤᠯᠠᠲᠠᠢ  ᠪᠠᠶᠢᠵᠦ᠂  ᠠᠳᠠᠯᠢ  ᠪᠤᠰᠤ  ᠲᠦᠷᠦᠯ ᠵᠦᠢᠯ ᠤᠨ ᠠᠷᠢᠭᠤᠳᠬᠠᠬᠤ ᠡᠳ᠋ ᠢ ᠬᠤᠯᠢᠵᠦ ᠬᠡᠷᠡᠭᠯᠡᠵᠦ ᠪᠤᠯᠬᠤ ᠦᠬᠡᠢ᠃              4.  ᠲᠤᠳᠤᠷᠬᠠᠢᠢᠯᠠᠯᠲᠠ ᠳᠠᠬᠢ  ᠦᠳᠭᠡᠴᠡ ᠶᠢᠨ  ᠬᠡᠮᠵᠢᠶ᠎ᠡ  ᠶᠤᠰᠤᠭᠠᠷ  ᠠᠷᠢᠭᠤᠳᠬᠠᠬᠤ  ᠡᠳ᠋ ᠢ  ᠨᠠᠶᠢᠷᠠᠭᠤᠯᠵᠦ᠂ ᠲᠤᠳᠤᠷᠬᠠᠢᠢᠯᠠᠯᠲᠠ ᠶᠢᠨ ᠬᠠᠮᠤᠭ ᠤᠬᠤᠷ ᠬᠢᠵᠠᠭᠠᠷ ᠤᠨ ᠠᠷᠢᠭᠤᠳᠬᠠᠬᠤ ᠴᠠᠭ ᠬᠤᠭᠤᠴᠠᠭ᠎ᠠ ᠶᠢ ᠪᠠᠲᠤᠯᠠᠬᠤ ᠬᠡᠷᠡᠭᠲᠡᠢ᠃           5. ᠬᠥᠮᠦᠨ ᠤ ᠪᠡᠶ᠎ᠡ ᠶᠢᠨ ᠠᠷᠠᠰᠤᠨ ᠤ ᠠᠷᠢᠭᠤᠳᠬᠠᠯ  ᠭᠡᠳᠡᠭ ᠨᠢ  ᠭᠤᠣᠯᠳᠠᠭᠤ  ᠭᠠᠷ ᠤᠨ  ᠬᠡᠰᠡᠭ  ᠵᠡᠷᠭᠡ  ᠢᠯᠡ ᠭᠠᠵᠠᠷ ᠢ ᠵᠢᠭᠠᠵᠦ  ᠪᠠᠶᠢᠳᠠᠭ ᠠᠴᠠ  ᠪᠦᠬᠦ  ᠪᠡᠶ᠎ᠡ ᠶᠢᠨ  ᠠᠷᠢᠭᠤᠳᠬᠠᠯ  ᠬᠢᠬᠦ  ᠴᠢᠬᠤᠯᠠ  ᠦᠭᠡᠶ᠃  ᠠᠷᠢᠭᠤᠳᠬᠠᠬᠤ  ᠡᠳ᠋ ᠢ ᠬᠡᠷᠡᠭᠯᠡᠬᠦ ᠳᠡᠭᠡᠨ ᠬᠠᠮᠤᠭ ᠰᠠᠶᠢᠨ ᠨᠢ ᠵᠠᠬ᠎ᠠ ᠳᠡᠯᠭᠡᠭᠦᠷ ᠲᠤ ᠪᠣᠷᠣᠯᠠᠭᠤᠯᠵᠦ ᠪᠠᠶᠢᠭ᠎ᠠ  ᠦᠢᠯᠡᠳᠬᠦᠨ ᠢ  ᠰᠣᠩᠭᠤᠵᠤ  ᠬᠡᠷᠡᠭᠯᠡᠨ᠎ᠡ᠂ ᠵᠢᠱᠢᠶᠡᠯᠡᠪᠡᠯ 75% ᠰᠫᠢᠷᠲ᠂ ᠬᠡᠲᠦ  ᠢᠰᠦᠯᠳᠦ  ᠤᠰᠤᠲᠥ᠋ᠷᠥᠭᠴᠢᠲᠦ  ᠠᠷᠢᠭᠤᠳᠬᠠᠬᠤ  ᠰᠢᠩᠭᠡᠨ  ᠵᠡᠷᠭᠡ ᠶᠢ  ᠬᠡᠷᠡᠭᠯᠡᠨ᠎ᠡ᠂ ᠥᠪᠡᠷ ᠢᠶᠠᠨ ᠠᠷᠢᠭᠤᠳᠬᠠᠬᠤ ᠰᠢᠩᠭᠡᠨ ᠨᠠᠶᠢᠷᠠᠭᠤᠯᠵᠦ ᠠᠷᠠᠰᠤᠨ ᠤ ᠠᠷᠢᠭᠤᠳᠬᠠᠯ ᠬᠢᠵᠦ ᠪᠤᠯᠬᠤ ᠦᠬᠡᠢ᠃          6. ᠭᠡᠷ ᠪᠦᠯᠢ ᠶᠢᠨ ᠬᠢᠨ ᠠᠷᠢᠭᠤᠳᠬᠠᠬᠤ ᠡᠳ᠋ ᠢ ᠠᠮᠤᠷ ᠲᠦᠪᠰᠢᠨ ᠢᠶᠠᠷ  ᠬᠠᠳᠠᠭᠠᠯᠠᠬᠤ  ᠬᠡᠷᠡᠭᠲᠡᠢ᠂  ᠤᠮᠳᠠᠭᠠᠨ ᠤ ᠯᠣᠩᠬᠤᠨ ᠳᠤ ᠠᠷᠢᠭᠤᠳᠬᠠᠬᠤ ᠰᠢᠩᠭᠡᠨ ᠢ ᠰᠠᠪᠠᠯᠠᠵᠤ ᠪᠣᠯᠬᠤ ᠦᠭᠡᠢ᠂ ᠠᠷᠢᠭᠤᠳᠬᠠᠬᠤ ᠡᠳ᠋ ᠢ ᠬᠡᠦᠬᠡᠳ ᠬᠦᠷᠦᠯᠴᠡᠵᠦ  ᠲᠡᠶᠢᠯᠬᠦ ᠦᠬᠡᠢ ᠰᠡᠷᠢᠭᠦᠨ ᠭᠠᠵᠠᠷ ᠲᠤ ᠲᠠᠯᠪᠢᠬᠤ ᠬᠡᠷᠡᠭᠲᠡᠢ᠃          7. ᠣᠨᠴᠠᠭᠠᠢ ᠣᠷᠴᠢᠨ ᠳᠤ ᠥᠨᠳᠥᠷ  ᠥᠳᠬᠡᠴᠡ ᠲᠠᠢ  ᠠᠷᠢᠭᠤᠳᠬᠠᠬᠤ  ᠡᠮ ᠢ  ᠨᠠᠶᠢᠷᠠᠭᠤᠯᠬᠤ  ᠪᠠ  ᠬᠡᠷᠡᠭᠯᠡᠬᠦ ᠡᠰᠡᠬᠦᠯ᠎ᠡ ᠤᠷᠲᠤ ᠬᠤᠭᠤᠴᠠᠭ᠎ᠠ ᠪᠠᠷ ᠠᠷᠢᠭᠤᠳᠬᠠᠬᠤ ᠡᠳ᠋ ᠢ ᠬᠡᠷᠡᠭᠯᠡᠬᠦ ᠳᠡᠭᠡᠨ ᠡᠷᠬᠡᠪᠰᠢ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠬᠦᠬᠦ ᠬᠡᠷᠡᠭᠲᠡᠢ᠂ ᠵᠢᠱᠢᠶᠡᠯᠡᠪᠡᠯ ᠬᠤᠣᠷ ᠠᠴᠠ ᠬᠠᠮᠠᠭᠠᠯᠠᠬᠤ ᠪᠠᠭ  ︵ᠠᠮᠠᠪᠴᠢ  ᠪᠢᠰᠢ︶᠂  ᠬᠠᠮᠠᠭᠠᠯᠠᠯᠳᠠ ᠶᠢᠨ  ᠪᠡᠭᠡᠯᠡᠢ  ︵ᠰᠦᠨ ᠴᠠᠪᠠᠤ ᠪᠤᠶᠤ ᠭᠤᠮ ᠪᠡᠭᠡᠯᠡᠢ ᠬᠡᠷᠡᠭᠯᠡᠨ᠎ᠡ᠂ ᠬᠥᠪᠥᠩ ᠪᠦᠰ ᠪᠤᠶᠤ ᠬᠥᠪᠥᠩ ᠤᠲᠠᠰᠤᠨ ᠪᠡᠭᠡᠯᠡᠢ  ᠬᠡᠷᠡᠭᠯᠡᠵᠦ  ᠪᠣᠯᠬᠤ  ᠦᠭᠡᠢ︶᠃ ᠲᠣᠬᠢᠷᠠᠮᠵᠢᠲᠠᠶ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠭᠦᠭᠰᠡᠨ ᠦᠭᠡᠢ ᠪᠠᠶᠢᠪᠠᠯ᠂ ᠪᠢᠲᠡᠭᠦᠮᠵᠢᠯᠡᠭᠰᠡᠨ ᠣᠷᠣᠨ ᠵᠠᠶ ᠳᠣᠲᠣᠷ᠎ᠠ ᠠᠷᠢᠭᠤᠳᠬᠠᠬᠤ ᠡᠳ᠋ ᠢ ᠨᠠᠶᠢᠷᠠᠭᠤᠯᠬᠤ ᠪᠠ ᠬᠡᠷᠡᠭᠯᠡᠵᠦ ᠪᠣᠯᠬᠤ ᠦᠭᠡᠢ᠃            ᠠᠰᠠᠭᠤᠯᠲᠠ᠄ ᠪᠠᠶᠢᠩᠭᠤ ᠲᠣᠬᠢᠶᠠᠯᠳᠤᠳᠠᠭ ᠠᠷᠢᠭᠤᠳᠬᠠᠬᠤ ᠡᠳ᠋ ᠠᠴᠠ ᠪᠣᠯᠵᠤ ᠬᠤᠣᠷᠳᠠᠭᠳᠠᠭᠰᠠᠨ ᠤ ᠳᠠᠷᠠᠭ᠎ᠠ ᠬᠡᠷᠬᠢᠨ ᠰᠢᠢᠳᠪᠦᠷᠢᠯᠡᠬᠦ ᠪᠣᠢ︖          ᠬᠠᠷᠢᠭᠤᠯᠲᠠ᠄ 1. ᠠᠮᠢᠰᠬᠤᠯ ᠤᠨ ᠵᠠᠮ ᠬᠦᠷᠦᠯᠴᠡᠭᠰᠡᠳ ᠬᠤᠣᠷᠳᠠᠭᠳᠠᠭᠰᠠᠨ ᠣᠷᠴᠢᠨ ᠲᠣᠭᠤᠷᠢᠨ ᠠᠴᠠ ᠳᠠᠷᠦ᠋ᠢᠬᠠᠨ ᠵᠠᠶᠢᠯᠠᠵᠦ᠂ ᠰᠢᠨ᠎ᠡ ᠰᠣᠷᠭᠤᠭ ᠠᠭᠠᠷ ᠤᠨ ᠤᠷᠴᠢᠨ ᠳᠤ ᠤᠴᠢᠬᠤ ᠬᠡᠷᠡᠭᠲᠡᠢ᠃           2. ᠠᠷᠠᠰᠤᠨ ᠤ ᠰᠠᠯᠢᠰᠤᠲᠤ ᠪᠦᠷᠬᠦᠪᠴᠢ ︵ᠨᠢᠳᠦ ᠪᠠᠭᠲᠠᠨ᠎ᠠ︶ ᠬᠦᠷᠦᠯᠴᠡᠭᠰᠡᠳ᠂  ᠳᠠᠷᠦ᠋ᠢᠬᠠᠨ  ᠶᠡᠭᠡ  ᠬᠡᠮᠵᠢᠶᠡᠨ ᠤ ᠤᠷᠤᠰᠤᠮᠠᠯ ᠴᠡᠪᠡᠷ ᠤᠰᠤ ᠪᠠᠷ 10 ᠮᠢᠨᠦ᠋ᠲ ᠠᠴᠠ ᠳᠡᠭᠡᠭᠰᠢ ᠳᠠᠬᠢᠨ ᠳᠠᠪᠲᠠᠨ ᠤᠬᠢᠶᠠᠬᠤ ᠬᠡᠷᠡᠭᠲᠡᠢ᠃               3. ᠤᠤᠭᠤᠵᠦ ᠬᠦᠷᠦᠯᠴᠡᠭᠰᠡᠳ ᠠᠴᠠ ᠦᠨᠢᠶᠡᠨ ᠰᠦ᠂ ᠰᠢᠩᠭᠡᠨ  ᠪᠤᠳᠠᠭ᠎ᠠ  ᠵᠡᠷᠭᠡ ᠶᠢ  ᠤᠤᠭᠤᠵᠤ  ᠬᠤᠳᠣᠭᠤᠳᠣ ᠭᠡᠳᠡᠰᠦᠨ ᠤ ᠰᠠᠯᠢᠰᠤᠲᠤ ᠪᠦᠷᠬᠦᠪᠴᠢ ᠶᠢ ᠬᠠᠮᠠᠭᠠᠯᠠᠬᠤ ᠬᠡᠷᠡᠭᠲᠡᠢ᠃           4. ᠬᠡᠷᠪᠡ ᠡᠪᠡᠳᠴᠢᠲᠡᠨ ᠤ ᠬᠦᠷᠦᠯᠴᠡᠬᠦ ᠬᠡᠮᠵᠢᠶ᠎ᠡ ᠨᠢ ᠨᠡᠯᠢᠶᠡᠳ ᠶᠡᠭᠡ ᠪᠤᠶᠤ  ᠡᠪᠡᠳᠴᠢᠨ ᠤ  ᠰᠢᠨᠵᠢ  ᠲᠡᠮᠳᠡᠭ ᠨᠢ ᠦᠷᠭᠦᠯᠵᠢᠯᠡᠨ ᠰᠠᠶᠢᠵᠢᠷᠠᠭᠰᠠᠨ ᠦᠭᠡᠢ ᠪᠣᠯ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠨ ᠵᠠᠰᠠᠭᠤᠯᠬᠤ ᠬᠡᠷᠡᠭᠲᠡᠢ᠃    
 
ᠢᠷᠡᠯᠲᠡ᠄ ᠦᠪᠥᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号