ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠵᠦ ᠪᠠᠶᠢᠬᠤ ᠬᠤᠭᠤᠴᠠᠭᠠᠨ ᠳᠠᠬᠢ | ᠮᠠᠰᠢ ᠣᠯᠠᠨ ᠬᠦᠨᠳᠦ ᠡᠪᠡᠳᠴᠢᠲᠡᠨ ᠨᠢ ᠴᠥᠮ ᠢᠳᠡᠷ ᠨᠠᠰᠤ ᠪᠠ ᠥᠲᠡᠯᠦᠭᠡ ᠨᠠᠰᠤᠨ ᠤ ᠬᠥᠮᠦᠰ ᠪᠣᠯᠤᠨ᠎ᠠ᠃ | ᠢᠳᠡᠷ ᠨᠠᠰᠤ ᠪᠠ ᠥᠲᠡᠯᠦᠭᠡ ᠨᠠᠰᠤᠨ ᠤ ᠬᠥᠮᠦᠰ ᠨᠢ ᠶᠡᠷᠦᠳᠡᠭᠡᠨ ᠣᠯᠠᠨ ᠵᠦᠢᠯ ᠤᠨ ᠡᠪᠡᠳᠴᠢᠨ ᠡᠮᠭᠡᠭ ᠲᠠᠢ᠂ | ᠪᠥᠬᠦ ᠪᠡᠶ᠎ᠡ ᠶᠢᠨ ᠳᠣᠲᠣᠷ ᠡᠷᠬᠡᠲᠡᠨ ᠤ ᠠᠵᠢᠯᠯᠠᠭ᠎ᠠ ᠨᠢ ᠮᠠᠭᠤᠳᠠᠬᠰᠠᠨ ᠤ ᠳᠡᠭᠡᠷ᠎ᠡ ᠨᠢ ᠵᠠᠵᠢᠯᠬᠤ ᠪᠠ ᠵᠠᠯᠭᠢᠬᠤ | ᠴᠢᠳᠠᠪᠤᠷᠢ ᠨᠢ ᠪᠠᠭᠤᠷᠠᠭᠰᠠᠨ ᠠᠴᠠ ᠪᠣᠯᠵᠣ ᠬᠤᠭᠤᠯᠠ ᠤᠮᠳᠠ ᠬᠦᠷᠦᠯᠴᠡᠬᠡᠳᠡᠢ ᠢᠳᠡᠵᠦ ᠴᠢᠳᠠᠬᠤ ᠦᠭᠡᠢ | ᠪᠠᠶᠢᠳᠠᠭ ᠠᠴᠠ ᠸᠢᠷᠦ᠋ᠰ ᠲᠤ ᠬᠠᠯᠳᠠᠪᠤᠷᠢᠯᠠᠬᠳᠠᠬᠤ ᠠᠴᠠ ᠡᠮᠦᠨ᠎ᠡ ᠡᠴᠡᠵᠦ ᠲᠤᠷᠠᠬᠤ ᠪᠤᠶᠤ ᠰᠢᠮ᠎ᠡ ᠲᠡᠵᠢᠭᠡᠯ | ᠲᠤᠳᠠᠬᠳᠠᠬᠤ ᠪᠠᠶᠢᠳᠠᠯ ᠭᠠᠷᠳᠠᠭ᠃ ᠡᠴᠡᠵᠦ ᠲᠤᠷᠠᠬᠤ ᠪᠠ ᠰᠢᠮ᠎ᠡ ᠲᠡᠵᠢᠭᠡᠯ ᠳᠤᠲᠠᠭᠳᠠᠬᠤ ᠶᠠᠪᠤᠳᠠᠯ ᠨᠢ | ᠡᠭᠡᠯᠢᠯᠡᠭᠡ ᠶᠢᠨ ᠠᠵᠢᠯᠯᠠᠭ᠎ᠠ ᠶᠢ ᠮᠠᠭᠤᠳᠠᠭᠤᠯᠵᠤ᠂ ᠸᠢᠷᠦ᠋ᠰ ᠤᠨ ᠬᠠᠯᠳᠠᠪᠤᠷᠢᠯᠠᠯ ᠢ ᠳᠠᠭᠠᠭᠠᠵᠤ ᠳᠡᠶᠢᠯᠬᠦ ᠥᠬᠡᠶ | ᠪᠣᠯᠭᠠᠳᠠᠭ᠃ ᠡᠶᠢᠮᠦ ᠠᠴᠠ ᠨᠠᠰᠤᠲᠠᠶᠢᠴᠤᠳ ᠵᠠᠪᠠᠯ ᠰᠢᠮ᠎ᠡ ᠲᠡᠵᠢᠭᠡᠯ ᠢᠶᠠᠨ ᠵᠣᠬᠢᠰᠲᠠᠶ ᠨᠥᠬᠦᠪᠥᠷᠢᠯᠡᠬᠦ ᠪᠠᠷ | ᠳᠠᠮᠵᠢᠭᠤᠯᠤᠨ᠂ ᠰᠢᠮ᠎ᠡ ᠲᠡᠵᠢᠭᠡᠯ ᠤᠨ ᠨᠥᠭᠡᠴᠡ ᠪᠠᠨ ᠳᠡᠭᠡᠭᠰᠢᠯᠡᠭᠦᠯᠵᠦ᠂ ᠢᠯᠠᠩᠭᠤᠶ᠎ᠠ ᠪᠤᠯᠴᠢᠩ ᠮᠢᠬ᠎ᠠ ᠪᠠᠨ | ᠨᠡᠮᠡᠭᠳᠡᠭᠦᠯᠬᠦ ᠬᠡᠷᠡᠭᠳᠡᠢ᠂ ᠢᠡᠭᠭᠢᠪᠡᠯ ᠰᠠᠶ᠋ᠢ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠴᠢᠳᠠᠨ᠎ᠠ᠃ | ᠨᠠᠰᠤᠲᠠᠶᠢᠴᠤᠳ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠤᠯᠵᠤ ᠵᠠᠷᠢᠮ ᠳᠠᠭᠠᠨ ᠪᠦᠷᠢᠨ ᠰᠢᠮ᠎ᠡ | ᠲᠡᠵᠢᠭᠡᠯ ᠲᠠᠢ ᠢᠳᠡᠭᠡᠨ ᠬᠢᠵᠦ ᠴᠢᠳᠠᠬᠤ ᠦᠭᠡᠢ ᠪᠠᠶᠢᠬᠤ ᠶᠢᠨ ᠵᠡᠷᠭᠡᠪᠡᠷ ᠪᠠᠰᠠ ᠲᠡᠳᠡᠨ ᠤ ᠢᠳᠡᠭᠡᠨ ᠤ ᠳᠤᠷᠠᠰᠢᠯ ᠨᠢ | ᠮᠠᠭᠤᠳᠠᠬᠰᠠᠨ ᠪᠤᠯᠬᠤᠷ ᠡᠳᠦᠷ ᠪᠦᠷᠢ ᠶᠢᠨ ᠢᠯᠴᠢ ᠶᠢᠨ ᠬᠡᠮᠵᠢᠶ᠎ᠡ ᠪᠠ ᠰᠢᠮ᠎ᠡ ᠲᠡᠵᠢᠭᠡᠯ ᠤᠨ ᠱᠠᠭᠠᠷᠳᠠᠯᠭ᠎ᠠ ᠳᠤ | ᠬᠦᠷᠬᠦ ᠳᠤ ᠮᠠᠰᠢ ᠪᠡᠷᠭᠡᠳᠡᠢ ᠪᠠᠶᠢᠨ᠎ᠠ᠃ ᠳᠣᠣᠷᠠᠬᠢ ᠰᠢᠮ᠎ᠡ ᠲᠡᠵᠢᠭᠡᠯ ᠨᠥᠬᠦᠪᠥᠷᠢᠯᠡᠬᠦ ᠡᠮ ᠢ ᠰᠣᠩᠭᠤᠵᠤ | ᠤᠤᠭᠤᠬᠤ ᠶᠢ ᠰᠠᠨᠠᠭᠤᠯᠤᠶ᠎ᠠ᠄ ᠪᠦᠷᠢᠨ ᠰᠢᠮ᠎ᠡ ᠲᠡᠵᠢᠭᠡᠯ ᠨᠥᠬᠦᠪᠥᠷᠢᠯᠡᠬᠦ ᠡᠮ︔ ᠨᠡᠶᠢᠯᠡᠮᠡᠯ ᠸᠢᠲ᠋ᠠᠮᠢᠨ ᠡᠷᠦᠳᠡᠰᠦᠨ | ᠪᠣᠳᠠᠰ ᠨᠥᠬᠦᠪᠥᠷᠢᠯᠡᠬᠦ ᠡᠮ︔ ᠴᠢᠨᠠᠷ ᠰᠠᠶᠢᠲᠠᠶ ᠤᠭᠤᠷᠠᠭ ᠨᠥᠬᠦᠪᠥᠷᠢᠯᠡᠬᠦ ᠡᠮ ᠤᠤᠭᠤᠭᠠᠷᠠᠢ᠃ ᠡᠨᠡ ᠭᠤᠷᠪᠠᠨ | ᠵᠦᠢᠯ ᠤᠨ ᠰᠢᠮ᠎ᠡ ᠲᠡᠵᠢᠭᠡᠯ ᠨᠥᠬᠦᠪᠥᠷᠢᠯᠡᠬᠦ ᠡᠮ ᠤᠨ ᠵᠦᠢᠯ ᠨᠢᠭᠡᠪᠦᠷᠢ ᠳᠤ ᠴᠥᠮ ᠮᠠᠰᠢ ᠤᠯᠠᠨ ᠲᠦᠷᠦᠯ ᠲᠡᠮᠳᠡᠭ | ᠪᠠ ᠬᠡᠪ ᠪᠠᠷᠢᠮᠵᠢᠶ᠎ᠠ ᠲᠠᠢ ᠪᠠᠶᠢᠳᠠᠭ᠂ ᠨᠢᠭᠡ ᠵᠦᠢᠯ ᠠᠴᠠ ᠨᠢ ᠰᠣᠩᠭᠤᠵᠤ ᠲᠣᠬᠢᠷᠠᠭᠤᠯᠤᠨ ᠬᠡᠷᠡᠭᠯᠡᠵᠦ ᠪᠣᠯᠤᠨ᠎ᠠ᠃ | ᠨᠠᠰᠤᠲᠠᠶᠢᠴᠤᠳ ᠤᠨ ᠪᠡᠶ᠎ᠡ ᠶᠢᠨ ᠬᠦᠨᠳᠦ ᠠᠯᠭᠤᠷ ᠠᠭᠠᠵᠢᠮ ᠢᠶᠠᠷ ᠳᠡᠭᠡᠭᠰᠢᠯᠡᠬᠦ ᠳᠤ ᠬᠦᠷᠪᠡᠯ ᠡᠭᠡᠯᠢᠯᠡᠭᠡ ᠶᠢᠨ | ᠴᠢᠳᠠᠪᠤᠷᠢ ᠨᠢ ᠰᠠᠶᠢᠵᠢᠷᠠᠭᠰᠠᠨ ᠳᠤ ᠲᠤᠭᠠᠴᠠᠬᠳᠠᠨ᠎ᠠ᠃ ᠬᠡᠯᠡᠯᠭᠡᠨ ᠦᠭᠡᠢ᠂ ᠰᠢᠮ᠎ᠡ ᠲᠡᠵᠢᠭᠡᠯ ᠨᠥᠬᠦᠪᠥᠷᠢᠯᠡᠬᠦ ᠡᠮ ᠢ | ᠡᠮᠴᠢᠯᠡᠭᠡᠨ ᠤ ᠪᠠᠶᠢᠭᠤᠯᠤᠮᠵᠢ ᠠᠴᠠ ᠬᠤᠳᠠᠯᠳᠤᠨ ᠠᠪᠬᠤ ᠶᠢᠨ ᠬᠠᠮᠲᠤ ᠡᠮᠴᠢ ᠶᠢᠨ ᠵᠢᠯᠤᠭᠤᠳᠤᠯᠭ᠎ᠠ ᠳᠣᠣᠷ᠎ᠠ | ᠬᠡᠷᠡᠭᠯᠡᠪᠡᠯ ᠬᠠᠮᠤᠬ ᠰᠠᠶᠢᠨ ᠶᠤᠮ᠃ | ᠲᠡᠭᠡᠪᠡᠯ᠂ ᠵᠣᠬᠢᠰᠲᠠᠶ ᠢᠳᠡᠵᠦ ᠤᠤᠭᠤᠬᠤ ᠳᠤ ᠶᠠᠭᠤ ᠶᠢ ᠠᠩᠬᠠᠷᠪᠠᠯ ᠵᠣᠬᠢᠬᠤ ᠪᠣᠶ︖ ᠢᠳᠡᠭᠡᠨ | ᠤᠮᠳᠠᠭᠠᠨ ᠢᠶᠠᠨ ᠲᠡᠩᠴᠡᠭᠦᠯᠵᠦ᠂ ᠢᠯᠠᠩᠭᠤᠶ᠎ᠠ ᠴᠢᠨᠠᠷ ᠰᠠᠶᠢᠲᠠᠶ ᠤᠭᠤᠷᠠᠭ ︵ᠦᠨᠢᠶᠡᠨ ᠰᠦ᠂ ᠥᠨᠳᠡᠭᠡ᠂ ᠰᠢᠷ᠎ᠠ | ᠪᠤᠷᠴᠠᠭ ᠤᠨ ᠢᠳᠡᠭᠡᠨ᠂ ᠮᠢᠬᠠᠨ ᠤ ᠵᠦᠢᠯ︶ ᠪᠠ ᠰᠢᠨ᠎ᠡ ᠰᠣᠷᠭᠤᠭ ᠨᠣᠭᠤᠭ᠎ᠠ ᠵᠢᠮᠢᠰ ᠢᠳᠡᠬᠦ︔ ᠵᠣᠬᠢᠬᠤ | ᠬᠡᠮᠵᠢᠶᠡᠨ ᠤ ᠰᠢᠮ᠎ᠡ ᠲᠡᠵᠢᠭᠡᠯᠲᠦ ᠡᠳ᠋ ᠨᠥᠬᠦᠪᠥᠷᠢᠯᠡᠬᠦ᠂ ᠵᠢᠱᠢᠶᠡᠯᠡᠪᠡᠯ ᠤᠭᠤᠷᠠᠭ ᠤᠨ ᠲᠦᠷᠦᠯ᠂ ᠬᠠᠨᠤᠮᠠᠯ ᠪᠤᠰᠤ | ᠥᠭᠡᠬᠦᠨ ᠬᠦᠴᠢᠯ᠂ ᠵᠢᠱᠢᠶᠡᠯᠡᠪᠡᠯ ᠵᠢᠭᠠᠰᠤᠨ ᠲᠤᠰᠤ ᠪᠠ ᠮᠠᠭᠠᠯᠢᠩᠭᠤ ᠶᠢᠨ ᠦᠷ᠎ᠡ ᠶᠢᠨ ᠲᠣᠰᠣ᠂ ᠭᠡᠳᠡᠰᠦᠨ ᠤ | ᠡᠭᠡᠯᠢᠯᠡᠭᠡ ᠶᠢᠨ ᠠᠵᠢᠯᠯᠠᠭ᠎ᠠ ᠶᠢ ᠵᠣᠬᠢᠴᠠᠭᠤᠯᠬᠤ ᠢᠳᠡᠭᠡᠨ ᠤ ᠰᠢᠷᠬᠡᠭᠯᠢᠭ ᠡᠳ᠋ ᠵᠢᠴᠢ ᠨᠡᠶᠢᠯᠡᠮᠡᠯ ᠸᠢᠲ᠋ᠠᠮᠢᠨ ᠪᠠ | ᠡᠷᠦᠳᠡᠰᠦᠨ ᠪᠣᠳᠠᠰ ᠨᠥᠬᠦᠪᠥᠷᠢᠯᠡᠬᠦ ᠡᠮ ᠵᠡᠷᠭᠡ ᠶᠢ ᠨᠦᠬᠦᠪᠦᠷᠢᠯᠡᠬᠦ ᠶᠢ ᠴᠢᠬᠤᠯᠠᠴᠢᠯᠠᠬᠤ ᠬᠡᠷᠡᠭᠳᠡᠢ᠃ ᠣᠬᠤᠷ | ᠬᠤᠭᠤᠴᠠᠭᠠᠨ ᠤ ᠳᠣᠲᠣᠷ᠎ᠠ ᠬᠥᠳᠡᠯᠭᠡᠭᠡᠨ ᠪᠠᠭᠠᠰᠤᠭᠰᠠᠨ ᠠᠴᠠ ᠪᠤᠯᠵᠦ ᠮᠠᠷᠢᠶᠠᠯᠠᠬᠤ ᠪᠠ ᠴᠢᠰᠤᠨ ᠰᠢᠬᠢᠷ | ᠥᠨᠳᠥᠷᠵᠢᠬᠦ ᠠᠴᠠ ᠵᠠᠶᠢᠯᠠᠰᠬᠢᠬᠦ ᠬᠡᠷᠡᠭᠳᠡᠢ᠃ ᠪᠡᠶ᠎ᠡ ᠶᠢᠨ ᠬᠦᠨᠳᠦ ᠪᠠ ᠴᠢᠰᠤᠨ ᠰᠢᠬᠢᠷ ᠢᠶᠠᠨ ᠰᠠᠶᠢᠲᠤᠷ | ᠬᠢᠵᠠᠭᠠᠷᠯᠠᠬᠤ ᠨᠢ ᠮᠠᠷᠢᠶᠠᠳᠠᠢ ᠪᠠ ᠰᠢᠬᠢᠷ ᠰᠢᠵᠢᠩ ᠡᠪᠡᠳᠴᠢᠨ ᠲᠠᠢ ᠬᠦᠮᠦᠨ ᠡᠭᠡᠯᠢᠯᠡᠭᠡ ᠶᠢᠨ ᠠᠵᠢᠯᠯᠠᠭ᠎ᠠ ᠪᠠᠨ | ᠪᠠᠲᠤᠯᠠᠬᠤ ᠳᠤ ᠨᠡᠩ ᠴᠢᠬᠤᠯᠠ ᠪᠠᠶᠢᠳᠠᠭ᠃ ᠮᠠᠷᠢᠶᠠᠯᠢᠭ ᠪᠡᠶ᠎ᠡ ᠲᠠᠢ ᠡᠪᠡᠳᠴᠢᠲᠡᠨ ᠳᠤ ᠠᠪᠴᠤ ᠬᠡᠯᠡᠪᠡᠯ᠂ | ᠬᠥᠳᠡᠯᠭᠡᠭᠡᠨ ᠨᠢ ᠬᠡᠲᠦᠷᠬᠡᠢ ᠪᠠᠭ᠎ᠠ ᠪᠤᠯᠪᠡᠯ ᠴᠢᠰᠤᠨ ᠤ ᠨᠢᠯᠴᠠᠭᠠᠢ ᠥᠳᠬᠡᠴᠡ ᠶᠢᠨ ᠬᠡᠮᠵᠢᠶ᠎ᠡ ᠨᠢ ᠨᠡᠮᠡᠭᠳᠡᠵᠦ᠂ | ᠪᠥᠭᠯᠡᠷᠡᠬᠦ ᠴᠢᠨᠠᠷᠲᠠᠢ ᠡᠪᠡᠳᠴᠢᠨ ᠡᠭᠦᠰᠴᠤ ᠮᠠᠳᠠᠨ᠎ᠡ᠂ ᠵᠢᠱᠢᠶᠡᠯᠡᠪᠡᠯ ᠲᠠᠷᠢᠬᠢᠨ ᠤ ᠰᠠ ᠡᠪᠡᠳᠴᠢᠨ᠂ ᠵᠢᠷᠦᠬᠡᠨ ᠤ | ᠲᠦᠭᠵᠢᠷᠡᠯ ᠪᠠ ᠠᠭᠤᠰᠬᠢᠨ ᠤ ᠲᠦᠭᠵᠢᠷᠡᠯ ᠵᠡᠷᠭᠡ ᠡᠪᠡᠳᠴᠢᠨ ᠡᠭᠦᠰᠴᠦ ᠮᠡᠳᠡᠨ᠎ᠡ︔ ᠡᠴᠡᠵᠦ ᠲᠤᠷᠠᠬᠤ ᠪᠠ | ᠪᠡᠶ᠎ᠡ ᠶᠢᠨ ᠬᠦᠨᠳᠦ ᠳᠣᠷᠣᠭᠰᠢᠯᠠᠬᠤ ᠠᠴᠠ ᠵᠠᠶᠢᠯᠠᠰᠬᠢᠬᠦ ᠬᠡᠷᠡᠭᠳᠡᠢ᠂ ᠤᠴᠢᠷ ᠨᠢ ᠰᠢᠮ᠎ᠡ ᠲᠡᠵᠢᠭᠡᠯ | ᠲᠤᠳᠠᠬᠳᠠᠬᠤ ᠨᠢ ᠰᠢᠭᠤᠳ ᠡᠭᠡᠯᠢᠯᠡᠭᠡ ᠶᠢ ᠠᠵᠢᠯᠯᠠᠭ᠎ᠠ ᠶᠢ ᠮᠠᠭᠤᠳᠠᠭᠤᠯᠬᠤ ᠳᠤ ᠬᠦᠷᠦᠭᠦᠯᠳᠡᠭ︔ ᠲᠠᠮᠠᠬᠢ ᠲᠠᠲᠠᠬᠤ | ᠪᠠ ᠠᠷᠢᠬᠢ ᠤᠤᠭᠤᠬᠤ ᠠᠴᠠ ᠵᠠᠶᠢᠯᠠᠰᠬᠢᠵᠦ᠂ ᠵᠤᠬᠢᠰᠳᠠᠢ ᠪᠠᠷ ᠬᠥᠳᠡᠯᠭᠡᠭᠡᠨ ᠬᠢᠬᠦ ᠬᠡᠷᠡᠭᠳᠡᠢ᠂ ᠬᠡᠬᠦ ᠳᠡᠭᠡᠨ ᠬᠥᠮᠦᠨ | ᠤᠯᠠᠨ ᠭᠠᠵᠠᠷ ᠣᠴᠢᠬᠤ ᠪᠠ ᠪᠠᠰᠠ ᠬᠠᠷᠢᠴᠠᠩᠭᠤᠢ ᠪᠢᠲᠡᠭᠦᠮᠵᠢᠯᠡᠭᠰᠡᠨ ᠪᠡᠶ᠎ᠡ ᠴᠢᠭᠢᠷᠠᠭᠵᠢᠭᠤᠯᠬᠤ ᠭᠠᠵᠠᠷ ᠲᠤ | ᠣᠴᠢᠬᠤ ᠠᠴᠠ ᠵᠠᠶᠢᠯᠠᠰᠬᠢᠬᠦ ᠬᠡᠷᠡᠭᠲᠡᠢ᠃ | ︵ᠵᠣᠬᠢᠶᠠᠭᠴᠢ ᠪᠣᠯ ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ | ᠵᠢᠷᠦᠬᠡᠨ ᠤ ᠡᠪᠡᠳᠴᠢᠨ ᠤ ᠲᠥᠪ ᠤᠨ ᠡᠷᠬᠢᠯᠡᠭᠴᠢ ᠡᠮᠴᠢ︶ |