ᠰᠡᠳᠬᠢᠴᠡ ᠶᠢᠨ ᠵᠢᠯᠣᠭᠤᠳᠤᠯᠭ᠎ᠠ ᠶᠢ ᠴᠢᠩᠭᠠᠳᠬᠠᠵᠤ ᠲᠣᠰ ᠪᠡᠶ᠎ᠡ ᠶᠢᠨ  ᠤᠷᠮ᠎ᠠ ᠰᠡᠳᠬᠢᠯᠭᠡ ᠪᠠᠨ ᠲᠣᠬᠢᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/3/23
ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ  ᠮᠡᠳᠡᠭᠡ ᠨᠡᠶᠢᠲᠡᠯᠡᠬᠦ ᠬᠤᠷᠠᠯ —             ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 2 ᠰᠠᠷ᠎ᠠ ᠶᠢᠨ 3 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠢᠦ ᠴᠤᠤ ᠢ︶ 2 ᠰᠠᠷ᠎ᠠ ᠶᠢᠨ 3 ᠤ ᠡᠳᠦᠷ᠂ ᠤᠯᠤᠰ ᠤᠨ ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ  ᠵᠥᠪᠯᠡᠯ  ᠰᠣᠨᠢᠨ  ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠᠬᠢ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡ ᠶᠢᠨ ᠲᠤᠬᠠᠶ ᠲᠠᠶᠢᠯᠤᠮᠵᠢ ᠬᠢᠪᠠ᠃                 ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠵᠥᠪᠯᠡᠯ ᠤᠨ  ᠡᠪᠡᠳᠴᠢᠨ  ᠡᠮᠭᠡᠭ ᠢ  ᠰᠡᠷᠭᠡᠶᠢᠯᠡᠨ  ᠡᠵᠡᠮᠳᠡᠬᠦ ᠲᠣᠪᠴᠢᠶᠠᠨ ᠤ ᠳᠡᠳ᠋ ᠳᠠᠷᠤᠭ᠎ᠠ ᠸᠠᠩ ᠪᠢᠨ ᠲᠠᠨᠢᠯᠴᠠᠭᠤᠯᠬᠤ ᠳᠠᠭᠠᠨ᠂ ︽ᠪᠢᠳᠡ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠵᠢᠭ ᠤᠨ ᠲᠤᠬᠠᠢ ᠪᠠᠴᠢᠮ ᠰᠡᠳᠬᠢᠴᠡ ᠶᠢᠨ ᠬᠢᠮᠤᠷᠠᠯ ᠢ  ᠨᠦᠯᠦᠬᠡᠯᠡᠨ  ᠵᠢᠯᠣᠭᠤᠳᠬᠤ  ᠵᠠᠷᠴᠢᠮ ᠢ  ᠨᠠᠶᠢᠷᠠᠭᠤᠯᠤᠨ  ᠪᠢᠴᠢᠵᠦ᠂ ᠣᠯᠠᠨ ᠨᠡᠶᠢᠲᠡ ᠶᠢᠨ  ᠰᠡᠳᠬᠢᠴᠡ ᠪᠠᠨ  ᠥᠪᠡᠷ ᠢᠶᠠᠨ  ᠲᠤᠬᠢᠷᠠᠭᠤᠯᠬᠤ  ᠪᠠ  ᠵᠢᠭᠠᠨ  ᠵᠢᠯᠣᠭᠤᠳᠬᠤ  ᠵᠦᠭᠯᠡᠭᠦᠷ ᠢ  ᠵᠤᠬᠢᠶᠠᠨ ᠭᠠᠷᠭᠠᠪᠠ᠃ ᠬᠢᠵᠢᠭ ᠢ ᠰᠡᠷᠭᠡᠶᠢᠯᠡᠨ ᠡᠵᠡᠮᠳᠡᠬᠦ ᠣᠨᠴᠠᠭᠠᠶ ᠴᠠᠭ ᠦᠶ᠎ᠡ ᠳᠤ᠂ ᠣᠶᠤᠨᠴᠢ ᠪᠤᠰᠤᠳᠴᠢ ᠰᠡᠳᠬᠢᠴᠡ ᠲᠠᠢ ᠪᠠᠶᠢᠬᠤ ᠨᠢ ᠲᠦᠢᠯ ᠤᠨ ᠴᠢᠬᠤᠯᠠ ᠶᠤᠮ᠃ ᠣᠯᠠᠨ ᠢᠶᠠᠷ ᠢᠶᠠᠨ ᠨᠢᠭᠡ ᠲᠠᠯ᠎ᠠ ᠪᠠᠷ ᠴᠢᠩᠭ᠎ᠠ ᠬᠦᠴᠦᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠤᠯᠬᠤ ᠶᠢ ᠢᠲᠡᠭᠡᠬᠦ ᠬᠡᠷᠡᠭᠲᠡᠶ᠂ ᠨᠥᠭᠦᠭᠡ ᠲᠠᠯ᠎ᠠ ᠪᠠᠷ ᠪᠠᠰᠠ ᠥᠪᠡᠷ ᠢ ᠪᠠᠨ ᠢᠲᠡᠭᠡᠵᠦ᠂  ᠪᠠᠶᠠᠰᠤᠩᠭᠤᠶ ᠢᠲᠡᠭᠡᠯᠲᠡᠶ ᠳᠣᠲᠣᠭᠠᠳᠤ ᠰᠡᠳᠬᠢᠯ ᠲᠠᠢ ᠪᠠᠶᠢᠬᠤ ᠨᠢ ᠪᠠᠰᠠ ᠴᠤ ᠨᠢᠭᠡ ᠵᠦᠢᠯ ᠤᠨ ᠡᠭᠡᠯᠢᠯᠡᠭᠡ ᠶᠢᠨ ᠴᠢᠳᠠᠪᠤᠷᠢ ᠮᠥᠨ︾  ᠬᠡᠪᠡ᠃ ᠪᠡᠭᠡᠵᠢᠩ ᠤᠨ ᠬᠤᠢ ᠯᠦᠩ ᠭᠤᠸᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠠᠩ ᠹᠦ᠋ ᠳ᠋ᠧ ᠶᠢᠨ ᠦᠵᠡᠬᠦ ᠪᠠᠷ᠂ ᠬᠥᠮᠦᠰ  ᠬᠢᠵᠢᠭ ᠲᠡᠯᠭᠡᠷᠡᠬᠦ ᠳᠤ ᠵᠣᠪᠠᠨᠢᠬᠤ᠂ ᠰᠠᠨᠠᠭ᠎ᠠ ᠵᠣᠪᠠᠭ᠋ᠤ ᠵᠡᠷᠭᠡ  ᠤᠷᠮ᠎ᠠ  ᠰᠡᠳᠬᠢᠯᠭᠡ ᠲᠠᠢ  ᠪᠤᠯᠳᠠᠭ᠂  ᠡᠨᠡ ᠨᠢ  ᠬᠡᠪ ᠤᠨ  ᠲᠤᠰᠬᠠᠯ ᠳᠤ ᠲᠣᠭᠠᠴᠠᠭᠳᠠᠨ᠎ᠠ᠂ ᠡᠲᠡᠭᠡᠷ ᠤᠷᠮ᠎ᠠ ᠰᠡᠳᠬᠢᠯᠭᠡ ᠪᠠᠨ ᠦᠪᠡᠷ ᠢᠶᠠᠨ ᠭᠥᠯᠢᠶᠡᠨ  ᠠᠪᠬᠤ ᠶᠢᠨ  ᠵᠡᠷᠭᠡᠪᠡᠷ  ᠵᠣᠬᠢᠬᠤ  ᠬᠡᠮᠵᠢᠶ᠎ᠡ ᠪᠠᠷ ᠭᠠᠷᠭᠠᠪᠠᠯ ᠵᠣᠬᠢᠨ᠎ᠠ ᠬᠡᠪᠡ᠃               ᠬᠡᠷᠬᠢᠨ ᠠᠯᠢ ᠲᠦᠷᠭᠡᠨ ᠢᠶᠠᠷ ᠠᠮᠢᠳᠤᠷᠠᠯ ᠤᠨ ᠠᠷᠭ᠎ᠠ ᠮᠠᠶ᠋ᠢᠭ ᠢᠶᠠᠨ  ᠰᠠᠶᠢᠲᠤᠷ  ᠲᠣᠬᠢᠷᠠᠭᠤᠯᠬᠤ  ᠪᠣᠶ︖  ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠡᠳᠬᠢᠴᠡ ᠰᠤᠳᠤᠯᠬᠤ ᠭᠠᠵᠠᠷ ᠤᠨ  ᠳᠡᠳ᠋  ᠳᠠᠷᠤᠭ᠎ᠠ  ᠴᠧᠨ  ᠰᠢᠤᠸᠠᠢ ᠹᠧᠩ ︽ᠲᠠᠪᠤᠨ ᠨᠢᠭᠡ︾ ᠶᠢᠨ ᠰᠠᠨᠠᠭᠤᠯᠭ᠎ᠠ ᠶᠢ ᠳᠤᠷᠠᠳᠴᠠᠶ᠄ ᠨᠢᠭᠡ ᠲᠥᠯᠥᠪᠯᠡᠭᠡ  ᠲᠣᠭᠲᠠᠭᠠᠬᠤ᠂  ᠨᠢᠭᠡ  ᠤᠴᠢᠷ ᠢ  ᠰᠢᠮᠳᠠᠨ ᠰᠤᠳᠤᠯᠬᠤ᠂ ᠨᠢᠭᠡ ᠵᠦᠢᠯ ᠤᠨ ᠳᠡᠮᠵᠢᠯᠭᠡ ᠤᠯᠬᠤ᠂ ᠨᠢᠭᠡ ᠵᠦᠢᠯ ᠤᠨ ᠪᠤᠯᠪᠠᠰᠤᠷᠠᠯ ᠬᠢᠬᠦ᠂ ᠵᠠᠷᠢᠮ  ᠪᠡᠶᠠᠴᠢ  ᠥᠩᠭᠡᠷᠡᠯᠲᠡ ᠪᠠᠨ ᠪᠣᠳᠣᠯᠬᠢᠯᠠᠬᠤ ᠵᠡᠷᠭᠡ ᠪᠣᠯᠤᠨ᠎ᠠ᠃               ᠣᠳᠣᠬᠠᠨ ᠳᠤ  ᠡᠮᠴᠢ  ᠰᠤᠪᠢᠯᠠᠭᠴᠢᠳ᠂  ᠳᠣᠲᠣᠭᠠᠳᠤ ᠶᠢ  ᠬᠠᠮᠠᠭᠠᠯᠠᠬᠤ  ᠺᠠᠳ᠋ᠷ  ᠴᠠᠭᠳᠠᠭ᠎ᠠ  ᠵᠡᠷᠭᠡ   ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠨ ᠤ ᠪᠡᠶ᠎ᠡ ᠰᠡᠳᠬᠢᠯ ᠤᠨ ᠳᠠᠷᠤᠯᠲᠠ ᠪᠦᠷ ᠨᠡᠯᠢᠶᠡᠳ ᠶᠡᠭᠡ ᠪᠠᠶᠢᠨ᠎ᠠ᠂ ᠶᠠᠩ ᠹᠦ᠋  ᠳ᠋ᠧ ᠡᠳᠡᠭᠡᠷ ᠬᠥᠮᠦᠰ ᠲᠤ ᠪᠡᠶ᠎ᠡ ᠰᠡᠳᠬᠢᠯ ᠢᠶᠠᠨ ᠰᠠᠶᠢᠲᠤᠷ ᠲᠤᠬᠢᠷᠠᠭᠤᠯᠬᠤ ᠬᠡᠷᠡᠭᠲᠡᠶ ᠭᠡᠵᠦ ᠰᠠᠨᠠᠭᠤᠯᠵᠠᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号