ᠣᠶᠢᠷ᠎ᠠ ᠳᠤ᠂ ᠳᠤᠮᠳᠠᠳᠤ ᠤᠯᠤᠰ ᠤᠨ ᠲᠣᠭᠠᠴᠠᠭ᠎ᠠ ᠬᠢᠵᠦ ᠢᠯᠭᠠᠷᠠᠭᠤᠯᠤᠨ ᠪᠤᠳᠤᠬᠤ ᠨᠡᠶᠢᠭᠡᠮᠯᠢᠭ ᠠᠴᠠ | ︽2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠭᠰᠡᠨ ᠬᠡᠷᠡᠭᠯᠡᠭᠴᠢ ᠳᠤ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠯᠲᠠ ᠬᠢᠭᠰᠡᠨ ᠮᠡᠳᠡᠭᠦᠯᠦᠯᠲᠡ︾ ᠶᠢ ᠨᠡᠶᠢᠲᠡᠯᠡᠵᠦ᠂ 2019 ᠣᠨ ᠳᠤ ᠭᠠᠷ ᠤᠳᠠᠰᠤ ᠪᠠᠷ ᠲᠣᠭᠠᠴᠠᠭ᠎ᠠ | ᠬᠢᠭᠰᠡᠨ ᠬᠡᠷᠡᠭᠯᠡᠭᠴᠢ ᠳᠤ ᠲᠣᠳᠣᠷᠬᠠᠶ ᠵᠢᠷᠤᠭ ᠢ ᠵᠢᠷᠤᠵᠦ ᠦᠭᠪᠡ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠤᠭᠠᠴᠠᠭ᠎ᠠ | ᠬᠢᠭᠰᠡᠨ ᠡᠷᠡᠭᠲᠡᠶ ᠬᠡᠷᠡᠭᠯᠡᠭᠴᠢ ᠨᠢ ᠡᠮᠡᠭᠲᠡᠶ ᠬᠡᠷᠡᠭᠯᠡᠭᠴᠢ ᠠᠴᠠ ᠢᠯᠡᠭᠦᠤ ᠪᠠᠶᠢᠵᠤ᠂ ᠡᠵᠡᠯᠡᠬᠦ ᠬᠠᠷᠢᠴᠠᠯ ᠨᠢ ᠲᠦᠷᠦᠭᠦᠤ | ᠵᠢᠯ ᠤᠨ ᠬᠢ ᠲᠠᠢ ᠦᠨᠳᠦᠰᠦᠨ ᠳᠡᠭᠡᠨ ᠠᠳᠠᠯᠢᠬᠠᠨ ᠪᠠᠶᠢᠪᠠ︔ ᠣᠯᠠᠩᠬᠢ ᠬᠡᠷᠡᠭᠯᠡᠭᠴᠢ ᠨᠢ ᠡᠳᠦᠷ ᠪᠦᠷᠢ ᠭᠠᠷ | ᠤᠳᠠᠰᠤ ᠪᠠᠷ ᠲᠤᠭᠠᠴᠠᠭ᠎ᠠ ᠬᠢᠵᠦ ᠪᠤᠢ︔ ᠵᠢᠷᠤᠭᠠᠰᠤᠨ ᠺᠤᠳ᠋ ᠰᠢᠷᠪᠢᠵᠦ ᠲᠤᠭᠠᠴᠠᠭ᠎ᠠ ᠬᠢᠬᠦ ᠪᠣᠯ ᠬᠡᠷᠡᠭᠯᠡᠭᠴᠢ ᠶᠢᠨ | ᠦᠷᠭᠦᠯᠵᠢ ᠬᠡᠷᠡᠭᠯᠡᠳᠡᠭ ᠭᠠᠷ ᠤᠳᠠᠰᠤ ᠪᠠᠷ ᠲᠤᠭᠠᠴᠠᠭ᠎ᠠ ᠬᠢᠬᠦ ᠠᠷᠭ᠎ᠠ ᠬᠡᠯᠪᠡᠷᠢ ᠪᠣᠯᠤᠨ᠎ᠠ᠂ ᠬᠠᠮᠤᠭ ᠤᠨ ᠭᠤᠤᠯ | ᠬᠡᠷᠡᠭᠯᠡᠵᠦ ᠪᠠᠶᠢᠭ᠎ᠠ ᠭᠠᠵᠠᠷ ᠪᠤᠯ ᠠᠮᠢᠳᠤᠷᠠᠯ ᠤᠨ ᠬᠡᠷᠡᠭᠯᠡᠭᠡ ᠪᠤᠯᠬᠤ ᠪᠦᠭᠡᠳ ᠣᠯᠠᠨ ᠨᠡᠶᠢᠲᠡ ᠶᠢᠨ ᠶᠠᠪᠤᠵᠤ | ᠰᠠᠭᠤᠬᠤ ᠪᠠ ᠤᠰᠤ ᠴᠠᠬᠢᠯᠭᠠᠨ ᠰᠢᠲᠠᠮᠠᠬᠠᠶ ᠬᠡᠶ ᠶᠢᠨ ᠰᠦᠢᠳᠭᠡᠯ ᠲᠤᠰᠢᠶᠠᠬᠤ ᠳᠤ ᠬᠡᠷᠡᠭᠯᠡᠵᠦ ᠪᠤᠢ᠂ ᠬᠤᠶᠠᠷ | ᠬᠡᠮᠵᠢᠯᠳᠦ ᠺᠤᠳ᠋ ᠪᠤᠶᠤ ᠭᠠᠷ ᠤᠳᠠᠰᠤᠨ ᠤ NFC ︵ᠣᠶᠢᠷ᠎ᠠ ᠲᠠᠯᠠᠪᠤᠷ ᠤᠨ ᠴᠢᠮᠡᠭᠡ ᠬᠤᠯᠪᠣᠭ᠎ᠠ︶ ᠶᠢ ᠰᠢᠷᠪᠢᠬᠦ ᠨᠢ | ᠬᠡᠷᠡᠭᠯᠡᠭᠴᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠳᠤ ᠰᠠᠭᠤᠬᠤ ᠳᠤ ᠲᠣᠭᠠᠴᠠᠭ᠎ᠠ ᠬᠢᠬᠦ | ᠲᠡᠷᠢᠭᠦᠨ ᠰᠣᠩᠭᠤᠯᠲᠠ ᠪᠤᠯᠵᠠᠢ᠃ | ᠭᠠᠷ ᠤᠳᠠᠰᠤ ᠪᠠᠷ ᠲᠣᠭᠠᠴᠠᠭ᠎ᠠ ᠬᠢᠬᠦ ᠶᠠᠪᠤᠳᠠᠯ ᠨᠢ ᠦᠳᠲᠡᠷ ᠲᠦᠷᠭᠡᠨ ᠬᠥᠭᠵᠢᠵᠦ᠂ ᠬᠥᠮᠦᠰ ᠲᠤ | ᠮᠠᠰᠢ ᠣᠯᠠᠨ ᠲᠥᠬᠦᠮ ᠦᠵᠡᠭᠦᠯᠬᠦ ᠪᠤᠯᠤᠬᠰᠡᠨ ᠪᠣᠯᠪᠠᠴᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ | ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠳᠡᠭ | ᠬᠡᠷᠡᠭᠯᠡᠭᠴᠢ ᠨᠢ ᠠᠮᠤᠷ ᠲᠦᠪᠰᠢᠨ ᠤ ᠳᠠᠯᠳᠠ ᠬᠡᠮ ᠤᠷᠤᠰᠢᠵᠤ ᠪᠠᠶᠢᠬᠤ ᠪᠠ ᠬᠤᠳᠠᠯᠳᠤᠭᠠᠴᠢᠨ ᠡᠷᠦᠬᠡ | ᠳᠡᠮᠵᠢᠬᠦ ᠥᠬᠡᠶ ᠪᠠᠶᠢᠬᠤ ᠠᠴᠠ ᠬᠠᠮᠤᠬ ᠠᠴᠠ ᠰᠠᠨᠠᠭᠠᠰᠢᠷᠠᠬᠰᠠᠭᠠᠷ ᠢᠷᠡᠵᠡᠢ᠂ ᠡᠨᠡᠬᠦ ᠬᠤᠶᠠᠷ ᠵᠦᠢᠯ ᠳᠤ | ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ ᠲᠣᠰ ᠲᠣᠰ 65% ᠪᠠ 61.9% ᠶᠢ ᠡᠵᠡᠯᠡᠵᠦ ᠪᠠᠶᠢᠨ᠎ᠠ᠃ | ᠬᠡᠷᠡᠭᠯᠡᠭᠴᠢ ᠳᠤ ᠦᠷᠭᠦᠯᠵᠢ ᠲᠣᠬᠢᠶᠠᠯᠳᠤᠳᠠᠭ ᠠᠮᠤᠷ ᠲᠦᠪᠰᠢᠨ ᠤ ᠠᠰᠠᠭᠤᠳᠠᠯ ᠪᠣᠯ ᠮᠥᠨᠬᠦ ᠬᠤᠪᠢ ᠬᠥᠮᠦᠨ ᠤ | ᠮᠡᠳᠡᠭᠡ ᠵᠠᠩᠭᠢ ᠵᠠᠳᠠᠷᠠᠬᠤ᠂ ᠲᠠᠩᠰᠠᠨ ᠳᠠᠬᠢ ᠪᠠᠯᠠ ᠮᠥᠩᠭᠦ ᠨᠢ ᠬᠤᠯᠠᠭᠠᠶᠢᠯᠠᠭᠳᠠᠬᠤ ᠪᠠ ᠬᠤᠳᠠᠯ ᠬᠠᠭᠤᠷᠮᠠᠭ | ᠵᠢᠷᠤᠭᠠᠰᠤᠨ ᠺᠣᠳ᠋ ᠲᠤ ᠰᠢᠷᠪᠢᠭᠳᠡᠬᠦ ᠶᠠᠪᠤᠳᠠᠯ ᠪᠤᠯᠤᠨ᠎ᠠ᠂ ᠡᠭᠦᠨ ᠳᠤ ᠨᠢᠭᠡᠳᠦᠭᠡᠷ ᠲᠤ ᠵᠢᠭᠰᠠᠭᠠᠭᠳᠠᠭᠰᠠᠨ ᠬᠤᠪᠢ | ᠬᠥᠮᠦᠨ ᠤ ᠮᠡᠳᠡᠭᠡ ᠵᠠᠩᠭᠢ ᠵᠠᠳᠠᠷᠠᠬᠤ ᠶᠠᠪᠤᠳᠠᠯ 80.3% ᠶᠢ ᠡᠵᠡᠯᠡᠵᠦ ᠪᠠᠶᠢᠨ᠎ᠠ᠃ | ᠡᠭᠦᠨ ᠠᠴᠠ ᠦᠵᠡᠪᠡᠯ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠢᠨ ᠠᠮᠤᠷ | ᠲᠦᠪᠰᠢᠨ ᠢ ᠴᠢᠬᠤᠯᠠᠴᠢᠯᠠᠬᠤ ᠶᠠᠪᠤᠳᠠᠯ ᠢ ᠦᠷᠭᠦᠯᠵᠢᠯᠡᠨ ᠴᠢᠩᠭᠠᠳᠬᠠᠵᠤ᠂ ᠲᠠᠩᠰᠠᠨ ᠳᠠᠬᠢ ᠪᠠᠯᠠ | ᠮᠥᠩᠭᠦ ᠶᠢᠨ ᠠᠮᠤᠷ ᠲᠦᠪᠰᠢᠨ ᠢ ᠠᠩᠬᠠᠷᠬᠤ ᠶᠢᠨ ᠬᠠᠮᠲᠤ ᠪᠠᠰᠠ ᠬᠤᠪᠢ ᠬᠥᠮᠦᠨ ᠤ ᠮᠡᠳᠡᠭᠡ ᠵᠠᠩᠭᠢ ᠶᠢᠨ | ᠠᠮᠤᠷ ᠲᠦᠪᠰᠢᠨ ᠢᠶᠠᠨ ᠬᠠᠮᠠᠭᠠᠯᠠᠬᠤ ᠶᠢ ᠮᠠᠰᠢ ᠴᠢᠬᠤᠯᠠᠴᠢᠯᠠᠬᠤ ᠬᠡᠷᠡᠭᠳᠡᠢ᠃ ᠲᠤᠰᠬᠠᠶ ᠮᠡᠷᠭᠡᠵᠢᠯᠲᠡᠨ ᠠᠴᠠ᠂ ᠵᠠᠬ᠎ᠠ | ᠳᠡᠯᠭᠡᠭᠦᠷ ᠤᠨ ᠭᠤᠤᠯ ᠴᠣᠭᠴᠠ ᠨᠢ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠲᠦᠭᠰᠢᠭᠦᠷᠢ ᠶᠢᠨ | ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠲᠦᠷᠢᠮ ᠢ | ᠲᠤᠬᠳᠠᠭᠠᠨ ᠪᠦᠷᠢᠨᠰᠢᠬᠦᠯᠵᠦ᠂ ᠰᠡᠷᠭᠡᠭ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠨ᠂ ᠬᠡᠷᠡᠭᠯᠡᠭᠴᠢ ᠶᠢᠨ ᠮᠡᠳᠡᠭᠡ | ᠵᠠᠩᠭᠢ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ | ᠭᠡᠵᠦ ᠰᠠᠨᠠᠭᠤᠯᠪᠠ᠃ | ᠪᠠᠯᠠ ᠮᠥᠩᠭᠦ ᠪᠤᠶᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠰᠠᠭᠤᠳᠠᠯ ᠲᠤᠯᠭᠠᠷᠠᠪᠠᠯ ᠶᠠᠭᠠᠬᠢᠪᠠᠯ | ᠵᠣᠬᠢᠬᠤ ᠪᠣᠶ︖ ᠪᠠᠶᠢᠴᠠᠭᠠᠯᠲᠠ ᠳᠤ ᠢᠯᠡᠷᠡᠬᠦᠯᠦᠭᠰᠡᠨ ᠢᠶᠠᠷ᠂ 2019 ᠣᠨ ᠳᠤ᠂ ᠭᠠᠷ ᠤᠳᠠᠰᠤ ᠪᠠᠷ ᠲᠣᠭᠠᠴᠠᠭ᠎ᠠ | ᠬᠢᠳᠡᠭ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠠᠪᠤᠴᠠ ᠳᠤ ᠪᠠᠯᠠ ᠮᠥᠩᠭᠦ ᠬᠤᠬᠢᠷᠠᠬᠤ᠂ ᠮᠡᠳᠡᠭᠡ | ᠵᠠᠩᠭᠢ ᠵᠠᠳᠠᠷᠠᠬᠤ ᠵᠡᠷᠭᠡ ᠠᠮᠤᠷ ᠲᠦᠪᠰᠢᠨ ᠤ ᠠᠰᠠᠭᠤᠳᠠᠯ ᠢ ᠤᠯᠵᠤ ᠮᠡᠳᠡᠭᠰᠡᠨ ᠪᠤᠶᠤ ᠡᠶᠢᠮᠦ ᠠᠰᠠᠭᠤᠳᠠᠯ | ᠭᠠᠷᠤᠬᠰᠠᠨ ᠦᠶ᠎ᠡ ᠳᠤ᠂ ᠬᠠᠮᠤᠬ ᠠᠴᠠ ᠤᠯᠠᠨ ᠠᠪᠤᠬᠰᠠᠨ ᠠᠷᠭ᠎ᠠ ᠪᠠᠷᠢᠯ ᠬᠡᠪᠡᠯ ᠪᠠᠩᠬᠢ ᠪᠤᠶᠤ ᠲᠣᠭᠠᠴᠠᠭ᠎ᠠ ᠬᠢᠬᠦ | ᠪᠠᠶᠢᠭᠤᠯᠤᠮᠵᠢ ᠲᠠᠢ ᠬᠠᠷᠢᠯᠴᠠᠵᠤ ᠪᠠᠶᠢᠭᠠᠳ ᠲᠤᠭᠠᠴᠠᠭ᠎ᠠ ᠬᠢᠳᠡᠭ ᠬᠠᠮᠢᠶ᠎ᠠ ᠪᠦᠬᠦᠢ ᠲᠠᠩᠰᠠᠨ ᠨᠣᠮᠧᠷ ᠢᠶᠠᠨ | ᠪᠢᠳᠡᠬᠦᠮᠵᠢᠯᠡᠬᠦᠯᠪᠡ᠂ ᠡᠶᠢᠮᠦ ᠬᠡᠷᠡᠭᠯᠡᠭᠴᠢ ᠨᠢ 79.6% ᠶᠢ ᠡᠵᠡᠯᠡᠪᠡ︔ ᠪᠠᠩᠬᠢ ᠪᠤᠶᠤ ᠲᠣᠭᠠᠴᠠᠭ᠎ᠠ ᠬᠢᠬᠦ | ᠪᠠᠶᠢᠭᠤᠯᠤᠮᠵᠢ ᠠᠴᠠ ᠰᠢᠢᠳᠪᠦᠷᠢᠯᠡᠬᠦ ᠠᠷᠭ᠎ᠠ ᠯᠠᠪᠯᠠᠨ ᠠᠰᠠᠭᠤᠬᠰᠠᠨ ᠪᠠ ᠬᠤᠯᠪᠣᠭᠳᠠᠯ ᠪᠥᠬᠦᠶ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠨᠡᠶᠢᠭᠡᠮᠯᠢᠭ ᠲᠤ ᠵᠠᠭᠠᠯᠳᠤᠬᠰᠠᠨ᠂ ᠢᠯᠡᠴᠢᠯᠡᠨ | ᠮᠡᠳᠡᠭᠦᠯᠦᠭᠰᠡᠨ ᠬᠡᠷᠡᠭᠯᠡᠭᠴᠢ ᠨᠢ ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠪᠠ ᠭᠤᠷᠪᠠᠳᠤᠭᠠᠷ ᠲᠤ ᠣᠷᠣᠵᠤ᠂ | ᠲᠣᠰ ᠲᠣᠰ 61% ᠪᠠ 60.7% ᠶᠢ ᠡᠵᠡᠯᠡᠪᠡ︔ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠮᠠᠶ᠋ᠢᠭ ᠢ | ᠣᠶᠢᠯᠠᠭᠠᠬᠤ ᠥᠬᠡᠶ ᠬᠡᠷᠡᠭᠯᠡᠭᠴᠢ ᠨᠢ 18.9% ᠶᠢ ᠡᠵᠡᠯᠡᠵᠠᠢ᠃ | ᠲᠤᠰᠬᠠᠢ ᠮᠡᠷᠭᠡᠵᠢᠯᠳᠡᠨ ᠠᠴᠠ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠦᠶ᠎ᠡ ᠳᠤ᠂ | ᠠᠶᠤᠯ ᠲᠦᠭᠰᠢᠬᠦᠷᠢ ᠶᠢ ᠰᠡᠷᠭᠡᠶᠢᠯᠡᠬᠦ ᠦᠵᠡᠯ ᠤᠬᠠᠮᠰᠠᠷ ᠲᠠᠢ ᠪᠠᠶᠢᠬᠤ ᠬᠡᠷᠡᠭᠳᠡᠢ᠂ ᠢᠯᠠᠩᠭᠤᠶ᠎ᠠ ᠨᠢᠭᠤᠴᠠ ᠳ᠋ᠤᠭᠠᠷ | ᠭᠡᠷᠡᠭᠯᠡᠬᠦ ᠦᠭᠡᠢ ᠪᠠᠷ ᠲᠤᠭᠠᠴᠠᠭ᠎ᠠ ᠬᠢᠬᠦ ᠪᠤᠶᠤ ᠠᠦ᠋ᠲ᠋ᠣ᠋ ᠪᠠᠷ ᠵᠣᠭᠤᠰ ᠰᠠᠭᠤᠯᠭᠠᠨ ᠠᠪᠬᠤ ᠵᠡᠷᠭᠡ | ᠲᠤᠬᠠᠶᠢᠯᠠᠭᠰᠠᠨ ᠠᠵᠢᠯ ᠢ ᠰᠣᠩᠭᠤᠬᠰᠠᠨ ᠬᠡᠷᠡᠭᠯᠡᠭᠴᠢ ᠨᠢ ᠭᠠᠷ ᠤᠳᠠᠰᠤᠨ ᠲᠡᠭᠡᠷ᠎ᠡ ᠪᠠᠨ ᠬᠤᠯᠪᠤᠬᠤ ᠦᠶ᠎ᠡ ᠳᠤ | ᠬᠤᠯᠪᠣᠭᠳᠠᠯ ᠪᠦᠬᠦᠢ ᠵᠦᠢᠯ ᠵᠤᠷᠪᠤᠰ ᠢ ᠨᠠᠷᠢᠨ ᠨᠢᠮᠪᠠᠶ ᠤᠩᠰᠢᠵᠤ᠂ ᠬᠠᠷᠢᠭᠤᠴᠠᠯᠭ᠎ᠠ ᠪᠣᠯᠤᠨ ᠲᠦᠭᠰᠢᠭᠦᠷᠢ ᠶᠢ | ᠲᠣᠳᠣᠷᠬᠠᠶ ᠮᠡᠳᠡᠬᠦ ᠬᠡᠷᠡᠭᠲᠡᠶ᠃ ᠡᠭᠦᠨ ᠤ ᠬᠠᠮᠳᠤ᠂ ᠭᠠᠷ ᠤᠳᠠᠰᠤ ᠪᠠᠷ ᠲᠤᠭᠠᠴᠠᠭ᠎ᠠ ᠬᠢᠬᠦ ᠲᠤᠨᠤᠭ ᠤᠨ ᠠᠮᠤᠷ | ᠲᠦᠪᠰᠢᠨ ᠢ ᠰᠠᠶᠢᠳᠤᠷ ᠬᠠᠮᠠᠭᠠᠯᠠᠬᠤ ᠬᠡᠷᠡᠭᠳᠡᠢ᠃ ᠲᠤᠨᠤᠭ ᠭᠡᠭᠡᠭᠳᠡᠭᠰᠡᠨ ᠪᠤᠶᠤ ᠲᠠᠩᠰᠠᠨ ᠨᠣᠮᠧᠷ | ᠬᠤᠯᠠᠭᠠᠶᠢᠯᠠᠭᠳᠠᠭᠰᠠᠨ ᠢ ᠣᠯᠵᠤ ᠮᠡᠳᠡᠪᠡᠯ᠂ ᠬᠡᠷᠡᠭᠯᠡᠭᠴᠢ ᠨᠢ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ | ᠬᠡᠷᠡᠭᠳᠡᠢ᠂ ᠵᠢᠱᠢᠶᠡᠯᠡᠪᠡᠯ ᠨᠢᠭᠤᠴᠠ ᠨᠣᠮᠧᠷ ᠢᠶᠠᠨ ᠦᠭᠡᠷᠡᠴᠢᠯᠡᠵᠦ᠂ ᠬᠠᠮᠢᠶ᠎ᠠ ᠪᠥᠬᠦᠶ ᠡᠷᠬᠡ ᠣᠯᠭᠤᠯᠲᠠ ᠶᠢ ᠬᠦᠴᠦᠨ | ᠥᠬᠡᠶ ᠪᠣᠯᠭᠠᠵᠤ᠂ ᠡᠵᠡᠩᠨᠡᠭᠴᠢ ᠵᠢᠴᠢ ᠭᠤᠷᠪᠠᠳᠠᠭᠢ ᠡᠲᠡᠭᠡᠳ ᠤᠨ ᠲᠤᠭᠠᠴᠠᠭ᠎ᠠ ᠬᠢᠬᠦ ᠺᠣᠮᠫᠠᠨᠢ ᠲᠠᠢ ᠬᠠᠷᠢᠯᠴᠠᠵᠤ᠂ | ᠤᠯᠠᠮ ᠠᠴᠠ ᠤᠯᠠᠨ ᠵᠤᠭᠤᠰ ᠢ ᠬᠤᠯᠠᠭᠠᠶᠢᠯᠠᠨ ᠰᠢᠷᠪᠢᠬᠦ ᠶᠢ ᠰᠡᠷᠭᠡᠶᠢᠯᠡᠬᠦ ᠬᠡᠷᠡᠭᠲᠡᠶ᠃ ᠨᠢᠭᠡᠨᠲᠡ | ᠬᠤᠯᠠᠭᠠᠶᠢᠯᠠᠬᠳᠠᠬᠰᠠᠨ ᠵᠣᠭᠤᠰ ᠮᠦᠡᠭᠭᠦ ᠶᠢᠨ ᠪᠠᠶᠢᠳᠠᠯ ᠢᠶᠠᠨ ᠴᠠᠭ ᠲᠤᠬᠠᠶ ᠳᠤᠨᠢ ᠲᠣᠭᠠᠴᠠᠭ᠎ᠠ ᠬᠢᠬᠦ ᠲᠠᠪᠴᠠᠩ ᠳᠤ | ᠲᠤᠰᠬᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠤᠰᠢᠶᠠᠵᠤ᠂ ᠭᠡᠷᠡᠴᠢ ᠪᠠᠷᠢᠮᠲᠠ ᠶᠢ ᠬᠠᠳᠠᠭᠠᠯᠠᠵᠤ᠂ ᠬᠤᠵᠢᠮ | ᠪᠦᠲᠦᠮᠵᠢᠲᠡᠶ ᠪᠠᠷ ᠡᠷᠬᠡ ᠪᠠᠨ ᠬᠠᠮᠠᠭᠠᠯᠠᠬᠤ ᠳᠤ ᠳᠥᠭᠦᠮ ᠪᠤᠯᠭᠠᠵᠤ᠂ ᠴᠢᠬᠤᠯᠠ ᠲᠠᠢ ᠦᠶ᠎ᠡ ᠳᠤ ᠵᠠᠷᠭᠤᠯᠳᠤᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ | ᠪᠣᠯᠤᠨ᠎ᠠ ᠬᠡᠵᠦ ᠰᠠᠨᠠᠭᠤᠯᠵᠠᠢ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2018 ᠣᠨ ᠢ ᠪᠤᠳᠤᠪᠠᠯ᠂ ᠬᠥᠮᠦᠨ ᠤ ᠵᠢᠰᠦ ᠶᠢ ᠢᠯᠭᠠᠨ | ᠲᠠᠨᠢᠬᠤ ᠮᠡᠷᠭᠡᠵᠢᠯ ᠢ ᠣᠶᠢᠯᠠᠭᠠᠬᠤ ᠭᠠᠷ ᠤᠳᠠᠰᠤ ᠪᠠᠷ ᠲᠣᠭᠠᠴᠠᠭ᠎ᠠ ᠬᠢᠬᠦ ᠬᠡᠷᠡᠭᠯᠡᠭᠴᠢ 10 ᠵᠠᠭᠤᠨ ᠤ | ᠬᠤᠪᠢ ᠶᠢᠨ ᠴᠡᠭ ᠰᠢᠬᠠᠮ ᠨᠡᠮᠡᠭᠳᠡᠵᠦ᠂ 84.4% ᠶᠢᠨ ᠬᠡᠷᠡᠭᠯᠡᠭᠴᠢ ᠨᠢ ᠠᠮᠢᠳᠤ ᠪᠣᠳᠠᠰ ᠢ ᠢᠯᠭᠠᠨ | ᠲᠠᠨᠢᠬᠤ ᠮᠡᠷᠭᠡᠵᠢᠯ ᠢᠶᠠᠷ ᠭᠠᠷ ᠤᠳᠠᠰᠤ ᠪᠠᠷ ᠲᠤᠭᠠᠴᠠᠭ᠎ᠠ ᠬᠢᠬᠦ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ | ᠠᠷᠠᠯᠵᠢᠶ᠎ᠡ ᠬᠢᠬᠦ ᠶᠢ ᠰᠢᠯᠭᠠᠨ ᠪᠠᠲᠤᠯᠠᠬᠤ ᠶᠢ ᠬᠦᠯᠢᠶᠡᠨ ᠠᠪᠴᠤ ᠬᠡᠷᠡᠭᠯᠡᠵᠦ ᠪᠠᠶᠢᠨ᠎ᠠ᠃ ᠭᠡᠪᠡᠴᠦ ᠬᠡᠷᠡᠭᠯᠡᠭᠴᠢ ᠨᠢ | ᠠᠮᠢᠳᠤ ᠪᠣᠳᠠᠰ ᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠬᠦ ᠳᠡᠭᠡᠨ ᠡᠩ ᠲᠡᠷᠢᠭᠦᠨ ᠳᠤ ᠮᠦᠨᠬᠦ ᠬᠤᠪᠢ | ᠬᠥᠮᠦᠨ ᠤ ᠨᠢᠭᠤᠴᠠ ᠵᠠᠳᠠᠷᠠᠬᠤ ᠪᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠲᠤᠬᠠᠢ | ᠰᠠᠨᠠᠭᠠᠰᠢᠷᠠᠬᠰᠠᠭᠠᠷ ᠢᠷᠡᠵᠡᠢ᠂ ᠡᠳᠡᠭᠡᠷ ᠵᠦᠢᠯ ᠳᠤ ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ ᠨᠢ ᠲᠣᠰ | ᠲᠣᠰ 76.9% ᠪᠠ 71.3% ᠡᠵᠡᠯᠡᠵᠦ ᠪᠠᠶᠢᠨ᠎ᠠ᠃ ᠠᠵᠢᠯ ᠲᠥᠷᠥᠯ ᠤᠨ ᠬᠥᠮᠦᠰ ᠤᠨ ᠦᠵᠡᠬᠦ ᠪᠠᠷ᠂ | ᠲᠦᠢᠯ ᠤᠨ ᠠᠮᠤᠷ ᠲᠦᠪᠰᠢᠨ ᠮᠡᠷᠭᠡᠵᠢᠯ ᠭᠡᠵᠦ ᠪᠠᠶᠢᠬᠤ ᠥᠬᠡᠶ᠂ ᠵᠢᠱᠢᠶᠡᠯᠡᠪᠡᠯ ᠬᠥᠮᠦᠨ ᠤ ᠵᠢᠰᠦ ᠶᠢ ᠢᠯᠭᠠᠨ | ᠲᠠᠨᠢᠬᠤ ᠮᠡᠷᠭᠡᠵᠢᠯ ᠨᠢ ᠨᠢᠭᠡᠨᠲᠡ ᠮᠠᠰᠢ ᠣᠯᠠᠨ ᠬᠦᠷᠢᠶᠡᠨ ᠳᠤ ᠬᠡᠷᠡᠭᠯᠡᠭᠳᠡᠵᠦ ᠪᠠᠶᠢᠨ᠎ᠠ᠂ ᠲᠡᠷᠡ ᠨᠢ | ᠤᠯᠠᠮᠵᠢᠯᠠᠯᠲᠤ ᠨᠢᠭᠤᠴᠠ ᠨᠣᠮᠧᠷ᠂ ᠴᠢᠫ ᠢ ᠪᠤᠳᠤᠪᠠᠯ ᠮᠠᠰᠢ ᠣᠯᠠᠨ ᠥᠪᠡᠷᠮᠢᠴᠡ ᠳᠠᠪᠠᠭᠤᠯᠢᠭ ᠲᠠᠯ᠎ᠠ ᠲᠠᠢ ᠪᠣᠯᠪᠠᠴᠤ | ᠪᠠᠰᠠ ᠲᠠᠶᠢᠯᠤᠬᠳᠠᠵᠤ ᠮᠡᠳᠡᠨ᠎ᠡ᠃ ᠠᠮᠤᠷ ᠲᠦᠪᠰᠢᠨ ᠤ ᠲᠠᠯ᠎ᠠ ᠠᠴᠠ ᠪᠣᠳᠣᠯᠬᠢᠯᠠᠪᠠᠯ᠂ ᠬᠠᠮᠤᠭ ᠰᠠᠶᠢᠨ ᠨᠢ ᠣᠯᠠᠨ | ᠵᠦᠢᠯ ᠤᠨ ᠰᠢᠯᠭᠠᠨ ᠪᠠᠲᠤᠯᠠᠬᠤ ᠠᠷᠭ᠎ᠠ ᠮᠠᠶ᠋ᠢᠭ ᠢ ᠰᠣᠯᠪᠢᠴᠠᠭᠤᠯᠤᠨ ᠬᠡᠷᠡᠭᠯᠡᠵᠦ᠂ ᠢᠯᠠᠩᠭᠤᠶ᠎ᠠ ᠠᠮᠤᠷ ᠲᠦᠪᠰᠢᠨ ᠤ | ᠱᠠᠭᠠᠷᠳᠠᠯᠭ᠎ᠠ ᠲᠦᠢᠯ ᠤᠨ ᠥᠨᠳᠥᠷ ᠮᠥᠩᠭᠦᠨ ᠬᠦᠢᠯᠭᠡᠭᠡᠨ ᠤ ᠲᠠᠯᠠᠪᠠᠢ ᠳᠤ ᠬᠡᠷᠡᠭᠯᠡᠬᠦ ᠬᠡᠷᠡᠭᠳᠡᠢ᠃ ᠵᠢᠱᠢᠶᠡᠯᠡᠪᠡᠯ᠂ | ᠬᠡᠷᠡᠯ ᠵᠢᠷᠤᠭ᠂ ᠸᠢᠳᠢᠣ᠋ ᠨᠡᠪᠲᠡᠷᠡᠭᠦᠯᠭᠡ᠂ 3D ᠲᠣᠯᠣᠭᠠᠶ ᠶᠢᠨ ᠪᠦᠷᠬᠦᠪᠴᠢ ᠵᠡᠷᠭᠡ ᠬᠠᠭᠤᠷᠮᠠᠭ ᠨᠢᠭᠤᠷ ᠤᠨ | ᠳᠠᠭᠠᠷᠢᠯᠲᠠ ᠶᠢ ᠰᠡᠷᠭᠡᠶᠢᠯᠡᠬᠦ ᠶᠢᠨ ᠲᠥᠯᠥᠭᠡ᠂ ᠪᠠᠩᠬᠢ ᠨᠢ ᠨᠢᠭᠤᠷ ᠢᠶᠠᠨ ᠰᠢᠷᠪᠢᠵᠦ ᠵᠣᠭᠤᠰ ᠭᠠᠷᠭᠠᠨ ᠠᠪᠬᠤ ᠶᠢᠨ | ᠵᠡᠷᠭᠡᠪᠡᠷ ᠬᠥᠮᠦᠨ ᠤ ᠵᠢᠰᠦ ᠶᠢ ᠢᠯᠭᠠᠨ ᠲᠠᠨᠢᠬᠤ᠂ ᠭᠠᠷ ᠤᠲᠠᠰᠤᠨ ᠤ ᠨᠣᠮᠧᠷ ᠪᠤᠶᠤ ᠪᠡᠶ᠎ᠡ ᠶᠢᠨ ᠦᠨᠡᠮᠯᠡᠯ ᠢ | ᠰᠢᠯᠭᠠᠨ ᠪᠠᠲᠤᠯᠠᠬᠤ᠂ ᠨᠢᠭᠤᠴᠠ ᠨᠣᠮᠧᠷ ᠢ ᠰᠢᠯᠭᠠᠨ ᠪᠠᠲᠤᠯᠠᠬᠤ ᠭᠤᠷᠪᠠᠨ ᠳᠠᠪᠬᠤᠷ ᠬᠠᠮᠠᠭᠠᠯᠠᠯᠲᠠ ᠬᠢᠬᠦ ᠬᠡᠷᠡᠭᠳᠡᠢ | ᠬᠡᠪᠡ᠃ |