ᠲᠠᠶᠢᠹᠤᠰᠧ ᠬᠤᠰᠢᠭᠤᠨ ᠤ ᠠᠶᠠᠨᠴᠢᠨ ᠤ ᠵᠦᠬᠡᠬᠡᠪᠦᠷᠢ ᠶᠢᠨ ᠦᠢᠯᠡᠰ ᠡᠮᠬᠢ ᠲᠢᠭᠯᠡᠮ ᠲᠠᠢ ᠰᠡᠷᠬᠦᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020-03-25
   ᠠᠵᠢᠯ ᠦᠢᠯᠡᠳᠪᠦᠷᠢᠯᠡᠯ ᠰᠡᠷᠬᠦᠬᠡᠬᠦ ᠳᠤ ᠤᠯᠠᠮ ᠰᠠᠶᠢᠨ ᠦᠢᠯᠡᠴᠢᠯᠡᠵᠦ᠂  ᠠᠷᠠᠳ ᠢᠷᠭᠡᠳ ᠤᠨ ᠶᠠᠪᠤᠵᠤ ᠢᠷᠡᠬᠦ ᠦᠨᠳᠦᠰᠦᠨ ᠭᠡᠷᠡᠭᠴᠡᠭᠡ ᠶᠢ  ᠬᠠᠩᠭᠠᠬᠤ ᠶᠢᠨ ᠲᠤᠰᠠᠳᠠ᠂ ᠲᠠᠶᠢᠹᠤᠰᠧ  ᠬᠤᠰᠢᠭᠤ 3 ᠰᠠᠷ᠎ᠠ ᠶᠢᠨ 22 ᠤᠨ ᠡᠳᠦᠷ ᠠᠴᠠ ᠬᠤᠯᠠ   ᠶᠢᠨ ᠠᠶᠠᠨ ᠤ ᠵᠦᠬᠡᠬᠡᠪᠦᠷᠢ ᠶᠢ  ᠡᠮᠬᠢ ᠲᠢᠭᠯᠡᠮ ᠲᠠᠢ ᠰᠡᠷᠬᠦᠬᠡᠵᠦ ᠡᠬᠢᠯᠡᠪᠡ᠃ ᠪᠤᠤᠴᠠᠩ ᠤᠨ ᠮᠠᠰᠢᠨ ᠲᠡᠷᠭᠡᠨ ᠦᠷᠳᠡᠭᠡᠨ ᠤ ᠡᠬᠦᠳᠡᠨ ᠳᠤ ᠵᠢᠵᠢᠬᠦᠷᠯᠡᠭᠴᠢ ᠠᠵᠢᠯᠳᠠᠳ ᠦᠪᠡᠷ ᠦᠪᠡᠷ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂   ᠪᠦᠬᠦᠶᠢᠯᠡ ᠠᠵᠢᠯ ᠠᠯᠬᠤᠮ ᠲᠠᠷᠠᠭᠠᠯᠠᠯ ᠲᠠᠢ ᠶᠠᠪᠤᠭᠳᠠᠨ᠎ᠠ᠃  ᠦᠷᠳᠡᠭᠡᠨ  ᠤ ᠠᠵᠢᠯᠳᠠᠨ ᠪᠠ  ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠠᠵᠢᠯᠳᠠᠨ ᠦᠷᠳᠡᠭᠡ ᠳᠤ ᠤᠷᠤᠬᠤ ᠠᠶᠠᠨᠴᠢᠨ ᠨᠢᠬᠡᠪᠦᠷᠢ ᠶᠢᠨ ᠬᠠᠯᠠᠭᠤᠨ ᠢ ᠬᠡᠮᠵᠢᠵᠦ᠂  ᠦᠨᠡᠮᠯᠡᠯ ᠢ ᠪᠠᠶᠢᠴᠠᠭᠠᠨ᠂  ᠶᠠᠪᠤᠬᠤ ᠭᠠᠵᠠᠷ ᠢ ᠨᠢ  ᠯᠠᠪᠯᠠᠨ ᠠᠰᠠᠭᠤᠵᠤ᠂ ᠨᠠᠷᠢᠨ ᠲᠤᠳᠤᠷᠬᠠᠢ ᠲᠡᠮᠳᠡᠭᠯᠡᠨ ᠲᠠᠩᠰᠠᠯᠠᠭᠰᠠᠨ ᠤ ᠲᠠᠷᠠᠭ᠎ᠠ᠂   ᠡᠷᠡᠮᠪᠠ ᠲᠠᠷᠠᠭᠠᠯᠠᠯ ᠲᠠᠢ ᠪᠠᠷ   ᠦᠷᠳᠡᠭᠡᠨ ᠳᠤ ᠤᠷᠤᠭᠤᠯᠵᠤ  ᠂ ᠤᠷᠤᠨ ᠵᠠᠢ ᠶᠢ ᠨᠢ ᠲᠡᠩᠴᠡᠬᠦᠯᠦᠨ ᠮᠦᠷᠯᠡᠬᠦᠯᠵᠦ  ᠪᠢᠯᠧᠲ ᠠᠪᠤᠭᠤᠯᠤᠨ᠎ᠠ᠃  ᠬᠢᠵᠢᠭ  ᠰᠡᠷᠭᠡᠶᠢᠯᠡᠯᠳᠡ ᠶᠢ ᠴᠢᠩᠭᠠᠳᠬᠠᠵᠤ᠂   ᠡᠵᠡᠩᠨᠡᠯᠳᠡ ᠰᠡᠷᠬᠦᠬᠡᠬᠦ ᠪᠡᠯᠡᠳᠭᠡᠯ ᠠᠵᠢᠯ ᠢ ᠰᠠᠶᠢᠨ ᠬᠢᠬᠦ ᠶᠢᠨ ᠲᠦᠯᠦᠬᠡ᠂ ᠦᠷᠳᠡᠭᠡᠨ ᠤ ᠬᠢᠨ  ᠪᠦᠬᠦ ᠠᠵᠢᠯᠳᠠᠳ ᠢᠶᠠᠨ ᠬᠦᠳᠡᠯᠬᠡᠵᠦ᠂  ᠶᠡᠭᠡ ᠴᠡᠪᠡᠷᠯᠡᠭᠡ ᠶᠡᠭᠡ ᠠᠷᠢᠭᠤᠳᠬᠠᠯ  ᠤᠨ ᠠᠵᠢᠯ ᠢ ᠱᠠᠯᠠᠪᠳᠠᠨ ᠬᠢᠭᠰᠡᠨ ᠤ ᠬᠠᠮᠳᠤ᠂  ᠵᠢᠯᠤᠭᠤᠴᠢ ᠨᠠᠷ ᠲᠤ  ᠵᠤᠷᠢᠭᠤᠯᠤᠭᠰᠠᠨ ᠬᠢᠵᠢᠭ ᠰᠡᠷᠭᠡᠶᠢᠯᠡᠬᠦ ᠮᠡᠳᠡᠯᠬᠡ ᠶᠢᠨ ᠤᠬᠠᠭᠤᠯᠭ᠎ᠠ ᠬᠦᠮᠦᠵᠢᠯ ᠢ ᠬᠢᠵᠦ᠂   ᠡᠷᠡᠰ ᠴᠢᠩᠭ᠎ᠠ ᠲᠦᠷᠢᠮ ᠲᠤᠭᠳᠠᠭᠠᠯ ᠢ ᠲᠤᠭᠳᠠᠨ ᠭᠡᠷᠡᠭᠵᠢᠬᠦᠯᠵᠡᠢ᠃     ᠵᠦᠬᠡᠬᠡᠪᠦᠷᠢ ᠡᠬᠢᠯᠡᠬᠦ ᠠᠴᠠ ᠡᠮᠦᠨ᠎ᠡ  ᠂ ᠬᠤᠰᠢᠭᠤᠨ ᠤ  ᠪᠠᠶᠢᠴᠠᠭᠠᠬᠤ ᠲᠤᠭᠤᠶᠢᠯᠠᠩ ᠠᠴᠠ ᠪᠤᠤᠴᠠᠩ ᠤᠨ  ᠮᠠᠰᠢᠨ ᠲᠡᠷᠭᠡᠨ ᠤ ᠦᠷᠳᠡᠭᠡ᠂ ᠲᠦᠩ ᠳ᠋ᠠ ᠲᠦᠷᠢᠶᠡᠰᠦᠨ ᠮᠠᠰᠢᠨ ᠤ ᠺᠤᠮᠫᠠᠨᠢ ᠶᠢᠨ ᠬᠢᠵᠢᠭ ᠰᠡᠷᠭᠡᠶᠢᠯᠡᠯᠳᠡ ᠪᠠ ᠠᠶᠤᠯᠬᠦᠢ ᠦᠢᠯᠡᠳᠪᠦᠷᠢᠯᠡᠯ ᠤᠨ ᠠᠷᠭ᠎ᠠ  ᠬᠡᠮᠵᠢᠶ᠎ᠡ ᠠᠪᠴᠤ ᠪᠠᠶᠢᠭ᠎ᠠ ᠪᠠᠶᠢᠳᠠᠯ ᠳᠤ ᠲᠤᠰᠬᠠᠢ ᠪᠠᠶᠢᠴᠠᠭᠠᠯᠳᠠ ᠶᠠᠪᠤᠭᠤᠯᠵᠤ᠂  3 ᠰᠠᠷ᠎ᠠ ᠶᠢᠨ 9 ᠤ ᠡᠳᠦᠷ ᠠᠴᠠ ᠲᠦᠷᠢᠶᠡᠰᠦᠨ ᠮᠠᠰᠢᠨ ᠵᠦᠬᠡᠬᠡᠪᠦᠷᠢ ᠪᠠᠨ ᠰᠡᠷᠬᠦᠬᠡᠵᠦ᠂  19 ᠤ ᠡᠳᠦᠷ ᠰᠤᠮᠤ ᠰᠢᠶᠠᠩ ᠪᠠᠯᠭᠠᠰᠤᠨ ᠤ  ᠠᠶᠠᠨᠴᠢᠨ ᠤ ᠵᠦᠬᠡᠬᠡᠪᠦᠷᠢ ᠶᠢ ᠰᠡᠷᠬᠦᠬᠡᠨ᠂  22  ᠤᠨ ᠡᠳᠦᠷ ᠠᠴᠠ ᠭᠡᠰᠡᠭ ᠬᠤᠯᠠ  ᠵᠠᠮ ᠤᠨ ᠠᠶᠠᠨᠴᠢᠨ ᠤ ᠵᠦᠬᠡᠬᠡᠪᠦᠷᠢ   ᠶᠢ ᠠᠯᠬᠤᠮ ᠠᠯᠬᠤᠮ ᠢᠶᠠᠷ ᠰᠡᠷᠬᠦᠬᠡᠵᠦ ᠡᠬᠢᠯᠡᠭᠰᠡᠨ  ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号