︽ᠠᠰᠤᠷᠤ︾  ᠤᠷᠠᠯᠢᠭ ᠤᠨ ᠦᠪᠯᠡᠨ ᠤᠯᠠᠮᠵᠢᠯᠠᠭᠴᠢ
ᠨᠡᠶᠢᠲᠡᠯᠡᠭᠰᠡᠨ ᠴᠠᠭ᠄
2020/3/26
   ᠤᠶᠢᠷᠤᠪ  ᠂ ᠡᠷᠡᠭᠳᠡᠢ᠂ ᠮᠤᠩᠭᠤᠯ ᠦᠨᠳᠦᠰᠦᠳᠡᠨ᠂ 1948 ᠤᠨ ᠳᠤ ᠲᠦᠷᠦᠪᠡ᠃  ᠲᠠᠶᠢᠹᠤᠰᠧ ᠬᠤᠰᠢᠭᠤᠨ ᠤ ᠬᠦᠨᠪᠤᠯᠠᠭ  ᠰᠤᠮᠤ ᠪᠠᠷ ᠨᠤᠳᠤᠭᠳᠠᠢ᠂ ᠲᠠᠶᠢᠹᠤᠰᠧ ᠬᠤᠰᠢᠭᠤᠨ ᠤ  ᠤᠯᠠᠭᠠᠨᠮᠦ᠋ᠴᠢᠷ ᠤᠨ ᠤᠤᠯ ᠤᠨ ᠲᠠᠷᠤᠭ᠎ᠠ᠂  ᠤᠯᠤᠰ ᠤᠨ ᠬᠤᠶᠠᠳᠤᠭᠠᠷ ᠳᠡᠰ ᠤᠨ ᠬᠦᠭᠵᠢᠮ ᠤᠨ ᠵᠤᠬᠢᠶᠠᠭᠴᠢ᠂ ᠰᠤᠶᠤᠯ ᠤᠨ ᠶᠠᠮᠤᠨ ᠤ ᠦᠨᠳᠦᠰᠦᠳᠡᠨ ᠤ ᠠᠷᠠᠳ ᠤᠨ ᠤᠷᠠᠯᠢᠭ ᠢ ᠬᠦᠭᠵᠢᠬᠦᠯᠬᠦ ᠲᠦᠪ ᠤᠨ ᠤᠮᠠᠷᠠᠳᠤ ᠶᠢᠨ ᠲᠠᠯ᠎ᠠ ᠨᠤᠳᠤᠭ ᠤᠨ ᠲᠠᠭᠤᠤ ᠬᠦᠭᠵᠢᠮ ᠢ ᠰᠤᠳᠤᠯᠬᠤ ᠪᠠ ᠤᠯᠠᠮᠵᠢᠯᠠᠬᠤ ᠰᠠᠭᠤᠷᠢᠨ ᠭᠠᠵᠠᠷ ᠤᠨ ᠰᠤᠳᠤᠯᠤᠭᠠᠴᠢ᠂  ᠦᠪᠦᠷ ᠮᠤᠩᠭᠤᠯ ᠤᠨ ᠶᠤᠸᠠᠨ ᠤ ᠰᠤᠶᠤᠯ ᠢ ᠬᠠᠮᠠᠭᠠᠯᠠᠨ ᠬᠦᠭᠵᠢᠬᠦᠯᠬᠦ ᠰᠤᠳᠤᠯᠭᠠᠨ ᠤ ᠬᠤᠷᠠᠯ ᠤᠨ ᠭᠡᠷᠡᠭ ᠮᠡᠳᠡᠭᠴᠢ᠂  ᠦᠪᠦᠷ ᠮᠤᠩᠭᠤᠯ  ᠤᠨ ᠲᠠᠭᠤᠤ  ᠬᠦᠭᠵᠢᠮᠴᠢᠳ ᠤᠨ ᠨᠡᠶᠢᠬᠡᠮᠯᠢᠭ ᠤᠨ ᠭᠡᠰᠢᠬᠦᠨ᠂ ᠰᠢᠯᠢ ᠶᠢᠨ ᠭᠤᠤᠯ ᠠᠶᠢᠮᠠᠭ ᠤᠨ ᠲᠠᠭᠤᠤ ᠬᠦᠭᠵᠢᠮ  ᠤᠨ ᠨᠡᠶᠢᠬᠡᠮᠯᠢᠭ ᠤᠨ ᠲᠡᠳ᠋ ᠲᠡᠷᠢᠬᠦᠯᠡᠭᠴᠢ ᠵᠡᠷᠭᠡ ᠨᠡᠶᠢᠬᠡᠮ ᠤᠨ ᠲᠤᠰᠢᠶᠠᠯ ᠲᠠᠢ᠃ ᠦᠪᠡᠷᠳᠡᠭᠡᠨ ᠵᠠᠰᠠᠬᠤ ᠤᠷᠤᠨ ᠤ ︽ᠲᠠᠪᠤᠨ ᠨᠢᠬᠡ ᠢᠨᠵᠧᠨᠧᠷᠢᠩ︾ ᠤᠨ ᠱᠠᠩᠨᠠᠯ ᠢ  ᠲᠤᠰᠤᠭᠰᠠᠨ ︽ᠰᠢᠨ᠎ᠡ ᠪᠠᠭᠤᠴᠠ︾᠂ ︽ ᠱᠠᠭ᠎ᠠ ᠨᠠᠭᠠᠳᠤᠶ᠎ᠠ︾  ᠵᠢᠴᠢ ᠪᠦᠬᠦ ᠤᠯᠤᠰ ᠤᠨ ᠬᠦᠳᠡᠭᠡ ᠲᠤᠰᠬᠤᠨ ᠤ ᠠᠷᠪᠠᠨ ᠰᠢᠯᠢᠳᠡᠭ ᠲᠠᠭᠤᠤ ᠶᠢᠨ ᠵᠢᠬᠰᠠᠭᠠᠯᠳᠠ ᠳᠤ ᠤᠷᠤᠭᠰᠠᠨ  ︽ᠨᠠᠷᠠᠨ ᠤ ᠲᠤᠶᠠᠭᠠᠳᠤ ᠨᠤᠳᠤᠭ︾  ᠵᠡᠷᠭᠡ 100 ᠭᠠᠷᠤᠢ ᠲᠠᠭᠤᠤ ᠬᠦᠭᠵᠢᠮ ᠤᠨ  ᠤᠷᠠᠨ ᠪᠦᠳᠦᠭᠡᠯ   ᠲᠠᠢ ᠪᠦᠬᠡᠳ ︽ᠰᠢᠯᠢ ᠶᠢᠨ ᠭᠤᠤᠯ ᠤᠨ ᠤᠷᠳᠤ ᠶᠢᠨ ᠲᠠᠭᠤᠤ︾᠂ ︽ᠰᠢᠯᠢ ᠶᠢᠨ ᠭᠤᠤᠯ ᠤᠨ ᠮᠤᠩᠭᠤᠯ ᠰᠢ ᠵᠦᠴᠦᠭᠡ ᠲᠠᠭᠤᠤᠷᠢᠯᠢᠭ ᠤᠨ ᠲᠡᠬᠦᠪᠦᠷᠢ︾᠂ ︽ᠰᠢᠯᠢ ᠶᠢᠨ ᠭᠤᠤᠯ ᠤᠨ ᠠᠷᠠᠳ ᠤᠨ ᠲᠠᠭᠤᠤ ᠶᠢᠨ ᠡᠮᠬᠢᠳᠭᠡᠯ︾ ᠬᠢᠭᠡᠳ ︽ᠠᠰᠤᠷᠤ︾ ᠵᠡᠷᠭᠡ ᠨᠤᠮ  ᠵᠤᠬᠢᠶᠠᠯ᠂ ᠪᠢᠴᠢᠯᠭᠡ ᠴᠤᠮᠤᠭ   ᠢ ᠨᠡᠶᠢᠳᠡᠯᠡᠨ ᠭᠡᠪᠯᠡᠬᠦᠯᠪᠡ᠃  ᠵᠡᠬᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠲᠤ ᠰᠡᠳᠦᠪᠯᠡᠭᠰᠡᠨ ︽ᠲᠦᠷᠪᠡᠨ ᠴᠠᠭ ᠤᠨ ᠦᠵᠦᠮᠦᠴᠢᠨ︾᠂ ︽ᠤᠶᠠᠩᠭ᠎ᠠ ᠶᠢᠨ ᠬᠡᠶᠢᠮᠤᠷᠢᠳᠤ ᠦᠵᠦᠮᠦᠴᠢᠨ︾᠂ ︽ᠦᠵᠦᠮᠦᠴᠢᠨ ᠬᠠᠶᠢᠷ᠎ᠠ︾ ᠵᠡᠷᠭᠡ ᠲᠤᠰᠬᠠᠢ ᠲᠠᠯᠠᠪᠤᠷ ᠲᠤᠭᠯᠠᠯᠳᠠ ᠨᠢ ᠠᠶᠢᠮᠠᠭ  ᠤᠨ ᠰᠢᠯᠭᠠᠷᠠᠭᠤᠯᠤᠯᠳᠠ ᠳᠤ ᠲᠡᠷᠢᠬᠦᠨ ᠲᠡᠰ ᠳᠤ ᠤᠷᠤᠵᠠᠢ᠃      ᠰᠤᠶᠤᠯ  ᠤᠷᠠᠯᠢᠭ ᠤᠨ ᠦᠢᠯᠡᠰ ᠲᠤ ᠲᠦᠴᠢᠭᠡᠳ ᠵᠢᠯ  ᠵᠢᠳᠬᠦᠵᠦ ᠶᠠᠪᠤᠬᠤ ᠳᠠᠭᠠᠨ ᠠᠰᠤᠷᠤ ᠤᠷᠠᠯᠢᠭ ᠤᠨ ᠲᠤᠬᠠᠢ ᠴᠤᠭᠯᠠᠭᠤᠯᠵᠤ ᠡᠮᠬᠢᠳᠭᠡᠬᠦ᠂ ᠰᠤᠷᠴᠤ ᠰᠤᠳᠤᠯᠬᠤ ᠠᠵᠢᠯ ᠢᠶᠠᠨ  ᠴᠠᠭ ᠮᠦᠴᠡ ᠴᠤ ᠬᠠᠶᠠᠭ᠎ᠠ ᠦᠬᠡᠢ᠂  ᠠᠰᠤᠷᠤ ᠤᠷᠠᠯᠢᠭ ᠤᠨ ᠶᠡᠭᠡ ᠪᠠᠭᠰᠢ ᠯᠾᠠᠵᠠᠪ᠂  ᠵᠠᠮᠢᠶᠠᠨᠰᠦ᠋ᠷᠦᠩ ᠳᠤ ᠱᠠᠪᠢ ᠤᠷᠤᠵᠤ᠂  ᠠᠰᠤᠷᠤ ᠶᠢᠨ ᠡᠯ᠎ᠡ ᠵᠦᠢᠯ ᠤᠨ ᠲᠠᠭᠤᠯᠠᠵᠤ ᠬᠦᠭᠵᠢᠮᠳᠡᠬᠦ ᠠᠷᠭ᠎ᠠ   ᠶᠢ ᠰᠤᠷᠴᠤ ᠦᠪᠯᠡᠭᠰᠡᠨ ᠪᠠᠶᠢᠨ᠎ᠠ᠃  ᠬᠦᠪᠡᠭᠡᠳᠦ ᠰᠢᠷ᠎ᠠ ᠬᠤᠰᠢᠭᠤᠨ  ᠤ ᠤᠯᠠᠭᠠᠨᠮᠦ᠋ᠴᠢᠷ ᠤᠨ ᠤᠷᠢᠯᠭ᠎ᠠ ᠪᠠᠷ ᠰᠡᠳᠦᠨ ᠡᠷᠬᠢᠯᠡᠭᠰᠡᠨ ︽ᠠᠰᠤᠷᠤ ᠨᠠᠶᠢᠷ︾ ᠬᠡᠮᠡᠬᠦ ᠦᠨᠳᠦᠰᠦᠳᠡᠨ ᠤ ᠤᠯᠠᠮᠵᠢᠯᠠᠯᠳᠤ ᠲᠠᠭᠤᠤ ᠪᠦᠵᠢᠭ ᠤᠨ ᠲᠤᠭᠯᠠᠯᠳᠠ ᠨᠢ ᠪᠡᠭᠡᠵᠢᠩ ᠳᠤ ᠪᠤᠯᠤᠭᠰᠠᠨ ᠤᠯᠠᠨ ᠤᠯᠤᠰ ᠤᠨ ᠤᠷᠳᠤᠨ ᠤ ᠲᠠᠭᠤᠯᠠᠯ ᠤᠨ ᠦᠵᠡᠬᠦᠯᠦᠯᠬᠡ ᠳᠤ ᠦᠨᠳᠦᠷ ᠠᠮᠵᠢᠯᠳᠠ ᠤᠯᠵᠤ᠂  ᠤᠯᠤᠰ ᠤᠨ ᠲᠤᠳᠤᠭᠠᠳᠤ ᠭᠠᠳᠠᠭᠠᠳᠤ ᠶᠢᠨ ᠲᠠᠭᠤᠤ ᠬᠦᠭᠵᠢᠮ ᠤᠨ ᠡᠷᠳᠡᠮ ᠰᠢᠨᠵᠢᠯᠡᠬᠡᠨ ᠤ ᠬᠦᠮᠦᠰ ᠤᠨ  ᠤᠨᠴᠠ ᠠᠩᠬᠠᠷᠤᠯ ᠢ ᠲᠠᠳᠠᠭᠰᠠᠨ ᠪᠠᠶᠢᠳᠠᠭ᠃ 2011 ᠤᠨ ᠳᠤ ᠠᠰᠤᠷᠤ  ᠤᠷᠠᠯᠢᠭ ᠤᠨ  ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠪᠤᠯᠵᠤ᠂ ᠮᠦᠨ ᠵᠢᠯ  ᠳᠡᠭᠡᠨ  ᠤᠷᠤᠨ ᠤ ᠲᠡᠰ ᠤᠨ  ᠦᠪᠯᠡᠨ ᠤᠯᠠᠮᠵᠢᠯᠠᠭᠴᠢ ᠪᠠᠷ ᠲᠤᠭᠳᠠᠭᠠᠭᠳᠠᠵᠤ᠂ 2018 ᠤᠨ ᠳᠤ ᠤᠯᠤᠰ ᠤᠨ ᠲᠡᠰ ᠤᠨ ᠲᠦᠯᠦᠭᠡᠯᠡᠭᠴᠢ ᠴᠢᠨᠠᠷᠳᠠᠢ ᠦᠪᠯᠡᠨ ᠤᠯᠠᠮᠵᠢᠯᠠᠭᠴᠢ  ᠪᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号