ᠲᠠᠶᠢᠹᠤᠰᠧ ᠬᠤᠰᠢᠭᠤ ᠬᠢᠵᠢᠭ ᠰᠡᠷᠭᠡᠶᠢᠯᠡᠬᠦ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020-03-27
   3 ᠰᠠᠷ᠎ᠠ ᠶᠢᠨ 24 ᠤ ᠡᠳᠦᠷ᠂  ᠲᠠᠶᠢᠹᠤᠰᠧ  ᠬᠤᠰᠢᠭᠤ ᠰᠢᠨ᠎ᠡ ᠲᠢᠳᠢᠮᠯᠢᠭ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ  ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ᠂  ᠦᠢᠯᠡᠳᠪᠦᠷᠢᠯᠡᠯ ᠡᠵᠡᠩᠨᠡᠯᠳᠡ  ᠰᠡᠷᠬᠦᠬᠡᠬᠦ ᠵᠡᠷᠭᠡ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ ᠬᠤᠷᠠᠯ ᠡᠷᠬᠢᠯᠡᠵᠦ  ᠂   ᠬᠤᠰᠢᠭᠤᠨ ᠤ ᠤᠳᠤᠷᠢᠳᠤᠯᠭ᠎ᠠ  ᠴᠢᠶᠤᠤ ᠵᠢᠶᠠᠨ ᠴᠢᠶᠠᠩ᠂  ᠯᠢ ᠴᠦᠨ ᠭᠤᠸᠠᠩ  ᠂  ᠸᠠᠩ ᠵᠢᠤᠢ ᠰᠢ᠂ ᠰᠢᠤᠢ ᠢᠩ ᠵᠢᠶᠠᠨ᠂ ᠯᠢ ᠵᠠᠨ ᠪᠤᠤ᠂  ᠡᠷᠳᠡᠨᠢᠪᠠᠭᠠᠳᠤᠷ ᠵᠢᠴᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ  ᠬᠠᠷᠢᠭᠤᠴᠠᠯᠭᠠᠳᠠᠳ ᠨᠠᠷ ᠬᠤᠷᠠᠯ ᠳᠤ  ᠤᠷᠤᠯᠴᠠᠪᠠ᠃     ᠬᠤ᠋ ᠴᠧᠩ ᠳ᠋ᠦᠩ ᠲᠦᠪ ᠬᠤᠷᠢᠶᠠᠨ ᠤ ᠬᠢᠵᠢᠭ   ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠲᠤᠭᠤᠶᠢᠯᠠᠩ ᠤᠨ  ᠬᠤᠷᠠᠯ ᠤᠨ ᠵᠤᠷᠢᠭ ᠰᠠᠨᠠᠭ᠎ᠠ ᠶᠢ  ᠤᠯᠠᠮᠵᠢᠯᠠᠭᠰᠠᠨ ᠤ ᠬᠠᠮᠳᠤ᠂  ᠬᠤᠯᠪᠤᠭᠳᠠᠬᠤ ᠠᠵᠢᠯ ᠤᠨ ᠲᠤᠬᠠᠢ ᠱᠠᠭᠠᠷᠳᠠᠯᠭ᠎ᠠ ᠲᠠᠯᠪᠢᠵᠠᠢ᠃  ᠲᠡᠷᠡ ᠱᠠᠭᠠᠷᠳᠠᠬᠤ ᠳᠠᠭᠠᠨ᠂  ᠡᠷᠭᠡᠪᠰᠢ ᠰᠢ ᠶᠢᠨ ᠫᠢᠩ ᠶᠡᠷᠦᠩᠬᠡᠢ ᠱᠦᠵᠢ  ᠶᠢᠨ ᠴᠢᠬᠤᠯᠠ  ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠨᠢᠮᠪᠠᠢ ᠲᠤᠤᠱᠯᠠᠭᠤᠯᠵᠤ᠂ ᠬᠢᠯᠪᠠᠷ ᠪᠤᠰᠤ ᠪᠠᠷ ᠤᠯᠵᠤ ᠢᠷᠡᠭᠰᠡᠨ ᠬᠢᠵᠢᠭ ᠰᠡᠷᠭᠡᠶᠢᠯᠡᠬᠦ ᠠᠵᠢᠯ ᠤᠨ ᠠᠮᠵᠢᠯᠳᠠ ᠪᠦᠳᠦᠮᠵᠢ ᠪᠠᠨ ᠨᠠᠨᠳᠢᠩᠨᠠᠨ ᠬᠠᠮᠠᠭᠠᠯᠠᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯᠳᠠᠯᠭᠠᠳᠠᠢ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠤᠷ ᠠᠳᠬᠤᠬᠤ ᠭᠡᠷᠡᠭᠳᠡᠢ᠃  ᠦᠢᠯᠡᠳᠪᠦᠷᠢᠯᠡᠯ  ᠡᠵᠡᠩᠨᠡᠯᠳᠡ ᠰᠡᠷᠬᠦᠬᠡᠬᠦ ᠶᠢ ᠢᠳᠡᠪᠬᠢᠳᠡᠢ ᠪᠦᠬᠡᠳ ᠲᠢᠭᠯᠡᠮ ᠲᠠᠢ ᠠᠬᠢᠭᠤᠯᠵᠤ᠂  ᠬᠢᠵᠢᠭ ᠰᠡᠷᠭᠡᠶᠢᠯᠡᠬᠦ ᠠᠷᠭ᠎ᠠ ᠪᠠᠷᠢᠯ ᠢ ᠠᠮᠢᠳᠤᠯᠢᠭ ᠢᠶᠠᠷ ᠲᠤᠬᠢᠷᠠᠭᠤᠯᠤᠨ᠂  ᠦᠢᠯᠡᠳᠪᠦᠷᠢᠯᠡᠯ ᠠᠮᠢᠳᠤᠷᠠᠯ ᠤᠨ  ᠪᠤᠳᠠᠳᠠᠢ ᠲᠠᠢ  ᠦᠯᠦ ᠲᠤᠬᠢᠷᠠᠯᠴᠠᠬᠤ ᠠᠷᠭ᠎ᠠ ᠪᠠᠷᠢᠯ ᠢ ᠴᠠᠭ ᠲᠤᠬᠠᠢ ᠳᠤᠨᠢ ᠲᠤᠬᠢᠷᠠᠭᠤᠯᠬᠤ ᠪᠠ ᠦᠬᠡᠶᠢᠰᠭᠡᠬᠦ ᠭᠡᠷᠡᠭᠳᠡᠢ᠃  ᠠᠷᠢᠭᠤᠳᠬᠠᠬᠤ᠂ ᠰᠠᠯᠬᠢ ᠨᠡᠪᠳᠡᠷᠡᠬᠦᠯᠬᠦ  ᠂  ᠪᠡᠶ᠎ᠡ  ᠶᠢᠨ ᠬᠠᠯᠠᠭᠤᠨ ᠢ ᠬᠡᠮᠵᠢᠬᠦ ᠵᠡᠷᠭᠡ ᠠᠵᠢᠯ ᠢ ᠰᠠᠶᠢᠨ ᠬᠢᠵᠦ᠂  ᠠᠵᠢᠯᠳᠠᠨ ᠤ ᠰᠡᠷᠭᠡᠶᠢᠯᠡᠨ ᠬᠠᠮᠠᠭᠠᠯᠠᠯᠳᠠ ᠶᠢ ᠴᠢᠩᠭᠠᠳᠬᠠᠬᠤ ᠭᠡᠷᠡᠭᠳᠡᠢ᠃  ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠭᠰᠡᠨ ᠤᠷᠢᠳᠠᠯ ᠲᠤᠤᠷ᠎ᠠ᠂ ᠬᠤᠳᠠ  ᠬᠦᠳᠡᠭᠡ ᠶᠢᠨ ᠵᠠᠮ ᠨᠡᠪᠳᠡᠷᠡᠯᠬᠡ ᠵᠦᠬᠡᠬᠡᠪᠦᠷᠢ ᠶᠢᠨ ᠠᠵᠢᠯ ᠢ ᠪᠦᠬᠦ ᠲᠠᠯ᠎ᠠ ᠪᠠᠷ  ᠰᠡᠷᠬᠦᠬᠡᠨ᠎ᠡ᠃  ᠡᠯ᠎ᠡ ᠰᠠᠯᠠᠭ᠎ᠠ ᠮᠦᠴᠢᠷ ᠨᠢ  ᠬᠢᠵᠢᠭ ᠰᠡᠷᠭᠡᠶᠢᠯᠡᠬᠦ᠂ ᠦᠢᠯᠡᠳᠪᠦᠷᠢᠯᠡᠯ ᠰᠡᠷᠬᠦᠬᠡᠬᠦ ᠠᠵᠢᠯ ᠪᠠ ᠤᠯᠠᠨ ᠲᠦᠮᠡᠨ ᠤ ᠠᠮᠢᠳᠤᠷᠠᠯ ᠤᠨ ᠲᠤᠮᠳᠠᠬᠢ ᠪᠤᠳᠠᠳᠠᠢ ᠬᠦᠴᠢᠷᠳᠡᠯ ᠢ  ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠦ᠂ ᠦᠨᠡᠨ ᠪᠤᠳᠠᠳᠠᠢ ᠠᠵᠢᠯᠯᠠᠵᠤ᠂  ᠦᠷ᠎ᠡ ᠪᠦᠳᠦᠮᠵᠢ  ᠭᠠᠷᠭᠠᠬᠤ ᠭᠡᠷᠡᠭᠳᠡᠢ  ᠭᠡᠪᠡ᠃      ᠬᠤ᠋ ᠴᠧᠩ ᠳ᠋ᠦᠩ ᠪᠠᠰᠠ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠨᠢ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠲᠠᠢ  ᠰᠠᠶᠢᠳᠤᠷ ᠬᠠᠮᠵᠢᠯᠴᠠᠨ᠂  ᠠᠩᠬ᠎ᠠ ᠲᠤᠮᠳᠠᠳᠤ᠂ ᠲᠡᠭᠡᠳᠦ ᠲᠤᠮᠳᠠᠳᠤ ᠶᠢᠨ ᠰᠤᠷᠤᠯᠭ᠎ᠠ ᠡᠬᠢᠯᠡᠬᠦ ᠪᠡᠯᠡᠳᠭᠡᠯ ᠠᠵᠢᠯ ᠢ ᠰᠠᠶᠢᠨ ᠬᠢᠵᠦ᠂  ᠬᠢᠴᠢᠶᠡᠯ ᠤᠨ ᠭᠡᠷ᠂ ᠪᠠᠶᠢᠷᠢ ᠶᠢᠨ ᠭᠡᠷ᠂ ᠬᠤᠭᠤᠯᠠᠨ ᠲᠢᠩᠬᠢᠮ ᠵᠡᠷᠭᠡ ᠭᠠᠵᠠᠷ ᠤᠷᠤᠨ ᠤ ᠬᠢᠵᠢᠭ ᠠᠴᠠ ᠰᠡᠷᠭᠡᠶᠢᠯᠡᠬᠦ ᠠᠷᠢᠭᠤᠳᠬᠠᠯ ᠤᠨ ᠠᠷᠭ᠎ᠠ ᠪᠠᠷᠢᠯ ᠢ ᠪᠤᠳᠠᠳᠠᠢ ᠪᠦᠬᠡᠳ ᠨᠠᠷᠢᠯᠢᠭ  ᠨᠠᠶᠢᠳᠠᠪᠤᠷᠢᠵᠢᠭᠤᠯᠵᠤ᠂ ᠲᠤᠭᠳᠠᠭᠰᠠᠨ ᠴᠠᠭ ᠲᠠᠭᠠᠨ ᠰᠤᠷᠤᠯᠭ᠎ᠠ  ᠡᠬᠢᠯᠡᠵᠦ᠂ ᠠᠮᠤᠷ ᠲᠦᠪᠰᠢᠨ ᠰᠤᠷᠤᠯᠭ᠎ᠠ ᠡᠬᠢᠯᠡᠬᠦ  ᠶᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃       ᠬᠤᠷᠠᠯ ᠲᠡᠭᠡᠷ᠎ᠡ᠂  ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯ ᠤᠨ ᠮᠡᠳᠡᠬᠦᠯᠦᠯᠳᠡ ᠶᠢ  ᠰᠤᠨᠤᠰᠤᠭᠰᠠᠨ ᠪᠦᠬᠡᠳ ᠲᠦᠪᠯᠡᠷᠡᠬᠦᠯᠦᠨ ᠲᠤᠰᠠᠭᠠᠷᠯᠠᠬᠤ ᠭᠠᠵᠠᠷ ᠲᠠᠯᠠᠪᠠᠢ ᠶᠢᠨ ᠲᠤᠬᠠᠢ ᠶᠠᠷᠢᠯᠴᠠᠨ ᠵᠦᠪᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号