ᠤᠯᠠᠮᠵᠢᠯᠠᠯᠳᠤ ᠴᠠᠭᠠᠨ ᠢᠳᠡᠭᠡ — ᠡᠰᠭᠡ
ᠨᠡᠶᠢᠲᠡᠯᠡᠭᠰᠡᠨ ᠴᠠᠭ᠄
2020/3/27
   ᠦᠭᠡᠷ᠎ᠡ ᠨᠡᠷ᠎ᠡ ᠨᠢ ᠮᠤᠷᠫᠢᠰ᠃ ᠲᠠᠶᠢᠹᠤᠰᠧ ᠵᠡᠭᠦᠨ ᠭᠠᠷ ᠨᠤᠳᠤᠭ  ᠤᠨ ᠭᠠᠷᠤᠯᠳᠠ᠃ ᠡᠰᠭᠡ ᠬᠢᠬᠦ ᠪᠤᠯ ᠭᠠᠳᠠᠭᠠᠳᠤ  ᠠᠴᠠ ᠤᠷᠤᠵᠤ ᠢᠷᠡᠭᠰᠡᠨ ᠮᠡᠷᠭᠡᠵᠢᠯ ᠶᠤᠮ᠃ ᠲᠡᠭᠡᠷ᠎ᠡ ᠶᠠᠷᠢᠭᠰᠠᠨᠴᠢᠯᠠᠨ 20 ᠳ᠋ᠤᠭᠠᠷ ᠵᠠᠭᠤᠨ ᠤ ᠠᠷᠪᠠᠭᠠᠳ ᠤᠨ ᠠᠴᠠ ᠭᠠᠳᠠᠭᠠᠳᠤ ᠶᠢᠨ ᠮᠡᠷᠭᠡᠵᠢᠯᠳᠡᠨ ᠵᠠᠯᠠᠵᠤ᠂ ᠡᠰᠬᠡ ᠪᠤᠯᠪᠠᠰᠤᠷᠠᠭᠤᠯᠵᠤ ᠪᠠᠶᠢᠭᠰᠠᠨ ᠠᠴᠠ ᠪᠤᠳᠤᠪᠠᠯ᠂ ᠲᠠᠶᠢᠹᠤᠰᠧ ᠨᠤᠳᠤᠭ ᠡᠰᠭᠡ ᠪᠤᠯᠪᠠᠰᠤᠷᠠᠭᠤᠯᠤᠭᠠᠳ  ᠵᠠᠭᠤᠭᠠᠳ ᠵᠢᠯ  ᠤᠨ ᠲᠡᠤᠬᠡ ᠲᠠᠢ ᠪᠤᠯᠵᠤ ᠪᠠᠶᠢᠨ᠎ᠠ ᠃ ᠡᠰᠭᠡ  ᠶᠢ ᠰᠦ  ᠪᠠᠷ ᠭᠤᠤᠯ ᠮᠠᠲ᠋ᠧᠷᠢᠶᠠᠯ ᠪᠤᠯᠭᠠᠵᠤ ᠵᠤᠬᠢᠬᠤ ᠬᠠᠷᠢᠴᠠᠯ  ᠤᠨ ᠴᠠᠭᠠᠨ ᠱᠠᠳᠠᠩ᠂ ᠨᠢᠮᠪᠡᠭᠡ  ᠶᠢᠨ ᠬᠦᠴᠢᠯ ᠲᠠᠢ ᠨᠠᠶᠢᠷᠠᠭᠤᠯᠵᠤ ᠬᠢᠳᠡᠭ᠃  ᠪᠤᠯᠪᠠᠰᠤᠷᠠᠭᠤᠯᠬᠤ ᠳᠠᠭᠠᠨ ᠦᠨᠢᠶᠡᠨ ᠰᠦ  ᠪᠠᠨ ᠮᠠᠰᠢᠨ  ᠳᠤ ᠡᠷᠬᠢᠬᠦᠯᠵᠦ᠂ ᠲᠤᠰᠤᠯᠢᠭ   ᠢ ᠨᠢ ᠢᠯᠭᠠᠷᠠᠭᠤᠯᠤᠨ ᠠᠪᠤᠭᠠᠳ᠂ ᠰᠦ ᠳᠤᠨᠢ ᠱᠠᠳᠠᠩ᠂ ᠨᠢᠮᠪᠡᠭᠡ  ᠶᠢᠨ ᠬᠦᠴᠢᠯ ᠬᠤᠯᠢᠵᠤ ᠰᠠᠶᠢᠳᠤᠷ ᠪᠦᠯᠢᠵᠦ ᠨᠠᠶᠢᠷᠠᠭᠤᠯᠤᠨ ᠰᠢᠯ ᠯᠤᠩᠬᠤ  ᠳᠤ ᠰᠠᠪᠠᠯᠠᠵᠤ᠂ ᠠᠮᠠᠰᠠᠷ   ᠢ ᠨᠢ ᠴᠢᠩᠭ᠎ᠠ ᠪᠢᠳᠡᠭᠦᠮᠵᠢᠯᠡᠨ᠎ᠡ᠃ ᠡᠰᠭᠡ ᠪᠤᠯ ᠰᠦᠨ  ᠤ ᠴᠢᠨᠠᠷ  ᠢ ᠬᠠᠳᠠᠭᠠᠯᠠᠭᠰᠠᠨ ᠪᠦᠬᠡᠳ ᠫᠢᠸᠤ᠋  ᠶᠢᠨ ᠰᠢᠨᠵᠢ  ᠶᠢ ᠪᠦᠷᠢᠯᠳᠦᠬᠦᠯᠦᠭᠰᠡᠨ ᠬᠠᠪᠤᠳᠠᠢ ᠰᠡᠷᠢᠬᠦᠨ ᠤᠮᠳᠠᠭᠠᠨ ᠶᠤᠮ᠃ ᠲᠠᠶᠢᠹᠤᠰᠧᠴᠣᠳ ︽ᠮᠤᠩᠭᠤᠯ ᠤᠨ ᠨᠢᠭᠤᠴᠠ ᠲᠤᠪᠴᠢᠶᠠᠨ︾ ᠳᠤ  ᠲᠤᠷᠠᠳᠤᠭᠳᠠᠳᠠᠭ  ᠴᠡᠭᠡ  ᠶᠢᠨ ᠤᠬᠢ  ᠶᠢ ᠨᠡᠷᠡᠯᠡᠳᠡᠭ ᠡᠰᠦᠭ ᠬᠡᠮᠡᠬᠦ ᠨᠡᠷ᠎ᠡ  ᠶᠢᠨ ᠤᠳᠬ᠎ᠠ  ᠶᠢ ᠤᠯᠠᠮᠵᠢᠯᠠᠨ ᠡᠨᠡᠬᠦ ᠤᠮᠳᠠᠭᠠᠨ  ᠢᠶᠠᠨ ᠡᠰᠭᠡ ᠬᠡᠵᠦ ᠨᠡᠷᠡᠯᠡᠭᠰᠡᠨ ᠪᠠᠶᠢᠨ᠎ᠠ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号