ᠲᠠᠶᠢᠹᠤᠰᠧ  ᠬᠤᠰᠢᠭᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-13
     4 ᠰᠠᠷ᠎ᠠ ᠶᠢᠨ 9 ᠤ ᠡᠳᠦᠷ᠂   ᠲᠠᠶᠢᠹᠤᠰᠧ ᠬᠤᠰᠢᠭᠤ 2020 ᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠬᠤᠷᠠᠯ ᠬᠤᠷᠠᠯᠳᠤᠭᠤᠯᠵᠤ᠂ ᠲᠡᠭᠡᠳᠦ ᠱᠠᠳᠤᠨ ᠤ ᠪᠡᠯᠴᠢᠭᠡᠷ ᠰᠡᠷᠬᠦᠬᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠤᠯᠠᠮᠵᠢᠯᠠᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠳᠤ ᠪᠠᠶᠢᠷᠢᠯᠠᠭᠤᠯᠤᠯᠳᠠ ᠬᠢᠪᠡ᠃
    ᠲᠡᠳ᠋ ᠬᠤᠰᠢᠭᠤ ᠲᠠᠷᠤᠭ᠎ᠠ ᠯᠢ ᠵᠠᠨ ᠪᠤᠤ ᠶᠠᠷᠢᠶᠠᠨ ᠳᠠᠭᠠᠨ᠂  ᠪᠡᠯᠴᠢᠭᠡᠷ ᠰᠡᠷᠬᠦᠬᠡᠬᠦ ᠠᠵᠢᠯ ᠤᠨ ᠴᠢᠬᠤᠯᠠ  ᠴᠢᠨᠠᠷ ᠢ ᠬᠦᠢᠴᠡᠳ ᠰᠠᠶᠢᠨ ᠲᠠᠨᠢᠵᠤ᠂  ᠪᠡᠯᠴᠢᠭᠡᠷ ᠰᠡᠷᠬᠦᠬᠡᠬᠦ ᠠᠵᠢᠯ   ᠢ ᠬᠠᠪᠤᠷ ᠤᠨ ᠤᠯᠠᠷᠢᠯ ᠤᠨ ᠮᠠᠯᠵᠢᠬᠤ ᠲᠠᠷᠢᠶᠠᠯᠠᠬᠤ ᠤᠷᠤᠨ  ᠤ  ᠬᠠᠮᠤᠭ ᠠᠴᠠ ᠴᠢᠬᠤᠯᠠ ᠠᠵᠢᠯ ᠪᠤᠯᠭᠠᠨ᠂  ᠬᠦᠮᠦᠨ ᠤ ᠬᠦᠴᠦᠨ ᠪᠠ ᠡᠳ᠋ ᠤᠨ ᠬᠦᠴᠦᠨ ᠢ ᠲᠦᠪᠯᠡᠷᠡᠬᠦᠯᠵᠦ᠂ ᠪᠦᠬᠦ ᠬᠦᠴᠦᠨ ᠢᠶᠠᠷ  ᠠᠳᠬᠤᠵᠤ ᠭᠡᠷᠡᠭᠵᠢᠬᠦᠯᠦᠨ᠂ ᠪᠡᠯᠴᠢᠭᠡᠷ ᠰᠡᠷᠬᠦᠬᠡᠬᠦ ᠠᠵᠢᠯ ᠢ ᠡᠮᠬᠢ ᠲᠢᠭᠯᠡᠮ ᠲᠠᠢ ᠪᠦᠬᠡᠳ ᠦᠷ᠎ᠡ ᠪᠦᠳᠦᠮᠵᠢᠳᠡᠢ ᠠᠬᠢᠭᠤᠯᠬᠤ ᠭᠡᠷᠡᠭᠳᠡᠢ᠃  ᠷᠠᠳᠢᠤ᠋᠂ ᠲᠧᠯᠸᠢᠰ᠂ ᠰᠤᠨᠢᠨ᠂ ᠸᠢᠴᠠᠲ᠂ ᠴᠠᠬᠢᠮ ᠮᠡᠳᠡᠭᠡ ᠶᠢ  ᠠᠰᠢᠭᠯᠠᠨ ᠤᠬᠠᠭᠤᠯᠬᠤ ᠪᠤᠶᠤ ᠠᠶᠢᠯ ᠡᠷᠦᠬᠡ ᠪᠠᠷ ᠲᠤᠭᠤᠷᠢᠨ ᠤᠬᠠᠭᠤᠯᠬᠤ᠂ ᠤᠬᠠᠭᠤᠯᠭ᠎ᠠ ᠶᠢᠨ ᠬᠠᠭᠤᠳᠠᠰᠤ  ᠨᠠᠭᠠᠵᠤ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠤᠬᠠᠭᠤᠯᠭ᠎ᠠ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂  ᠪᠡᠯᠴᠢᠭᠡᠷ ᠰᠡᠷᠬᠦᠬᠡᠬᠦ ᠠᠵᠢᠯ ᠤᠨ ᠰᠠᠶᠢᠨ ᠲᠠᠯ᠎ᠠ ᠶᠢ ᠤᠯᠠᠨ ᠲᠦᠮᠡᠨ ᠳᠤ ᠤᠯᠠᠮ ᠰᠠᠶᠢᠨ ᠲᠠᠨᠢᠭᠤᠯᠬᠤ ᠭᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠲᠠᠢ ᠤᠶᠠᠯᠳᠤᠭᠤᠯᠤᠨ᠂  ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ᠂ ᠨᠢᠬᠡᠳᠦᠭᠡᠷ ᠱᠦᠵᠢ᠂  ᠬᠠᠪᠰᠤᠷᠤᠨ ᠲᠡᠳᠬᠦᠬᠦ  ᠨᠢᠬᠡᠴᠡ ᠶᠢ ᠵᠤᠬᠢᠶᠠᠨ ᠪᠠᠶᠢᠭᠤᠯᠵᠤ᠂ ᠪᠡᠯᠴᠢᠭᠡᠷ ᠰᠡᠷᠬᠦᠬᠡᠬᠦ ᠠᠵᠢᠯ ᠤᠨ ᠴᠢᠬᠤᠯᠠ ᠶᠡᠭᠡ ᠠᠴᠢ ᠬᠤᠯᠪᠤᠭᠳᠠᠯ᠂ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ  ᠪᠤᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠠᠷᠢᠶᠠᠴᠢᠨ ᠢ ᠬᠠᠪᠰᠤᠷᠤᠨ  ᠠᠵᠤ ᠠᠬᠤᠢ  ᠶᠢᠨ ᠲᠠᠩᠰᠠ ᠪᠠ ᠠᠮᠢ ᠠᠬᠤᠢ ᠶᠢᠨ ᠲᠠᠩᠰᠠ ᠶᠢ ᠪᠤᠳᠤᠵᠤ᠂  ᠲᠡᠳᠡᠨ ᠤ ᠤᠬᠠᠮᠰᠠᠷ ᠢ ᠨᠢ ᠲᠡᠭᠡᠭᠰᠢᠯᠡᠬᠦᠯᠦᠨ ᠢᠳᠡᠪᠬᠢᠵᠢᠯ ᠢ  ᠨᠢ ᠲᠠᠶᠢᠴᠢᠯᠠᠬᠤ ᠭᠡᠷᠡᠭᠳᠡᠢ᠃ ᠡᠪᠡᠰᠦ  ᠪᠤᠷᠳᠤᠭᠠᠨ ᠤ ᠪᠡᠯᠡᠳᠭᠡᠯ ᠢ ᠰᠠᠶᠢᠨ ᠬᠢᠵᠦ᠂  ᠭᠡᠷᠡᠭᠰᠡᠬᠦ ᠬᠡᠮᠵᠢᠶ᠎ᠡ᠂ ᠪᠡᠯᠡᠳᠭᠡᠭᠰᠡᠨ ᠬᠡᠮᠵᠢᠶ᠎ᠡ᠂ ᠲᠤᠳᠠᠭᠳᠠᠬᠤ ᠬᠡᠮᠵᠢᠶ᠎ᠡ ᠶᠢ ᠤᠶᠢᠯᠠᠭᠠᠨ ᠡᠵᠡᠮᠰᠢᠵᠦ᠂   ᠬᠤᠳᠠᠯᠳᠤᠨ  ᠤᠷᠤᠭᠤᠯᠵᠤ ᠨᠦᠬᠡᠴᠡᠯᠡᠨ ᠪᠡᠯᠡᠳᠭᠡᠬᠦ ᠠᠵᠢᠯ ᠢ ᠰᠠᠶᠢᠨ ᠬᠢᠬᠦ ᠭᠡᠷᠡᠭᠳᠡᠢ᠃  ᠮᠠᠯ ᠤᠨ ᠡᠪᠡᠳᠴᠢᠨ ᠬᠡᠮ  ᠰᠡᠷᠭᠡᠶᠢᠯᠡᠨ ᠵᠠᠰᠠᠬᠤ ᠠᠵᠢᠯ ᠢ ᠰᠠᠶᠢᠨ ᠠᠳᠬᠤᠵᠤ᠂  ᠠᠷᠭ᠎ᠠ ᠲᠦᠰᠦᠪ ᠢ ᠨᠢᠮᠪᠠᠢ ᠲᠤᠭᠳᠠᠭᠠᠨ᠂ ᠡᠮ ᠲᠠᠷᠢᠯᠭ᠎ᠠ ᠶᠢ ᠬᠦᠢᠴᠡᠳ ᠪᠡᠯᠡᠳᠬᠡᠵᠦ᠂  ᠬᠢᠵᠢᠭ ᠰᠡᠷᠭᠡᠶᠢᠯᠡᠯᠳᠡ ᠶᠢᠨ ᠨᠢᠬᠳᠠᠴᠠ ᠪᠠ ᠴᠢᠨᠠᠷ ᠢ ᠪᠠᠳᠤᠯᠠᠨ᠂ ᠡᠪᠡᠳᠴᠢᠨ ᠬᠡᠮ ᠢ ᠰᠡᠷᠭᠡᠶᠢᠯᠡᠨ ᠬᠤᠷᠢᠭᠯᠠᠵᠤ᠂  ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠠᠮᠵᠢᠯᠳᠠᠳᠠᠲᠢ ᠶᠠᠪᠤᠭᠳᠠᠬᠤ ᠳᠤ ᠪᠠᠳᠤ ᠰᠠᠭᠤᠷᠢ ᠲᠠᠯᠪᠢᠬᠤ ᠭᠡᠷᠡᠭᠳᠡᠢ᠃  ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠨᠢ ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂  ᠬᠢᠨᠠᠨ ᠬᠠᠮᠢᠶᠠᠷᠬᠤ ᠠᠵᠢᠯ ᠢ ᠬᠠᠮᠳᠤ ᠪᠠᠷ ᠠᠳᠬᠤᠨ ᠪᠡᠶᠡᠯᠡᠬᠦᠯᠵᠦ᠂  ᠢᠯᠡᠴᠢᠯᠡᠨ ᠮᠡᠳᠡᠬᠦᠯᠬᠦ ᠲᠦᠷᠢᠮ ᠢ ᠭᠡᠷᠡᠭᠵᠢᠬᠦᠯᠦᠨ᠂  ᠰᠠᠯᠠᠭ᠎ᠠ ᠮᠦᠴᠢᠷ  ᠤᠨ ᠬᠢᠨᠠᠯᠳᠠ᠂ ᠨᠡᠶᠢᠬᠡᠮ ᠤᠨ ᠬᠢᠨᠠᠯᠳᠠ᠂ ᠤᠯᠠᠨ ᠲᠦᠮᠡᠨ ᠤ ᠬᠢᠨᠠᠯᠳᠠ ᠪᠤᠯᠤᠨ ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠬᠠᠮᠳᠤ ᠶᠢᠨ ᠬᠦᠴᠦᠨ ᠢ ᠪᠤᠢ ᠪᠤᠯᠭᠠᠬᠤ ᠭᠡᠷᠡᠭᠳᠡᠢ᠃  ᠵᠠᠯᠬᠠᠭᠠᠨ ᠰᠢᠳᠭᠡᠬᠦ ᠲᠤᠭᠳᠠᠴᠠ ᠶᠢ ᠪᠠᠶᠢᠭᠤᠯᠵᠤ᠂  ᠬᠤᠯᠠᠭᠠᠢ ᠪᠠᠷ ᠪᠡᠯᠴᠢᠭᠡᠷᠯᠡᠬᠦᠯᠦᠭᠰᠡᠨ᠂  ᠠᠵᠢᠯ ᠢ ᠬᠠᠷᠰᠢᠯᠠᠭᠰᠠᠨ᠂ ᠲᠦᠷᠢᠮ ᠢ ᠵᠦᠷᠢᠴᠡᠭᠰᠡᠨ ᠪᠦᠬᠦᠶᠢᠯᠡ  ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ  ᠰᠢᠢᠳᠪᠦᠷᠢᠯᠡᠬᠦ  ᠭᠡᠷᠡᠭᠳᠡᠢ᠃  ᠪᠡᠯᠴᠢᠭᠡᠷ ᠰᠡᠷᠬᠦᠬᠡᠬᠦ  ᠬᠤᠭᠤᠴᠠᠭᠠᠨ ᠳᠤ ᠡᠪᠡᠰᠦ ᠨᠤᠭᠤᠭᠠᠨ ᠤ ᠤᠷᠭᠤᠴᠠ ᠶᠢᠨ ᠪᠠᠶᠢᠳᠠᠯ ᠢ ᠨᠠᠷᠢᠨ ᠨᠢᠮᠪᠠᠢ ᠰᠢᠯᠭᠠᠨ ᠬᠡᠮᠵᠢᠵᠦ᠂  ᠪᠡᠯᠴᠢᠭᠡᠷ ᠰᠡᠷᠬᠦᠬᠡᠬᠦ  ᠬᠤᠭᠤᠴᠠᠭ᠎ᠠ ᠲᠠᠭᠤᠰᠤᠭᠰᠠᠨ ᠤ ᠲᠠᠷᠠᠭ᠎ᠠ  ᠳ᠋ᠦᠩᠨᠡᠯᠳᠡ ᠬᠢᠵᠦ᠂   ᠲᠠᠯ᠎ᠠ ᠨᠤᠳᠤᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠪᠠ ᠠᠮᠢ ᠠᠬᠤᠢ ᠶᠢᠨ ᠪᠠᠶᠢᠭᠤᠯᠤᠯᠳᠠ ᠶᠢᠨ ᠲᠦᠷᠦᠯ ᠵᠦᠢᠯ ᠢ  ᠪᠦᠳᠦᠮᠵᠢᠳᠡᠢ ᠭᠡᠷᠡᠭᠵᠢᠬᠦᠯᠬᠦ ᠳᠤ ᠨᠠᠶᠢᠳᠠᠪᠤᠷᠢᠳᠠᠢ ᠦᠨᠳᠦᠰᠦᠯᠡᠯ  ᠬᠠᠩᠭᠠᠬᠤ ᠭᠡᠷᠡᠭᠳᠡᠢ ᠬᠡᠵᠦ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃
     ᠬᠤᠷᠠᠯ ᠲᠡᠭᠡᠷ᠎ᠡ᠂  ᠯᠢ ᠵᠠᠨ ᠪᠤᠤ  ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠳᠠᠨ ᠲᠠᠢ 2020 ᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠭᠡᠷ᠎ᠡ ᠲᠤᠭᠳᠠᠵᠠᠢ᠃     ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠭᠡ ᠮᠡᠷᠭᠡᠵᠢᠯ ᠤᠨ  ᠲᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ ᠤᠨ  ᠲᠤᠪᠴᠢᠶᠠᠨ ᠤ ᠬᠠᠷᠢᠭᠤᠴᠠᠯᠭᠳᠠᠨ᠂  ᠡᠯ᠎ᠡ ᠰᠤᠮᠤ ᠰᠢᠶᠠᠩ ᠪᠠᠯᠭᠠᠰᠤᠨ ᠤ  ᠭᠤᠤᠯ ᠤᠳᠤᠷᠢᠳᠤᠯᠭ᠎ᠠ  ᠂     ᠪᠦᠬᠦ ᠬᠤᠰᠢᠭᠤᠨ ᠤ ᠤᠢ ᠮᠤᠳᠤ᠂ ᠨᠤᠳᠤᠭ ᠪᠡᠯᠴᠢᠬᠡᠷ᠂ ᠠᠮᠢ ᠠᠬᠤᠢ ᠶᠢᠨ ᠬᠠᠮᠢᠶᠠᠷᠤᠯᠳᠠ ᠶᠢᠨ ᠠᠵᠢᠯᠳᠠᠳ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号