ᠯᠢ ᠪᠢᠩ ᠷᠦᠩ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020-04-13
     4 ᠰᠠᠷ᠎ᠠ ᠶᠢᠨ 7 ᠤ ᠡᠳᠦᠷ ᠠᠴᠠ 8 ᠤ ᠡᠳᠦᠷ᠂  ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ  ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠡᠳ᠋ ᠲᠠᠷᠤᠭ᠎ᠠ ᠯᠢᠦ ᠶᠦᠩ ᡁᠢ᠂   ᠤᠢ ᠰᠢᠭᠤᠢ ᠨᠤᠳᠤᠭ ᠪᠡᠯᠴᠢᠬᠡᠷ ᠤᠨ ᠲᠢᠩᠬᠢᠮ ᠤᠨ ᠲᠡᠳ᠋ ᠲᠠᠷᠤᠭ᠎ᠠ ᠰᠦᠬᠡ᠂  ᠶᠠᠳᠠᠭᠤ ᠶᠢ ᠳᠡᠳᠬᠦᠬᠦ ᠠᠯᠪᠠᠨ ᠭᠡᠷ ᠤᠨ ᠲᠡᠳ᠋  ᠡᠷᠬᠢᠯᠡᠭᠴᠢ ᠹᠧᠩ ᠠᠢ ᠰᠢᠶᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ  ᠢ ᠲᠠᠭᠠᠭᠤᠯᠵᠤ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ᠂  ᠶᠠᠳᠠᠭᠤ ᠠᠴᠠ ᠠᠩᠬᠢᠵᠢᠷᠠᠭᠤᠯᠬᠤ  ᠪᠤᠭᠤᠮᠳᠠ ᠰᠢᠪᠳᠤᠯᠬᠤ᠂  ᠭᠡᠪᠴᠢᠶᠡᠵᠢᠭᠰᠡᠨ ᠲᠠᠷᠢᠶᠠᠯᠠᠩ ᠮᠠᠯᠵᠢᠯ᠂  ᠲᠤᠯᠤᠭᠠᠶᠢᠯᠠᠭᠴᠢ ᠠᠵᠤ ᠠᠬᠤᠶᠢᠯᠠᠯ ᠤᠨ ᠬᠦᠭᠵᠢᠬᠦᠯᠦᠯᠳᠡ᠂  ᠬᠤᠷᠰᠢᠶᠠᠵᠢᠯ  ᠤᠨ ᠲᠦᠷᠢᠮᠵᠢᠭᠰᠡᠨ ᠡᠵᠡᠩᠨᠡᠯᠳᠡ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠡᠷᠭᠡ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠠᠶᠢᠮᠠᠭ ᠤᠨ ᠲᠡᠳ᠋ ᠲᠠᠷᠤᠭ᠎ᠠ ᠾᠸᠦ ᡁᠢ ᠮᠢᠨ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠲᠠᠷᠤᠭ᠎ᠠ ᠰᠡᠷᠬᠦᠯᠡᠩ᠂  ᠤᠢ ᠰᠢᠭᠤᠢ ᠨᠤᠳᠤᠭ ᠪᠡᠯᠴᠢᠬᠡᠷ ᠤᠨ ᠲᠤᠪᠴᠢᠶᠠᠨ ᠤ ᠲᠠᠷᠤᠭ᠎ᠠ ᠪᠤᠤ ᠸᠧᠨ ᠳ᠋ᠦᠩ᠂  ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ ᠬᠤᠸᠠ  ᠶᠦᠩ ᠱᠧᠩ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ᠂   ᠲᠡᠳ᠋ ᠬᠤᠰᠢᠭᠤ ᠲᠠᠷᠤᠭ᠎ᠠ ᠯᠢ ᠵᠠᠨ ᠪᠤᠤ ᠨᠠᠷ  ᠪᠠᠷ᠎ᠠ ᠪᠤᠯᠵᠤ ᠪᠠᠶᠢᠴᠠᠭᠠᠨ ᠰᠤᠳᠤᠯᠪᠠ᠃
    ᠯᠢ ᠪᠢᠩ ᠷᠦᠩ ᠵᠡᠷᠭᠡ ᠤᠳᠤᠷᠢᠳᠤᠯᠭ᠎ᠠ ᠤᠷᠢᠳ ᠬᠤᠵᠢᠳ ᠪᠤᠤᠴᠠᠩ ᠪᠠᠯᠭᠠᠰᠤᠨ ᠤ ᠪᠢᠶᠠᠨ ᠴᠢᠶᠠᠩ ᠲᠤᠰᠬᠤᠨ ᠤ ᠨᠠᠷᠠᠨ ᠤ ᠡᠨᠧᠷᠬᠢ ᠶᠢᠨ ᠠᠵᠤ ᠦᠢᠯᠡᠰ ᠤᠨ ᠬᠦᠷᠢᠶᠡᠯᠡᠩ᠂  ᠴᠢᠶᠠᠨ ᠶᠢᠨ ᠭᠸᠦ ᠪᠠᠯᠭᠠᠰᠤᠨ ᠤ ᠭᠸᠦ ᠮᠧᠨ ᠲᠤᠰᠬᠤᠨ ᠤ ᠠᠵᠤ ᠠᠬᠤᠢ ᠶᠢᠨ ᠤᠢ ᠮᠤᠳᠤᠨ ᠤ ᠰᠠᠭᠤᠷᠢᠨ ᠭᠠᠵᠠᠷ᠂ ᠵᠢᠦ ᠶᠢᠩ ᠫᠠᠨ ᠲᠤᠰᠬᠤᠨ ᠤ ᠵᠢᠩ ᠮᠧᠩ ᠸᠧᠢ ᠶᠧ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ  ᠪᠠ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ   ᠤᠨ ᠤᠷᠤᠨ ᠵᠡᠷᠭᠡ   ᠪᠠᠷ ᠲᠤᠭᠤᠷᠢᠵᠤ  ᠪᠠᠶᠢᠴᠠᠭᠠᠨ ᠰᠤᠳᠤᠯᠤᠯᠳᠠ ᠬᠢᠵᠡᠢ᠃ ᠲᠠᠭᠠᠤ ᠳᠤ ᠪᠠᠰᠠ ᠴᠢᠶᠠᠨ ᠶᠢᠨ ᠭᠸᠦ ᠪᠠᠯᠭᠠᠰᠤᠨ ᠤ ᠮᠠ ᠹᠠᠩ ᠽᠢ ᠲᠤᠰᠬᠤᠨ ᠤ ᠶᠠᠳᠠᠭᠤ ᠬᠦᠴᠢᠷᠳᠡᠯᠳᠡᠢ ᠡᠷᠦᠬᠡ ᠪᠠᠷ ᠤᠷᠤᠵᠤ᠂  ᠦᠢᠯᠡᠳᠪᠦᠷᠢᠯᠡᠯ ᠠᠮᠢᠳᠤᠷᠠᠯ᠂ ᠠᠰᠢᠭ ᠤᠷᠤᠯᠭ᠎ᠠ ᠶᠢᠨ ᠪᠠᠶᠢᠳᠠᠯ ᠢ ᠨᠢ ᠤᠶᠢᠯᠠᠭᠠᠨ᠂  ᠶᠠᠳᠠᠭᠤ ᠶᠢ ᠳᠡᠳᠬᠦᠬᠦ ᠠᠵᠢᠯ ᠤᠨ ᠲᠤᠬᠠᠢ ᠲᠡᠳᠡᠨ ᠤ ᠰᠠᠨᠠᠯ ᠰᠠᠨᠠᠭᠤᠯᠭ᠎ᠠ ᠶᠢ ᠨᠢ ᠰᠤᠨᠤᠰᠤᠭᠰᠠᠨ ᠪᠠᠶᠢᠨ᠎ᠠ᠃
    ᠪᠠᠶᠢᠴᠠᠭᠠᠨ ᠰᠤᠳᠤᠯᠤᠯᠳᠠ ᠲᠠᠭᠤᠰᠤᠭᠰᠠᠨ ᠤ ᠲᠠᠷᠠᠭ᠎ᠠ ᠶᠠᠷᠢᠯᠴᠠᠬᠤ ᠬᠤᠷᠠᠯ ᠬᠢᠬᠦ ᠳᠡᠭᠡᠨ᠂  ᠯᠢ ᠪᠢᠩ ᠷᠦᠩ ᠲᠠᠶᠢᠹᠤᠰᠧ ᠬᠤᠰᠢᠭᠤᠨ ᠤ ᠤᠶᠢᠷ᠎ᠠ ᠶᠢᠨ ᠵᠢᠯ ᠳᠤ ᠤᠯᠤᠭᠰᠠᠨ ᠠᠵᠤ ᠠᠬᠤᠢ ᠨᠡᠶᠢᠬᠡᠮ ᠤᠨ ᠬᠦᠭᠵᠢᠯᠳᠡ ᠪᠠ  ᠶᠠᠳᠠᠭᠤ  ᠠᠴᠠ ᠠᠩᠬᠢᠵᠢᠷᠠᠭᠤᠯᠬᠤ  ᠪᠤᠭᠤᠮᠳᠠ ᠰᠢᠪᠳᠤᠯᠬᠤ  ᠠᠵᠢᠯ ᠤᠨ ᠲᠠᠯᠠᠪᠠᠷ ᠬᠢ ᠠᠮᠵᠢᠯᠳᠠ ᠪᠦᠳᠦᠮᠵᠢ ᠳᠤ ᠦᠨᠳᠦᠷ ᠦᠨᠡᠯᠡᠯᠳᠡ ᠦᠭᠬᠦᠭᠰᠡᠨ ᠤ ᠬᠠᠮᠳᠤ᠂  ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ᠂  ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠵᠠᠰᠠᠯᠳᠠ᠂   ᠤᠷᠤᠰᠢᠯ ᠰᠠᠭᠤᠷᠢᠰᠢᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ᠂   ᠤᠰᠤᠨ ᠳᠤ ᠠᠷᠪᠢᠳᠠᠢ ᠤᠰᠤᠵᠢᠭᠤᠯᠤᠯᠳᠠ ᠶᠢᠨ ᠪᠦᠳᠦᠬᠡᠨ ᠪᠠᠶᠢᠭᠤᠯᠤᠯᠳᠠ ᠵᠡᠷᠭᠡ ᠠᠵᠢᠯ ᠤᠨ ᠲᠠᠯ᠎ᠠ ᠪᠠᠷ ᠪᠤᠳᠠᠳᠠᠢ ᠰᠠᠨᠠᠯ ᠪᠠ ᠱᠠᠭᠠᠷᠳᠠᠯᠭ᠎ᠠ ᠪᠠᠨ ᠲᠤᠷᠠᠳᠴᠠᠢ᠃ ᠯᠢ ᠪᠢᠩ ᠷᠦᠩ ᠴᠢᠬᠤᠯᠠᠴᠢᠯᠠᠬᠤ ᠳᠠᠭᠠᠨ᠂  ᠦᠵᠡᠯᠳᠡ ᠲᠠᠨᠢᠯᠳᠠ ᠪᠠᠨ  ᠤᠯᠠᠮ  ᠨᠢᠬᠡ ᠠᠯᠬᠤᠮ ᠲᠡᠭᠡᠭᠰᠢᠯᠡᠬᠦᠯᠵᠦ  ᠂ ᠶᠠᠳᠠᠭᠤ ᠶᠢ ᠳᠡᠳᠬᠦᠬᠦ ᠠᠷᠭ᠎ᠠ ᠪᠠᠷᠢᠯ ᠢᠶᠠᠨ ᠨᠠᠷᠢᠯᠢᠬᠵᠢᠭᠤᠯᠤᠨ᠂  ᠡᠯ᠎ᠡ ᠲᠦᠷᠦᠯ ᠤᠨ ᠠᠵᠢᠯ ᠢ ᠴᠢᠩᠭ᠎ᠠ᠂ ᠪᠤᠳᠠᠳᠠᠢ᠂ ᠨᠠᠷᠢᠯᠢᠭ ᠬᠢᠬᠦ ᠲᠡᠭᠡᠷ᠎ᠡ ᠰᠠᠶᠢᠳᠤᠷ ᠬᠦᠴᠦ ᠲᠠᠯᠪᠢᠵᠤ᠂  ᠠᠮᠵᠢᠯᠳᠠ ᠪᠦᠳᠦᠮᠵᠢ ᠪᠠᠨ ᠪᠦᠬᠦ ᠲᠠᠯ᠎ᠠ  ᠪᠠᠷ ᠳ᠋ᠦᠩᠨᠡᠨ᠂  ᠠᠰᠠᠭᠤᠳᠠᠯ ᠢ ᠤᠨᠤᠪᠴᠢᠳᠠᠢ ᠡᠷᠢᠨ ᠭᠠᠷᠭᠠᠵᠤ᠂   ᠵᠢᠵᠢᠭ ᠰᠠᠵᠢᠭ ᠵᠦᠢᠯ ᠲᠡᠭᠡᠷ᠎ᠡ ᠠᠩᠬᠠᠷᠤᠯ ᠲᠠᠯᠪᠢᠬᠤ  ᠶᠢ   ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ  ᠡᠯ᠎ᠡ ᠭᠤᠭᠴᠤᠭ᠎ᠠ ᠲᠡᠭᠡᠷ᠎ᠡ  ᠪᠡᠶᠡᠯᠡᠬᠦᠯᠦᠨ᠂  ᠴᠡᠭᠴᠡᠯᠡᠨ ᠰᠠᠶᠢᠵᠢᠷᠠᠭᠤᠯᠤᠯᠳᠠ ᠶᠢᠨ ᠨᠠᠶᠢᠳᠠᠪᠤᠷᠢᠵᠢᠬᠤ ᠶᠢ ᠪᠠᠳᠤᠯᠠᠬᠤ ᠭᠡᠷᠡᠭᠳᠡᠢ᠃ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠬᠤᠯᠪᠤᠭᠳᠠᠯ ᠤᠨ  ᠲᠤᠭᠳᠠᠴᠠ ᠶᠢ ᠤᠯᠠᠮ ᠨᠢᠬᠡ ᠠᠯᠬᠤᠮ ᠪᠠᠳᠤᠳᠬᠠᠨ ᠲᠡᠬᠦᠯᠳᠡᠷᠵᠢᠬᠦᠯᠵᠦ᠂  ᠲᠤᠯᠤᠭᠠᠶᠢᠯᠠᠭᠴᠢ ᠠᠵᠤ ᠠᠬᠤᠶᠢᠯᠠᠯ ᠤᠨ ᠶᠠᠳᠠᠭᠤ ᠶᠢ ᠲᠡᠳᠬᠦᠨ ᠶᠠᠳᠠᠭᠤ ᠠᠴᠠ ᠠᠩᠬᠢᠵᠢᠷᠠᠭᠤᠯᠬᠤ ᠦᠢᠯᠡᠳᠦᠯ ᠢ ᠪᠠᠳᠠᠷᠠᠭᠤᠯᠤᠨ᠂ ᠲᠤᠯᠤᠭᠠᠶᠢᠯᠠᠭᠴᠢ ᠠᠵᠤ ᠠᠬᠤᠶᠢᠯᠠᠯ ᠤᠨ ᠤᠷᠳᠤ ᠤᠳᠠᠭᠠᠨ ᠤ ᠲᠤᠭᠳᠠᠭᠤᠨ ᠬᠦᠭᠵᠢᠯᠳᠡ ᠶᠢ ᠪᠡᠶᠡᠯᠡᠬᠦᠯᠬᠦ ᠪᠠᠷ ᠴᠢᠷᠮᠠᠶᠢᠬᠤ ᠭᠡᠷᠡᠭᠳᠡᠢ᠃ ᠡᠬᠦᠨ  ᠤ ᠬᠠᠮᠳᠤ᠂ ᠰᠢᠨ᠎ᠡ ᠬᠡᠯᠪᠡᠷᠢ ᠶᠢᠨ ᠠᠵᠤ ᠠᠬᠤᠶᠢᠯᠠᠯ ᠢ ᠲᠠᠰᠤᠷᠠᠯᠳᠠ ᠦᠬᠡᠢ ᠪᠤᠶᠢᠵᠢᠭᠤᠯᠬᠤ ᠪᠤᠶᠤ ᠤᠷᠤᠭᠤᠯᠤᠨ ᠠᠪᠴᠢᠷᠠᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠪᠦᠳᠦᠮᠵᠢᠳᠡᠢ ᠠᠬᠢᠭᠤᠯᠬᠤ ᠭᠡᠷᠡᠭᠳᠡᠢ ᠭᠡᠪᠡ᠃
    ᠾᠸᠦ ᡁᠢ ᠮᠢᠨ ᠵᠢᠭᠠᠵᠤ ᠭᠠᠷᠭᠠᠬᠤ ᠳᠠᠭᠠᠨ᠂ ᠲᠠᠶᠢᠹᠤᠰᠧ ᠬᠤᠰᠢᠭᠤ ᠨᠢ ᠤᠶᠢᠷ᠎ᠠ ᠶᠢᠨ ᠵᠢᠯ ᠳᠤ ᠶᠠᠳᠠᠭᠤ ᠠᠴᠠ ᠠᠩᠬᠢᠵᠢᠷᠠᠭᠤᠯᠬᠤ  ᠪᠤᠭᠤᠮᠳᠠ ᠰᠢᠪᠳᠤᠯᠬᠤ᠂  ᠠᠵᠤ ᠦᠢᠯᠡᠰ ᠢ ᠪᠤᠶᠢᠵᠢᠭᠤᠯᠬᠤ ᠲᠠᠯ᠎ᠠ ᠪᠠᠷ ᠢᠯᠡᠷᠭᠡᠢ ᠠᠮᠵᠢᠯᠳᠠ ᠪᠦᠳᠦᠮᠵᠢ ᠤᠯᠤᠭᠰᠠᠨ ᠪᠠᠶᠢᠨ᠎ᠠ᠃  ᠲᠠᠷᠠᠭᠠᠴᠢ ᠶᠢᠨ ᠠᠯᠬᠤᠮ ᠳᠤ᠂  ᠠᠵᠤ ᠦᠢᠯᠡᠰ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠬᠡ ᠪᠠᠨ ᠤᠯᠠᠮ ᠰᠠᠶᠢᠨ ᠬᠢᠵᠦ᠂  ᠠᠵᠤ ᠦᠢᠯᠡᠰ ᠢ ᠬᠦᠭᠵᠢᠬᠦᠯᠬᠦ ᠠᠵᠢᠯ ᠤᠨ ᠲᠤᠭᠳᠠᠴᠠ ᠪᠠᠨ ᠲᠡᠬᠦᠯᠳᠡᠷᠵᠢᠬᠦᠯᠦᠨ᠂  ᠭᠤᠤᠯᠳᠠᠯᠭ᠎ᠠ ᠲᠠᠢ ᠲᠦᠷᠦᠯ ᠵᠦᠢᠯ ᠢ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠳᠤ ᠤᠷᠤᠭᠤᠯᠬᠤ ᠪᠡᠯᠡᠳᠭᠡᠯ ᠠᠵᠢᠯ ᠢᠶᠠᠨ ᠤᠷᠢᠳᠴᠢᠯᠠᠨ ᠰᠠᠶᠢᠨ ᠬᠢᠵᠦ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ᠂  ᠶᠠᠳᠠᠭᠤ ᠶᠢ ᠳᠡᠳᠬᠦᠬᠦ ᠡᠳ᠋ ᠠᠰᠢᠭ ᠤᠨ  ᠬᠤᠪᠢᠶᠠᠷᠢᠯᠠᠯ ᠤᠨ ᠬᠠᠷᠢᠴᠠᠭ᠎ᠠ ᠵᠡᠷᠭᠡ ᠶᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠨ ᠬᠢᠬᠦ ᠭᠡᠷᠡᠭᠳᠡᠢ ᠬᠡᠵᠡᠢ᠃
    ᠪᠤᠷᠤᠬᠦᠦ ᠶᠠᠷᠢᠶᠠᠨ ᠳᠠᠭᠠᠨ᠂ ᠲᠠᠶᠢᠹᠤᠰᠧ ᠬᠤᠰᠢᠭᠤ ᠨᠢ ᠲᠡᠭᠡᠳᠦ ᠱᠠᠳᠤᠨ ᠤ ᠪᠠᠶᠢᠷᠢᠯᠠᠭᠤᠯᠤᠯᠳᠠ ᠶᠢ ᠦᠷᠬᠦᠯᠵᠢᠯᠡᠨ  ᠨᠢᠮᠪᠠᠢ ᠰᠤᠷᠤᠯᠴᠠᠵᠤ ᠬᠦᠨᠵᠡᠬᠡᠢ ᠤᠶᠢᠯᠠᠭᠠᠨ  ᠂ ᠨᠡᠩ  ᠢᠳᠡ ᠬᠦᠴᠦᠳᠡᠢ ᠠᠷᠭ᠎ᠠ ᠪᠤᠳᠤᠯᠭ᠎ᠠ ᠠᠪᠴᠤ᠂ ᠠᠵᠢᠯ ᠤᠨ ᠡᠷᠴᠢᠮ ᠢᠶᠠᠨ ᠲᠠᠰᠤᠷᠠᠯᠳᠠ ᠦᠬᠡᠢ ᠴᠢᠩᠭᠠᠷᠠᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂  ᠡᠯ᠎ᠡ ᠲᠦᠷᠦᠯ ᠤᠨ ᠠᠵᠢᠯ ᠢᠶᠠᠨ ᠤᠯᠠᠮ  ᠨᠠᠷᠢᠯᠢᠭ᠂ ᠤᠯᠠᠮ ᠪᠤᠳᠠᠳᠠᠢ᠂  ᠤᠯᠠᠮ ᠰᠠᠶᠢᠨ ᠬᠢᠵᠦ  ᠂ ᠪᠦᠬᠦ ᠲᠠᠯ᠎ᠠ ᠪᠠᠷ ᠶᠠᠳᠠᠭᠤ ᠠᠴᠠ ᠠᠩᠬᠢᠵᠢᠷᠠᠬᠤ  ᠬᠠᠷᠠᠯᠳᠠ ᠶᠢ ᠲᠤᠭᠳᠠᠭᠰᠠᠨ ᠬᠤᠭᠤᠴᠠᠭᠠᠨ ᠳᠤ ᠴᠢᠨᠠᠷ ᠰᠠᠶᠢᠳᠠᠢ ᠪᠡᠶᠡᠯᠡᠬᠦᠯᠦᠨ᠎ᠡ ᠬᠡᠵᠦ ᠢᠯᠡᠷᠭᠡᠶᠢᠯᠡᠭᠰᠡᠨ ᠪᠠᠶᠢᠨ᠎ᠠ᠃
      ᠬᠤ᠋ ᠴᠧᠩ ᠳ᠋ᠦᠩ ᠲᠤᠰ ᠬᠤᠰᠢᠭᠤᠨ ᠤ ᠪᠠᠨ ᠲᠠᠷᠠᠭ᠎ᠠ ᠠᠯᠬᠤᠮ ᠤᠨ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ   ᠢ ᠪᠦᠳᠦᠮᠵᠢᠳᠡᠢ ᠵᠤᠯᠭᠠᠯᠴᠠᠭᠤᠯᠬᠤ᠂ ᠭᠠᠴᠠᠭ᠎ᠠ ᠲᠤᠰᠬᠤᠨ ᠤ ᠡᠳ᠋ ᠬᠦᠷᠦᠩᠬᠡ᠂ ᠡᠬᠢ ᠪᠠᠶᠠᠯᠢᠭ᠂ ᠪᠡᠯᠡ  ᠮᠦᠩᠬᠦ ᠶᠢᠨ ᠬᠠᠮᠢᠶᠠᠷᠤᠯᠳᠠ ᠶᠢ ᠴᠢᠩᠭᠠᠳᠬᠠᠬᠤ᠂ ᠲᠠᠷᠢᠶᠠᠯᠠᠩ ᠮᠠᠯᠵᠢᠯ ᠤᠨ ᠠᠵᠤ ᠦᠢᠯᠡᠰ ᠤᠨ ᠤᠷᠤᠨ ᠲᠤᠭᠤᠷᠢᠭ   ᠢ ᠪᠦᠳᠦᠬᠡᠨ ᠪᠠᠶᠢᠭᠤᠯᠬᠤ᠂ ᠠᠵᠤ ᠦᠢᠯᠡᠰ ᠢ ᠲᠦᠯᠦᠪᠵᠢᠬᠦᠯᠦᠨ ᠬᠦᠭᠵᠢᠬᠦᠯᠬᠦ᠂  ᠤᠢ ᠤᠬᠠᠭᠠᠨ ᠪᠠ ᠤᠷᠮ᠎ᠠ ᠵᠤᠷᠢᠭ ᠢᠶᠠᠷ ᠶᠠᠳᠠᠭᠤ ᠶᠢ ᠳᠡᠳᠬᠦᠬᠦ ᠵᠡᠷᠭᠡ ᠠᠵᠢᠯ ᠤᠨ ᠲᠠᠯᠠᠪᠠᠷ ᠪᠠᠶᠢᠴᠠᠭᠠᠨ ᠰᠤᠳᠤᠯᠬᠤ ᠪᠦᠯᠬᠦᠮ ᠲᠠᠢ ᠰᠠᠨᠠᠯ ᠪᠤᠳᠤᠯ ᠢᠶᠠᠨ ᠰᠤᠯᠢᠯᠴᠠᠪᠠ᠃
      ᠬᠤᠰᠢᠭᠤ  ᠨᠠᠮ ᠤᠨ ᠬᠤᠷᠢᠶᠠᠨ ᠤ ᠲᠡᠳ᠋ ᠱᠦᠵᠢ᠂  ᠦᠪᠡᠷᠳᠡᠭᠡᠨ ᠵᠠᠰᠠᠬᠤ ᠤᠷᠤᠨ ᠠᠴᠠ ᠲᠠᠶᠢᠹᠤᠰᠧ ᠬᠤᠰᠢᠭᠤᠨ ᠳᠤ ᠲᠤᠮᠢᠯᠠᠨ ᠰᠠᠭᠤᠯᠭᠠᠭᠰᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠬᠤ ᠠᠩᠬᠢ  ᠶᠢᠨ ᠲᠠᠷᠤᠭ᠎ᠠ ᠶᠢᠨ ᠳ᠋ᠧ᠂  ᠬᠤᠰᠢᠭᠤ  ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠨ᠂ ᠲᠡᠳ᠋ ᠬᠤᠰᠢᠭᠤ ᠲᠠᠷᠤᠭ᠎ᠠ  ᠭᠤᠤ ᠯᠢᠶᠠᠩ᠂ ᠲᠡᠳ᠋ ᠬᠤᠰᠢᠭᠤ ᠲᠠᠷᠤᠭ᠎ᠠ ᠯᠢ ᠵᠠᠨ ᠪᠤᠤ  ᠵᠢᠴᠢ ᠬᠤᠰᠢᠭᠤᠨ ᠤ  ᠲᠠᠷᠢᠶᠠᠯᠠᠩ ᠮᠠᠯ ᠠᠵᠤ ᠠᠬᠤᠢ ᠰᠢᠨᠵᠢᠯᠡᠭᠡ ᠮᠡᠷᠭᠡᠵᠢᠯ ᠤᠨ  ᠲᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ ᠤᠨ ᠲᠤᠪᠴᠢᠶ᠎ᠠ  ᠂  ᠶᠠᠳᠠᠭᠤ ᠶᠢ ᠳᠡᠳᠬᠦᠬᠦ ᠠᠯᠪᠠᠨ ᠭᠡᠷ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂  ᠪᠤᠤᠴᠠᠩ ᠪᠠᠯᠭᠠᠰᠤ᠂ ᠴᠢᠶᠠᠨ ᠶᠢᠨ ᠭᠸᠦ ᠪᠠᠯᠭᠠᠰᠤᠨ   ᠤ ᠬᠠᠮᠢᠶ᠎ᠠ ᠪᠦᠬᠦᠢ ᠤᠳᠤᠷᠢᠳᠤᠯᠭ᠎ᠠ  ᠶᠠᠷᠢᠯᠴᠠᠬᠤ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号