ᠬᠤᠷᠠᠭ᠎ᠠ ᠪᠤᠷᠳᠤᠬᠤ ᠳᠠᠪᠠᠭᠤᠯᠢᠭ ᠲᠠᠯ᠎ᠠ ᠨᠢᠭᠡ ᠨᠠᠰᠤ ᠬᠦᠷᠦᠭᠡᠳᠦᠢ ᠬᠤᠷᠠᠭ᠎ᠠ ᠶᠢ ᠪᠤᠷᠳᠤᠨ | ᠲᠠᠷᠭᠤᠯᠠᠭᠤᠯᠤᠭᠠᠳ ᠨᠢᠳᠤᠯᠬᠤ ᠶᠢ ᠬᠤᠷᠠᠭ᠎ᠠ ᠪᠤᠷᠳᠤᠬᠤ ᠭᠡᠳᠡᠭ᠃ ᠤᠳᠤᠬᠠᠨ ᠳᠤ ᠳᠡᠯᠡᠬᠡᠢ ᠶᠢᠨ ᠵᠠᠬ᠎ᠠ | ᠳᠡᠯᠭᠡᠭᠦᠷ ᠲᠤ ᠬᠤᠷᠠᠭᠠᠨ ᠮᠢᠬ᠎ᠠ ᠪᠤᠷᠤᠯᠠᠭᠤᠯᠭ᠎ᠠ ᠰᠠᠶᠢᠲᠠᠢ ᠪᠠᠶᠢᠭ᠎ᠠ ᠪᠦᠭᠡᠳ ᠦᠨ᠎ᠡ ᠬᠠᠩᠰᠢ ᠨᠢ ᠴᠤ ᠪᠦᠳᠦᠭᠦᠨ | ᠬᠤᠨᠢᠨ ᠤ ᠬᠢ ᠠᠴᠠ ᠪᠠᠷᠤᠭ ᠨᠢᠭᠡ ᠳᠠᠬᠢᠨ ᠢᠯᠡᠭᠦᠦ ᠦᠨ᠎ᠡ ᠬᠦᠷᠴᠦ ᠪᠤᠢ᠃ ᠮᠢᠬᠠᠨ ᠬᠤᠷᠠᠭ᠎ᠠ ᠨᠢ ᠳᠤᠤᠷᠠᠬᠢ | ᠮᠡᠲᠦ ᠳᠠᠪᠠᠭᠤᠯᠢᠭ ᠲᠠᠯ᠎ᠠ ᠲᠠᠢ ᠪᠠᠶᠢᠳᠠᠭ᠃ 1. ᠮᠢᠬ᠎ᠠ ᠨᠢ ᠨᠢᠷᠠᠢ ᠵᠦᠭᠡᠯᠡᠨ᠂ ᠰᠢᠭᠦᠰᠦᠯᠢᠭ ᠪᠦᠭᠡᠳ ᠠᠮᠲᠠᠲᠠᠢ᠂ | ᠬᠠᠷ᠎ᠠ ᠮᠢᠬᠠᠨ ᠤ ᠭᠠᠷᠴᠠ ᠨᠢ ᠶᠡᠭᠡ᠂ ᠰᠢᠩᠭᠡᠭᠡᠬᠦ ᠳᠤ ᠠᠮᠠᠷᠬᠠᠨ ᠪᠦᠭᠡᠳ ᠰᠢᠩᠬᠡᠭ ᠦᠨᠦᠷ ᠪᠠᠭ᠎ᠠ ᠵᠡᠷᠭᠡ | ᠳᠠᠪᠠᠭᠤᠯᠢᠭ ᠲᠠᠯ᠎ᠠ ᠲᠠᠢ ᠪᠤᠯᠬᠤᠷ ᠬᠤᠷᠠᠭᠠᠨ ᠮᠢᠬ᠎ᠠ ᠨᠢ ᠬᠠᠮᠤᠭ ᠤᠨ ᠰᠠᠶᠢᠨ ᠢᠳᠡᠭᠡᠨ ᠤ ᠵᠦᠢᠯ ᠳᠤ ᠲᠤᠭᠠᠴᠠᠭᠳᠠᠨ᠎ᠠ | ᠃ 2. ᠬᠤᠷᠠᠭᠠᠨ ᠤ ᠦᠰᠦᠯᠲᠡ ᠪᠦᠢᠵᠢᠯᠲᠡ ᠨᠢ ᠬᠠᠮᠤᠭ ᠲᠦᠷᠭᠡᠨ ᠪᠠᠶᠢᠳᠠᠭ᠃ ᠦᠭᠡᠷ᠎ᠡ ᠪᠠᠷ ᠬᠡᠯᠡᠪᠡᠯ᠂ ᠬᠤᠷᠠᠭ᠎ᠠ | ᠪᠤᠷᠳᠤᠬᠤ ᠳᠤ ᠲᠡᠵᠢᠭᠡᠯ ᠪᠤᠷᠳᠤᠭᠠᠨ ᠤ ᠠᠰᠢᠭᠯᠠᠯᠲᠠ ᠨᠢ ᠦᠨᠳᠦᠷ᠂ ᠦᠪᠡᠷ ᠤᠨ ᠦᠷᠲᠡᠭ ᠨᠢ ᠳᠤᠤᠷ᠎ᠠ᠂ ᠦᠷ᠎ᠡ | ᠠᠰᠢᠭ ᠨᠢ ᠢᠯᠡᠷᠬᠡᠢ ᠪᠠᠶᠢᠳᠠᠭ᠃ ᠶᠡᠷᠦ ᠳᠡᠭᠡᠨ 3 ᠰᠠᠷ᠎ᠠ ᠪᠤᠯᠵᠤ ᠪᠠᠶᠢᠭ᠎ᠠ ᠪᠤᠷᠳᠤᠮᠠᠯ ᠬᠤᠷᠠᠭᠠᠨ ᠤ ᠪᠡᠶ᠎ᠡ ᠶᠢᠨ | ᠵᠢᠩ ᠨᠢ 1 ᠨᠠᠰᠤᠲᠠᠢ ᠬᠤᠷᠠᠭᠠᠨ ᠤ ᠪᠡᠶ᠎ᠡ ᠶᠢᠨ ᠵᠢᠩ ᠤᠨ 50% ᠳᠤ ᠬᠦᠷᠴᠦ᠂ 6 ᠰᠠᠷ᠎ᠠ ᠪᠤᠯᠵᠤ ᠪᠠᠶᠢᠭ᠎ᠠ | ᠬᠤᠷᠠᠭᠠᠨ ᠤ ᠪᠡᠶ᠎ᠡ ᠶᠢᠨ ᠵᠢᠩ ᠨᠢ ᠳᠠᠷᠤᠢ 1 ᠨᠠᠰᠤᠲᠠᠢ ᠬᠤᠷᠠᠭᠠᠨ ᠤ ᠪᠡᠶ᠎ᠡ ᠶᠢᠨ ᠵᠢᠩ ᠤᠨ 75% ᠳᠤ ᠬᠦᠷᠳᠡᠭ᠃ | ᠨᠢᠭᠡ᠂ ᠬᠤᠶᠠᠷ᠂ ᠭᠤᠷᠪᠠᠨ ᠰᠠᠷ᠎ᠠ ᠲᠠᠢ ᠬᠤᠷᠠᠭᠠᠨ ᠤ ᠪᠡᠶ᠎ᠡ ᠶᠢᠨ ᠵᠢᠩ ᠨᠢ 1kg ᠨᠡᠮᠡᠭᠳᠡᠬᠦ ᠪᠦᠷᠢ ᠲᠤᠰ ᠲᠤᠰ 1. | 8᠂ 4.0᠂ 5.0 ᠪᠤᠷᠳᠤᠭᠠᠨ ᠤ ᠨᠢᠭᠡᠴᠢ ᠶᠢᠨ ᠲᠡᠵᠢᠭᠡᠯ ᠪᠤᠷᠳᠤᠭ᠎ᠠ ᠬᠡᠷᠡᠭᠰᠡᠬᠦ ᠪᠦᠭᠡᠳ ᠰᠢᠩᠭᠦᠷᠢᠲᠡᠢ ᠤᠭᠤᠷᠠᠭ | 225g᠂ 450g᠂ 600g ᠵᠠᠷᠤᠴᠠᠭᠤᠯᠤᠨ᠎ᠠ᠃ ᠬᠤᠷᠠᠭᠠᠨ ᠤ ᠪᠡᠶ᠎ᠡ ᠶᠢᠨ ᠵᠢᠩ ᠨᠡᠮᠡᠭᠳᠡᠬᠦ ᠪᠤᠷᠳᠤᠭᠠᠨ ᠤ | ᠬᠠᠷᠠᠮᠵᠢ ᠨᠢ 3᠄ 4᠄ 1 ᠪᠠᠶᠢᠬᠤ ᠳᠤ ᠪᠦᠳᠦᠭᠦᠨ ᠬᠤᠨᠢ ᠶᠢᠨ ᠬᠢ ᠪᠤᠯ 8~8᠄ 1 ᠪᠠᠶᠢᠳᠠᠭ᠃ | ᠪᠡᠯᠴᠢᠭᠡᠷᠯᠡᠭᠦᠯᠦᠨ ᠲᠠᠷᠭᠤᠯᠠᠭᠤᠯᠤᠭᠰᠠᠨ 6 ᠰᠠᠷ᠎ᠠ ᠶᠢᠨ ᠨᠠᠰᠤᠨ ᠤ ᠦᠵᠦᠮᠦᠴᠢᠨ ᠬᠤᠨᠢᠨ ᠤ ᠬᠤᠷᠠᠭ᠎ᠠ ᠶᠢᠨ | ᠪᠡᠶ᠎ᠡ ᠶᠢᠨ ᠵᠢᠩ ᠨᠢ ᠡᠳᠦᠷ ᠪᠦᠷᠢ ᠳᠤᠮᠳᠠᠴᠢ ᠪᠠᠷ 200kg ᠨᠡᠮᠡᠭᠳᠡᠳᠡᠭ᠃ ᠭᠡᠲᠡᠯ᠎ᠡ 6 ᠰᠠᠷ᠎ᠠ ᠠᠴᠠ ᠨᠢᠭᠡ ᠨᠠᠰᠤ | ᠬᠦᠷᠬᠦ ᠠᠴᠠ ᠡᠮᠦᠨᠡᠬᠢ ᠪᠡᠶ᠎ᠡ ᠶᠢᠨ ᠵᠢᠩ ᠨᠢ ᠡᠳᠦᠷ ᠪᠦᠷᠢ ᠳᠤᠮᠳᠠᠴᠢ ᠪᠠᠷ ᠰᠠᠶ᠋ᠢ 15~30g ᠯᠠ ᠨᠡᠮᠡᠭᠳᠡᠳᠡᠭ᠃ | 3. ᠬᠤᠷᠠᠭ᠎ᠠ ᠪᠤᠷᠳᠤᠨ ᠨᠢᠳᠤᠯᠬᠤ ᠪᠤᠯ ᠤᠯᠠᠷᠢᠯ ᠤᠨ ᠴᠢᠨᠠᠷ ᠲᠠᠢ ᠦᠢᠯᠡᠳᠪᠦᠷᠢᠯᠡᠯ ᠪᠤᠯᠬᠤ ᠶᠤᠮ᠃ ᠲᠡᠷᠡ ᠨᠢ ᠵᠤᠨ | ᠨᠠᠮᠤᠷ ᠤᠨ ᠡᠪᠡᠰᠦ ᠪᠤᠷᠳᠤᠭᠠᠨ ᠤ ᠤᠷᠭᠤᠯᠲᠠ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠬᠦᠬᠡ ᠡᠪᠡᠰᠦᠨ ᠤ | ᠬᠤᠭᠤᠴᠠᠭᠠᠨ ᠳᠤ ᠲᠠᠷᠭᠤᠯᠠᠭᠤᠯᠵᠤ᠂ ᠡᠪᠡᠰᠦ ᠬᠤᠪᠠᠭ᠋ᠠᠶᠢᠷᠠᠬᠤ ᠦᠶ᠎ᠡ ᠳᠤ ᠬᠤᠳᠠᠯᠳᠤᠪᠠᠯ ᠡᠪᠦᠯᠵᠢᠬᠦ ᠮᠠᠯ ᠤᠨ | ᠲᠤᠭ᠎ᠠ ᠲᠤᠯᠤᠭᠠᠢ ᠶᠢ ᠪᠠᠭᠠᠰᠬᠠᠵᠤ᠂ ᠡᠪᠡᠰᠦ᠂ ᠮᠠᠯ ᠤᠨ ᠵᠦᠷᠢᠴᠡᠯ ᠢ ᠨᠠᠮᠳᠠᠭᠤᠯᠵᠤ᠂ ᠡᠪᠦᠯ ᠬᠠᠪᠤᠷ ᠤᠨ | ᠤᠯᠠᠷᠢᠯ ᠳᠠᠬᠢ ᠬᠦᠮᠦᠨ ᠤ ᠬᠦᠴᠦ ᠪᠠ ᠪᠤᠳᠠᠰ ᠤᠨ ᠬᠦᠴᠦᠨ ᠤ ᠬᠤᠷᠤᠭᠳᠠᠯ ᠢ ᠪᠠᠭᠤᠷᠠᠭᠤᠯᠵᠤ᠂ ᠮᠠᠯ ᠤᠨ ᠦᠬᠦᠯ | ᠬᠤᠷᠤᠭᠳᠠᠯ ᠢ ᠪᠠᠭᠠᠰᠬᠠᠵᠤ ᠴᠢᠳᠠᠬᠤ ᠶᠤᠮ᠃ 4. ᠮᠠᠯ ᠰᠦᠷᠦᠭ ᠤᠨ ᠪᠦᠲᠦᠴᠡ ᠶᠢ ᠬᠤᠪᠢᠷᠠᠭᠤᠯᠬᠤ ᠳᠤ ᠠᠰᠢᠭᠲᠠᠢ | ᠃ ᠲᠤᠰ ᠵᠢᠯ ᠤᠨ ᠬᠤᠷᠠᠭ᠎ᠠ ᠶᠢ ᠪᠤᠷᠳᠤᠨ ᠲᠠᠷᠭᠤᠯᠠᠭᠤᠯᠵᠤ ᠲᠡᠵᠢᠭᠡᠯ ᠤᠨ ᠲᠤᠭᠠᠨ ᠠᠴᠠ ᠭᠠᠷᠭᠠᠪᠠᠯ᠂ ᠡᠬᠡ ᠮᠠᠯ ᠤᠨ | ᠬᠠᠷᠢᠴᠠᠯ ᠪᠤᠯᠤᠨ ᠲᠡᠵᠢᠭᠡᠯ ᠤᠨ ᠲᠤᠭᠠᠨ ᠠᠴᠠ ᠭᠠᠷᠭᠠᠬᠤ ᠨᠤᠷᠮ᠎ᠠ ᠶᠢ ᠳᠡᠭᠡᠭᠰᠢᠯᠡᠭᠦᠯᠦᠨ᠂ ᠮᠠᠯ ᠰᠦᠷᠦᠭ ᠤᠨ | ᠡᠷᠭᠢᠯᠲᠡ ᠶᠢ ᠲᠦᠷᠭᠡᠳᠬᠡᠵᠦ ᠴᠢᠳᠠᠨ᠎ᠠ᠃ ᠡᠨᠡ ᠨᠢ ᠪᠠᠶᠢᠭᠠᠯᠢ ᠶᠢᠨ ᠵᠢᠮ᠎ᠡ ᠶᠤᠰᠤ ᠲᠠᠢ ᠨᠡᠶᠢᠴᠡᠬᠦ ᠪᠠᠷ ᠪᠠᠷᠠᠬᠤ ᠦᠭᠡᠢ | ᠂ ᠪᠠᠰᠠ ᠠᠵᠤ ᠠᠬᠤᠢ ᠶᠢᠨ ᠵᠢᠮ᠎ᠡ ᠶᠤᠰᠤ ᠲᠠᠢ ᠴᠤ ᠨᠡᠶᠢᠴᠡᠬᠦ ᠶᠤᠮ᠃ ︵ᠢᠷᠡᠯᠲᠡ᠄ ᠰᠤᠳᠤᠭᠡᠷᠡᠯ᠂ ᠪᠠᠪᠤᠯᠠᠢ᠂ | ᠬᠦᠭᠵᠢᠯᠲᠦ ᠶᠢᠨ ᠨᠠᠶᠢᠷᠠᠭᠤᠯᠤᠭᠰᠠᠨ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ | ᠪᠤᠯᠪᠠᠰᠤᠷᠠᠭᠤᠯᠭ᠎ᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ |