ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2020/4/17
   ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ  ᠦᠢᠯᠡᠰ ᠢ ᠬᠦᠭᠵᠢᠬᠦᠯᠬᠦ ᠲᠤᠬᠠᠢ ᠬᠢᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂  ᠭᠤᠷᠪᠠᠳᠤᠭᠠᠷ ᠬᠤᠭᠤᠴᠠᠭᠠᠨ ᠤ ᠪᠦᠬᠦ ᠠᠶᠢᠮᠠᠭ ᠤᠨ ᠤᠯᠠᠭᠠᠨᠮᠦ᠋ᠴᠢᠷ ᠤᠨ ᠴᠤᠭᠯᠠᠭᠠᠨ ᠳᠤ ᠰᠠᠶᠢᠳᠤᠷ ᠪᠡᠯᠡᠳᠬᠡᠬᠦ ᠶᠢᠨ ᠲᠦᠯᠦᠬᠡ᠂  4 ᠰᠠᠷ᠎ᠠ ᠶᠢᠨ 13 ᠤ ᠡᠳᠦᠷ  ᠲᠠᠶᠢᠹᠤᠰᠧ ᠬᠤᠰᠢᠭᠤᠨ ᠤ  ᠤᠯᠠᠭᠠᠨᠮᠦ᠋ᠴᠢᠷ ᠨᠢ ᠬᠠᠪᠤᠷ ᠤᠨ ᠤᠯᠠᠷᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ   ᠢᠶᠠᠨ ᠡᠬᠢᠯᠡᠬᠦᠯᠪᠡ᠃   ᠡᠨᠡ ᠤᠳᠠᠭᠠᠨ ᠤ ᠪᠤᠯᠪᠠᠰᠤᠷᠠᠯ   ᠳᠠᠭᠠᠨ ᠤᠯᠤᠰ ᠤᠨ ᠬᠤᠶᠠᠳᠤᠭᠠᠷ ᠲᠡᠰ ᠤᠨ ᠠᠶᠠᠯᠭᠤ ᠵᠤᠬᠢᠶᠠᠭᠴᠢ᠂ ᠨᠠᠶᠢᠷᠠᠭᠤᠯᠤᠨ ᠤᠳᠤᠷᠢᠳᠤᠭᠠᠴᠢ᠂  ᠤᠯᠤᠰ ᠤᠨ ᠲᠡᠰ  ᠤᠨ ᠪᠤᠳᠠᠰ ᠤᠨ ᠪᠤᠰᠤ ᠰᠤᠶᠤᠯ ᠤᠨ ᠦᠪ ᠪᠤᠯᠬᠤ ︽ᠠᠰᠤᠷᠤ︾ ᠶᠢᠨ ᠦᠪᠯᠡᠨ ᠤᠯᠠᠮᠵᠢᠯᠠᠭᠴᠢ᠂ ᠰᠢᠯᠢ ᠶᠢᠨ ᠭᠤᠤᠯ ᠠᠶᠢᠮᠠᠭ ᠤᠨ ᠲᠠᠭᠤᠤ ᠬᠦᠭᠵᠢᠮᠴᠢᠳ ᠤᠨ ᠨᠡᠶᠢᠬᠡᠮᠯᠢᠭ ᠤᠨ ᠲᠡᠳ᠋ ᠲᠡᠷᠢᠬᠦᠯᠡᠭᠴᠢ᠂ ᠰᠢᠯᠢ ᠶᠢᠨ ᠭᠤᠤᠯ ᠠᠶᠢᠮᠠᠭ ᠤᠨ  ︽ᠠᠰᠤᠷᠤ︾ ᠨᠡᠶᠢᠬᠡᠮᠯᠢᠭ ᠤᠨ ᠲᠠᠷᠤᠭ᠎ᠠ ᠤᠶᠢᠷᠤᠪ ᠪᠠᠭᠰᠢ ᠶᠢ ᠵᠠᠯᠠᠵᠤ᠂  ᠤᠨᠤᠯ ᠤᠨ ᠮᠡᠳᠡᠯᠬᠡ ᠪᠠ  ᠤᠷ᠎ᠠ ᠮᠡᠷᠭᠡᠵᠢᠯ ᠤᠨ ᠵᠢᠯᠤᠭᠤᠳᠤᠯᠭ᠎ᠠ ᠬᠢᠯᠭᠡᠭᠰᠡᠨ ᠪᠠᠶᠢᠨ᠎ᠠ᠃     ᠡᠨᠡ ᠤᠳᠠᠭᠠᠨ ᠤ ᠪᠤᠯᠪᠠᠰᠤᠷᠠᠯ ᠨᠢ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠤᠨ ᠲᠤᠭᠯᠠᠭᠴᠢᠳ ᠤᠨ ᠲᠤᠰᠬᠠᠢ ᠮᠡᠷᠭᠡᠵᠢᠯ ᠤᠨ ᠭᠡᠪ ᠪᠤᠯᠪᠠᠰᠤᠷᠠᠯ᠂ ᠤᠨᠤᠯ ᠤᠨ ᠬᠢᠷᠢ ᠲᠦᠪᠰᠢᠨ ᠬᠢᠭᠡᠳ ᠦᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠬᠦ ᠳᠤ ᠴᠢᠬᠤᠯᠠ ᠠᠬᠢᠭᠤᠯᠭ᠎ᠠ ᠶᠢᠨ ᠦᠢᠯᠡᠳᠦᠯ  ᠭᠠᠷᠭᠠᠬᠤ   ᠨᠢ ᠲᠠᠮᠵᠢᠭ ᠦᠬᠡᠢ᠃  ᠲᠠᠶᠢᠹᠤᠰᠧ ᠬᠤᠰᠢᠭᠤᠨ ᠤ  ᠤᠯᠠᠭᠠᠨᠮᠦ᠋ᠴᠢᠷ ᠨᠢ  ᠡᠶᠢᠮᠦᠷᠬᠦ  ᠬᠢᠴᠢᠶᠡᠯ ᠪᠤᠯᠪᠠᠰᠤᠷᠠᠯ ᠤᠨ ᠠᠷᠭ᠎ᠠ ᠬᠡᠯᠪᠡᠷᠢ   ᠪᠠᠷ ᠤᠯᠠᠨ ᠳᠤ ᠮᠡᠷᠭᠡᠰᠢᠭᠰᠡᠨ ᠲᠤᠭᠯᠠᠭᠴᠢ ᠶᠢ  ᠬᠦᠮᠦᠵᠢᠬᠦᠯᠵᠦ᠂   ᠤᠳᠬ᠎ᠠ ᠤᠷᠠᠯᠢᠭ ᠤᠨ ᠰᠤᠳᠤᠨ ᠪᠦᠳᠦᠬᠡᠯ  ᠡᠬᠦᠳᠬᠦ ᠶᠢ ᠲᠠᠰᠤᠷᠠᠯᠳᠠ ᠦᠬᠡᠢ ᠠᠬᠢᠭᠤᠯᠤᠨ᠂  ᠵᠤᠬᠢᠶᠠᠨ ᠪᠦᠳᠦᠭᠡᠯᠬᠡ ᠶᠢᠨ  ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂  ᠤᠷᠤᠨ ᠨᠤᠳᠤᠭ ᠤᠨ ᠢᠶᠠᠨ ᠰᠤᠶᠤᠯ ᠤᠷᠠᠯᠢᠭ ᠤᠨ  ᠬᠦᠭᠵᠢᠯᠳᠡ ᠳᠤ ᠤᠯᠠᠮ ᠰᠠᠶᠢᠨ ᠦᠢᠯᠡᠴᠢᠯᠡᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号