ᠲᠠᠶᠢᠹᠤᠰᠧ ᠬᠤᠰᠢᠭᠤ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-02
    3 ᠰᠠᠷ᠎ᠠ ᠶᠢᠨ 27 ᠤ ᠡᠳᠦᠷ᠂  ᠲᠠᠶᠢᠹᠤᠰᠧ ᠬᠤᠰᠢᠭᠤ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠢ ᠬᠤᠷᠠᠯᠳᠤᠭᠤᠯᠵᠠᠢ᠃
      ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂ ᠲᠡᠳ᠋ ᠬᠤᠰᠢᠭᠤ ᠲᠠᠷᠤᠭ᠎ᠠ ᠭᠤᠤ ᠯᠢᠶᠠᠩ ᠲᠡᠭᠡᠳᠦ ᠱᠠᠳᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ   ᠤᠨ ᠵᠤᠷᠢᠭ ᠰᠠᠨᠠᠭ᠎ᠠ ᠶᠤᠰᠤᠭᠠᠷ᠂  2019 ᠤᠨ ᠤ ᠵᠡᠬᠦᠨ ᠪᠠᠷᠠᠭᠤᠨ ᠤᠷᠤᠨ ᠤ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠠᠵᠢᠯ ᠤᠨ ᠬᠢᠨᠠᠨ ᠰᠢᠯᠭᠠᠯᠳᠠ ᠶᠢ ᠤᠬᠳᠤᠬᠤ ᠪᠡᠯᠡᠳᠬᠡᠯ ᠠᠵᠢᠯ ᠢ ᠰᠠᠶᠢᠨ ᠬᠢᠬᠦ ᠲᠤᠬᠠᠢ ᠪᠤᠳᠠᠳᠠᠢ ᠰᠠᠨᠠᠯ ᠪᠠ ᠠᠷᠭ᠎ᠠ ᠪᠠᠷᠢᠯ ᠢ ᠲᠤᠷᠠᠳᠴᠤ᠂  ᠡᠯ᠎ᠡ ᠰᠠᠯᠠᠭ᠎ᠠ ᠮᠦᠴᠢᠷ  ᠪᠤᠯᠤᠨ ᠰᠤᠮᠤ ᠰᠢᠶᠠᠩ ᠪᠠᠯᠭᠠᠰᠤ ᠶᠢ 2019 ᠤᠨ ᠤ ᠪᠡᠯᠡ  ᠮᠦᠩᠬᠦ ᠶᠢᠨ ᠬᠠᠮᠢᠶᠠᠷᠤᠯᠳᠠ ᠶᠢᠨ ᠠᠷᠭ᠎ᠠ ᠲᠠᠢ ᠨᠢᠮᠪᠠᠢ ᠬᠠᠷᠢᠴᠠᠭᠤᠯᠵᠤ᠂ ᠵᠦᠷᠢᠶ᠎ᠡ ᠲᠤᠳᠠᠭᠳᠠᠯ ᠢᠶᠠᠨ ᠨᠦᠬᠦᠪᠦᠷᠢᠯᠡᠬᠦ ᠠᠵᠢᠯ ᠢ ᠰᠠᠶᠢᠳᠤᠷ ᠠᠳᠬᠤᠬᠤ ᠭᠡᠷᠡᠭᠳᠡᠢ ᠬᠡᠵᠦ ᠱᠠᠭᠠᠷᠳᠠᠪᠠ᠃
     ᠲᠡᠳ᠋ ᠬᠤᠰᠢᠭᠤ ᠲᠠᠷᠤᠭ᠎ᠠ ᠯᠢ ᠵᠠᠨ ᠪᠤᠤ  2020 ᠤᠨ ᠤ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠲᠦᠷᠦᠯ ᠵᠦᠢᠯ ᠢ ᠠᠬᠢᠭᠤᠯᠬᠤ ᠲᠠᠯ᠎ᠠ ᠪᠠᠷ ᠪᠠᠶᠢᠷᠢᠯᠠᠭᠤᠯᠤᠯᠳᠠ ᠬᠢᠵᠦ᠂  ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ  ᠲᠤᠭᠳᠠᠭᠠᠯ  ᠱᠠᠭᠠᠷᠳᠠᠯᠭ᠎ᠠ ᠶᠤᠰᠤᠭᠠᠷ ᠲᠦᠷᠦᠯ ᠵᠦᠢᠯ ᠲᠤᠭᠳᠠᠬᠤ ᠪᠠ ᠲᠦᠷᠦᠬᠦᠴᠢ ᠬᠤᠭᠤᠴᠠᠭᠠᠨ ᠤ ᠪᠡᠯᠡᠳᠬᠡᠯ ᠬᠢᠬᠦ᠂ ᠪᠡᠯᠡ ᠮᠦᠩᠬᠦ ᠶᠢ ᠬᠠᠮᠢᠶᠠᠷᠬᠤ ᠪᠠ ᠭᠡᠷᠡᠭᠯᠡᠬᠦ᠂ ᠲᠦᠷᠦᠯ ᠵᠦᠢᠯ ᠢ ᠵᠤᠬᠢᠶᠠᠨ  ᠪᠠᠶᠢᠭᠤᠯᠵᠤ ᠭᠡᠷᠡᠭᠵᠢᠬᠦᠯᠬᠦ  ᠪᠠ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭᠠᠨ ᠤ ᠠᠵᠢᠯ ᠢ  ᠲᠦᠷᠢᠮᠵᠢᠯ ᠲᠠᠢ ᠦᠷᠨᠢᠬᠦᠯᠵᠦ᠂  ᠢᠯᠡ  ᠨᠡᠶᠢᠳᠡᠯᠡᠬᠦ ᠲᠦᠷᠢᠮ ᠢ ᠴᠢᠩᠭ᠎ᠠ ᠭᠡᠷᠡᠭᠵᠢᠬᠦᠯᠦᠨ᠂  ᠨᠡᠶᠢᠬᠡᠮ ᠨᠡᠶᠢᠳᠡ ᠶᠢᠨ ᠬᠢᠨᠠᠯᠳᠠ ᠶᠢ ᠬᠦᠯᠢᠶᠡᠬᠦ ᠭᠡᠷᠡᠭᠳᠡᠢ᠃  ᠡᠷᠡᠮᠡᠯᠵᠡᠯᠡᠨ  ᠵᠦᠪᠰᠢᠶᠡᠷᠡᠬᠦᠯᠬᠦ᠂  ᠢᠯᠡ  ᠨᠡᠶᠢᠳᠡᠯᠡᠬᠦ᠂  ᠲᠠᠭᠠᠭᠠᠴᠢᠯᠠᠯ ᠵᠠᠷᠯᠠᠬᠤ᠂  ᠨᠠᠶᠢᠳᠠᠪᠤᠷᠢᠵᠢᠭᠤᠯᠤᠨ ᠭᠡᠷᠡᠭᠵᠢᠬᠦᠯᠬᠦ ᠵᠡᠷᠭᠡ ᠠᠵᠢᠯ  ᠢ ᠴᠢᠩᠭ᠎ᠠ ᠠᠳᠬᠤᠨ  ᠶᠠᠪᠤᠭᠳᠠᠭᠤᠯᠵᠤ᠂ ᠲᠤᠭᠳᠠᠭᠰᠠᠨ ᠴᠠᠭ ᠲᠠᠭᠠᠨ ᠡᠬᠢᠯᠡᠵᠦ᠂ ᠡᠨᠡ  ᠵᠢᠯ ᠳᠡᠭᠡᠨ ᠦᠷ᠎ᠡ ᠠᠰᠢᠭ ᠭᠠᠷᠬᠤ ᠶᠢ ᠪᠠᠳᠤᠯᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃
       ᠬᠤᠷᠠᠯ ᠲᠡᠭᠡᠷ᠎ᠡ᠂  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ︽ᠪᠡᠬᠡᠵᠢᠩ ᠦᠪᠦᠷ ᠮᠤᠩᠭᠤᠯ  ᠤᠨ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠪᠡᠯᠡ  ᠮᠦᠩᠬᠦ ᠶᠢᠨ ᠬᠠᠮᠢᠶᠠᠷᠤᠯᠳᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶   ᠶᠢ  ᠤᠯᠠᠮᠵᠢᠯᠠᠨ ᠰᠤᠷᠤᠯᠴᠠᠵᠤ᠂  2020 ᠤᠨ ᠤ  ᠭᠡᠷᠡᠭᠵᠢᠬᠦᠯᠬᠦ ᠪᠠᠷ ᠲᠦᠯᠦᠪᠯᠡᠭᠰᠡᠨ ᠲᠦᠷᠦᠯ ᠵᠦᠢᠯ  ᠤᠨ ᠲᠤᠬᠠᠢ ᠪᠠᠶᠢᠷᠢᠯᠠᠭᠤᠯᠤᠯᠳᠠ ᠬᠢᠵᠦ᠂  ︽ᠲᠠᠶᠢᠹᠤᠰᠧ ᠬᠤᠰᠢᠭᠤᠨ ᠤ ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ ᠪᠠ ᠠᠵᠢᠯᠴᠢᠳ   ᠳᠤ ᠱᠠᠩᠨᠠᠯ ᠨᠦᠬᠦᠪᠦᠷᠢ ᠶᠢᠨ ᠵᠤᠷᠢᠭᠵᠢᠭᠤᠯᠤᠯ ᠤᠯᠭᠤᠬᠤ ᠲᠦᠰᠦᠪ︾ ᠢ  ᠶᠠᠷᠢᠯᠴᠠᠨ ᠰᠤᠳᠤᠯᠵᠠᠢ᠃  ᠪᠦᠬᠦ ᠬᠤᠰᠢᠭᠤᠨ ᠤ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠠᠵᠢᠯ  ᠤᠨ  ᠭᠡᠰᠢᠬᠦᠨ ᠨᠢᠬᠡᠴᠡ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号