ᠲᠠᠶᠢᠹᠤᠰᠧ  ᠬᠤᠰᠢᠭᠤᠨ ᠤ ᠠᠩᠬᠠᠳᠤᠭᠴᠢ ᠬᠤᠭᠤᠴᠠᠭᠠᠨ ᠤ ᠰᠦᠯᠵᠢᠶᠡᠨ ᠲᠡᠭᠡᠷᠡᠬᠢ ᠠᠵᠢᠯ ᠮᠡᠷᠭᠡᠵᠢᠯ  ᠤᠨ ᠪᠤᠯᠪᠠᠰᠤᠷᠠᠯ ᠡᠬᠢᠯᠡᠪᠡ
ᠨᠡᠶᠢᠲᠡᠯᠡᠭᠰᠡᠨ ᠴᠠᠭ᠄
2020/4/20
    4 ᠰᠠᠷ᠎ᠠ ᠶᠢᠨ 15 ᠤ ᠡᠳᠦᠷ᠂  ᠲᠠᠶᠢᠹᠤᠰᠧ ᠬᠤᠰᠢᠭᠤᠨ ᠤ ᠬᠦᠳᠡᠯᠮᠦᠷᠢ ᠠᠵᠢᠯ ᠤᠯᠭᠤᠯᠳᠠ ᠶᠢᠨ ᠲᠤᠪᠴᠢᠶ᠎ᠠ ᠠᠴᠠ ᠰᠢᠯᠢ ᠶᠢᠨ ᠭᠤᠤᠯ ᠠᠶᠢᠮᠠᠭ ᠤᠨ ᠵᠧᠨ ᠳ᠋ᠠ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ  ᠳᠤ ᠨᠠᠶᠢᠳᠠᠵᠤ ᠡᠷᠬᠢᠯᠡᠭᠰᠡᠨ ᠠᠩᠬᠠᠳᠤᠭᠴᠢ ᠬᠤᠭᠤᠴᠠᠭᠠᠨ ᠤ ᠰᠦᠯᠵᠢᠶᠡᠨ ᠲᠡᠭᠡᠷᠡᠬᠢ ᠠᠵᠢᠯ ᠮᠡᠷᠭᠡᠵᠢᠯ ᠤᠨ ︵ᠴᠠᠬᠢᠯᠭᠠᠨ   ᠤ ᠠᠵᠢᠯᠴᠢᠨ︶ ᠪᠤᠯᠪᠠᠰᠤᠷᠠᠯ ᠤᠨ ᠠᠩᠬᠢ ᠵᠢᠩᠬᠢᠨᠢ ᠪᠠᠷ ᠬᠢᠴᠢᠶᠡᠯ ᠡᠬᠢᠯᠡᠭᠰᠡᠨ ᠪᠠᠶᠢᠨ᠎ᠠ᠃ 104  ᠬᠢᠴᠢᠶᠡᠯ ᠤᠨ ᠴᠠᠭ ᠪᠦᠬᠦᠢ ᠡᠨᠡ ᠬᠦ᠋ ᠪᠤᠯᠪᠠᠰᠤᠷᠠᠯ ᠳᠤ ᠨᠡᠶᠢᠳᠡ 46 ᠰᠤᠷᠤᠭᠴᠢ ᠤᠷᠤᠯᠴᠠᠵᠤ᠂  ᠡᠬᠦᠨ ᠤ ᠲᠤᠳᠤᠷ᠎ᠠ  ᠰᠢᠯᠵᠢᠵᠦ ᠠᠵᠢᠯ‌ᠤᠯᠬᠤ ᠮᠠᠯᠴᠢᠨ ᠲᠠᠷᠢᠶᠠᠴᠢᠨ 28 ᠬᠦᠮᠦᠨ᠂  ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ 13 ᠬᠦᠮᠦᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠳ 5 ᠬᠦᠮᠦᠨ  ᠪᠠᠶᠢᠭ᠎ᠠ᠃  ᠰᠢᠯᠢ ᠶᠢᠨ ᠭᠤᠤᠯ ᠠᠶᠢᠮᠠᠭ ᠤᠨ ᠵᠧᠨ ᠳ᠋ᠠ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠠᠴᠠ ᠰᠦᠯᠵᠢᠶᠡᠨ ᠤ ᠲᠠᠪᠴᠠᠩ ᠪᠠ ᠮᠡᠷᠭᠡᠵᠢᠯ ᠤᠨ ᠵᠢᠯᠤᠭᠤᠳᠤᠯᠭ᠎ᠠ ᠶᠢ ᠬᠠᠩᠭᠠᠵᠤ᠂   ᠰᠢᠩᠭᠡᠭᠡᠯᠳᠡ᠂  ᠰᠢᠭᠤᠳ  ᠨᠡᠪᠳᠡᠷᠡᠬᠦᠯᠬᠡ᠂  ᠬᠠᠷᠠᠭᠠᠨ ᠲᠠᠪᠳᠠᠮᠵᠢ᠂ PPT ᠲᠠᠶᠢᠯᠤᠮᠵᠢ᠂  ᠦᠵᠡᠬᠦᠯᠦᠯᠬᠡ ᠪᠠ ᠵᠢᠷᠤᠭ ᠲᠦᠷᠰᠦ ᠶᠢᠨ ᠵᠢᠯᠤᠭᠤᠳᠤᠮᠵᠢ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠪᠠᠶᠠᠯᠢᠭ ᠠᠭᠤᠯᠭ᠎ᠠ ᠲᠠᠢ ᠶᠠᠪᠤᠭᠳᠠᠭᠤᠯᠵᠤ  ᠂ ᠤᠶᠢᠷ᠎ᠠ ᠶᠢᠨ ᠬᠤᠭᠤᠴᠠᠭᠠᠨ ᠳᠠᠬᠢ ᠪᠦᠬᠦ ᠬᠤᠰᠢᠭᠤᠨ ᠤ ᠰᠢᠯᠵᠢᠵᠦ ᠠᠵᠢᠯ ᠤᠯᠬᠤ ᠮᠠᠯᠴᠢᠨ ᠲᠠᠷᠢᠶᠠᠴᠢᠨ  ᠂  ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠳ  ᠤᠨ ᠠᠵᠢᠯ ᠮᠡᠷᠭᠡᠵᠢᠯ ᠤᠨ ︵ᠴᠠᠬᠢᠯᠭᠠᠨ ᠤ ᠠᠵᠢᠯᠴᠢᠨ︶  ᠪᠤᠯᠪᠠᠰᠤᠷᠠᠯ ᠤᠨ ᠭᠡᠷᠡᠭᠴᠡᠭᠡ ᠶᠢ ᠦᠨᠳᠦᠰᠦᠨ ᠳᠡᠭᠡᠨ  ᠬᠠᠩᠭᠠᠭᠰᠠᠨ ᠪᠠᠶᠢᠨ᠎ᠠ᠃      ᠰᠦᠯᠵᠢᠶᠡᠨ ᠤ ᠪᠤᠯᠪᠠᠰᠤᠷᠠᠯ ᠪᠤᠯ ᠬᠢᠵᠢᠭ ᠰᠡᠷᠭᠡᠶᠢᠯᠡᠬᠦ ᠬᠤᠭᠤᠴᠠᠭᠠᠨ ᠳᠤ ᠶᠠᠪᠤᠭᠳᠠᠵᠤ ᠪᠠᠶᠢᠭ᠎ᠠ ᠠᠵᠢᠯ ᠮᠡᠷᠭᠡᠵᠢᠯ ᠤᠨ ᠪᠤᠯᠪᠠᠰᠤᠷᠠᠯ ᠤᠨ ᠰᠢᠨ᠎ᠡ ᠬᠡᠯᠪᠡᠷᠢ ᠪᠠᠶᠢᠵᠤ᠂  ᠠᠮᠢᠳᠤᠯᠢᠭ ᠲᠦᠳᠡ ᠪᠠᠶᠢᠬᠤ ᠪᠠᠷ ᠢᠶᠠᠨ ᠤᠨᠴᠠᠯᠢᠭᠳᠠᠨ᠎ᠠ᠃ ᠬᠢᠴᠢᠶᠡᠯ ᠢᠶᠠᠨ ᠪᠤᠴᠠᠭᠠᠨ ᠰᠤᠨᠤᠰᠴᠤ ᠪᠤᠯᠤᠨ᠎ᠠ᠂  ᠴᠠᠭ  ᠴᠢᠯᠦᠬᠡ᠂  ᠭᠠᠵᠠᠷ ᠤᠷᠤᠨ ᠳᠤ ᠬᠢᠵᠠᠭᠠᠷᠯᠠᠭᠳᠠᠬᠤ ᠦᠬᠡᠢ᠂  ᠭᠡᠷ ᠲᠡᠭᠡᠨ ᠰᠠᠭᠤᠭᠠᠳ ᠴᠤ ᠭᠡᠰᠡᠨ ᠨᠢᠬᠡ ᠲᠦᠷᠦᠯ ᠤᠨ ᠮᠡᠷᠭᠡᠵᠢᠯ  ᠡᠵᠡᠮᠰᠢᠴᠢᠬᠡᠬᠦ ᠪᠤᠯᠬᠤᠷ ᠬᠦᠮᠦᠨ ᠠᠷᠠᠳ ᠤᠨ ᠲᠤᠷ᠎ᠠ ᠰᠤᠨᠢᠷᠬᠠᠯ ᠢ  ᠲᠠᠳᠠᠵᠤ ᠴᠢᠳᠠᠵᠠᠢ᠃  ᠲᠠᠷᠠᠭ᠎ᠠ ᠪᠠᠷ᠂  ᠲᠠᠶᠢᠹᠤᠰᠧ ᠬᠤᠰᠢᠭᠤᠨ ᠤ ᠬᠦᠳᠡᠯᠮᠦᠷᠢ ᠠᠵᠢᠯ ᠤᠯᠭᠤᠯᠳᠠ ᠶᠢᠨ ᠲᠤᠪᠴᠢᠶ᠎ᠠ ᠨᠢ  ᠰᠢᠨ᠎ᠡ ᠰᠡᠳᠬᠢᠴᠡ᠂  ᠰᠢᠨ᠎ᠡ ᠠᠷᠭ᠎ᠠ ᠶᠢ ᠲᠠᠰᠤᠷᠠᠯᠳᠠ ᠦᠬᠡᠢ ᠰᠦᠪᠡᠭᠴᠢᠯᠡᠨ᠂  ᠪᠤᠯᠪᠠᠰᠤᠷᠠᠯ ᠬᠦᠷᠳᠡᠵᠦ  ᠠᠵᠢᠯ ᠤᠯᠬᠤ ᠰᠠᠨᠠᠭ᠎ᠠ ᠲᠠᠢ ᠬᠦᠮᠦᠰ ᠲᠤ ᠨᠡᠩ ᠤᠯᠠᠨ ᠰᠦᠯᠵᠢᠶᠡᠨ ᠤ ᠪᠤᠯᠪᠠᠰᠤᠷᠠᠯ   ᠢ ᠬᠠᠩᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号