ᠠᠯᠮᠠᠰ ᠵᠡᠷᠭᠡ ᠤᠳᠤᠷᠢᠳᠤᠯᠭ᠎ᠠ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020-04-20
   4 ᠰᠠᠷ᠎ᠠ ᠶᠢᠨ 15 ᠤ ᠡᠳᠦᠷ ᠠᠴᠠ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠲᠡᠳ᠋ ᠲᠠᠷᠤᠭ᠎ᠠ᠂ ᠠᠠᠬᠠᠮᠠᠳ ᠺᠠᠳᠠᠷᠴᠤᠳ ᠤᠨ ᠲᠤᠪᠴᠢᠶᠠᠨ ᠤ ᠲᠠᠷᠤᠭ᠎ᠠ ᠠᠯᠮᠠᠰ  ᠵᠡᠷᠭᠡ ᠤᠳᠤᠷᠢᠳᠤᠯᠭ᠎ᠠ ᠲᠠᠶᠢᠹᠤᠰᠧ ᠬᠤᠰᠢᠭᠤᠨ ᠤ  ᠪᠤᠤᠴᠠᠩ ᠪᠠᠯᠭᠠᠰᠤᠨ᠂ ᠬᠤᠩ ᠴᠢ ᠪᠠᠯᠭᠠᠰᠤ᠂  ᠶᠦᠩ ᠹᠧᠩ ᠪᠠᠯᠭᠠᠰᠤᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠪᠠᠷ᠎ᠠ ᠪᠤᠯᠵᠤ ᠪᠠᠶᠢᠴᠠᠭᠠᠨ ᠰᠤᠳᠤᠯᠪᠠ᠃     ᠠᠯᠮᠠᠰ ᠵᠡᠷᠭᠡ ᠤᠳᠤᠷᠢᠳᠤᠯᠭ᠎ᠠ ᠲᠤᠬᠠᠢ ᠶᠢᠨ ᠭᠠᠵᠠᠷ ᠢ ᠪᠠᠶᠢᠴᠠᠭᠠᠨ ᠦᠵᠡᠬᠦ᠂ ᠠᠶᠢᠯ ᠡᠷᠦᠬᠡ ᠪᠠᠷ ᠤᠷᠤᠵᠤ ᠰᠤᠷᠪᠤᠯᠵᠢᠯᠠᠬᠤ᠂  ᠬᠤᠷᠠᠯ ᠬᠢᠵᠦ ᠰᠠᠨᠠᠯ ᠢᠶᠠᠨ ᠰᠤᠯᠢᠯᠴᠠᠬᠤ ᠵᠡᠷᠭᠡ ᠬᠡᠯᠪᠡᠷᠢ ᠪᠠᠷ ᠰᠤᠮᠤ ᠰᠢᠶᠠᠩ  ᠪᠠᠯᠭᠠᠰᠤᠨ ᠤ ᠺᠠᠳᠠᠷ᠂  ᠭᠠᠴᠠᠭ᠎ᠠ ᠲᠤᠰᠬᠤᠨ ᠤ  ︽ᠬᠤᠶᠠᠷ ᠵᠦᠪᠯᠡᠯ︾ ᠤᠨ  ᠭᠡᠰᠢᠬᠦᠳ ᠵᠢᠴᠢ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠡᠬᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠤᠯᠭᠠᠷᠠᠵᠤ ᠪᠠᠶᠢᠭ᠎ᠠ  ᠪᠤᠳᠠᠳᠠᠢ ᠬᠦᠴᠢᠷᠳᠡᠯ ᠵᠡᠷᠭᠡ ᠶᠢ ᠪᠠᠶᠢᠴᠠᠭᠠᠨ ᠤᠶᠢᠯᠠᠭᠠᠭᠰᠠᠨ ᠪᠦᠬᠡᠳ ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠪᠡᠯᠡᠳᠭᠡᠯ ᠠᠵᠢᠯ᠂ ᠦᠨᠳᠦᠰᠦᠨ ᠱᠠᠳᠤᠨ ᠤ ᠪᠠᠳᠤᠯᠠᠭᠠᠨ ᠤ ᠠᠵᠢᠯ᠂  ᠰᠤᠯᠠ  ᠵᠠᠳᠠᠭᠠᠢ ᠨᠠᠮ ᠤᠨ ᠡᠬᠦᠷ ᠤᠨ ᠴᠡᠭᠴᠡᠯᠡᠯᠳᠡ᠂ ᠬᠠᠮᠳᠤ  ᠶᠢᠨ ᠠᠵᠤ ᠠᠬᠤᠢ ᠶᠢᠨ ᠬᠦᠭᠵᠢᠯᠳᠡ  ᠵᠢᠴᠢ ᠨᠡᠶᠢᠬᠡᠮ ᠲᠤᠭᠤᠷᠢᠭ ᠤᠨ ᠰᠠᠭᠤᠷᠢᠨ ᠭᠠᠵᠠᠷ ᠤᠨ ᠪᠠᠶᠢᠭᠤᠯᠤᠯᠳᠠ ᠵᠡᠷᠭᠡ  ᠠᠭᠤᠯᠭ᠎ᠠ ᠶᠢᠨ ᠲᠤᠭᠤᠷᠢᠨ ᠳᠤ  ᠪᠠᠶᠢᠴᠠᠭᠠᠨ ᠰᠤᠳᠤᠯᠤᠯᠳᠠ ᠬᠢᠵᠡᠢ᠃     ᠪᠠᠶᠢᠴᠠᠭᠠᠨ ᠰᠤᠳᠤᠯᠬᠤ ᠪᠦᠯᠬᠦᠮ ᠤᠨ ᠬᠢᠨ ᠪᠤᠤᠴᠠᠩ ᠪᠠᠯᠭᠠᠰᠤᠨ ᠤ ᠵᠢᠶᠠᠨ ᠰᠢᠩ ᠨᠡᠶᠢᠬᠡᠮ ᠲᠤᠭᠤᠷᠢᠭ ᠲᠤ ᠬᠦᠷᠴᠦ᠂ ᠦᠨᠳᠦᠰᠦᠨ ᠱᠠᠳᠤᠨ ᠤ  ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ᠂ ᠨᠡᠶᠢᠬᠡᠮ ᠲᠤᠭᠤᠷᠢᠭ  ᠤᠨ ᠬᠠᠮᠢᠶᠠᠷᠤᠯᠳᠠ ᠵᠡᠷᠭᠡ ᠠᠵᠢᠯ   ᠤᠨ ᠶᠠᠪᠤᠭᠳᠠᠭᠰᠠᠨ ᠪᠠᠶᠢᠳᠠᠯ  ᠵᠢᠴᠢ ᠠᠷᠠᠳ ᠲᠤ ᠬᠢᠭᠰᠡᠨ ᠪᠤᠳᠠᠳᠠᠢ ᠠᠵᠢᠯ ᠤᠨ ᠪᠡᠯᠡ  ᠮᠦᠩᠬᠦ᠂  ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ ᠪᠡᠯᠡ  ᠮᠦᠩᠬᠦ᠂  ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠮᠦᠩᠬᠦ ᠵᠡᠷᠭᠡ ᠶᠢᠨ ᠭᠡᠷᠡᠭᠯᠡᠭᠰᠡᠨ ᠪᠠᠶᠢᠳᠠᠯ ᠢ ᠪᠠᠶᠢᠴᠠᠭᠠᠨ  ᠤᠶᠢᠯᠠᠭᠠᠵᠤ᠂ ᠪᠤᠤᠴᠠᠩ ᠪᠠᠯᠭᠠᠰᠤᠨ ᠤ ᠰᠢᠶᠠᠩ ᠶᠠᠩ ᠲᠤᠰᠬᠤᠨ ᠤ ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ ᠲᠤ ᠬᠦᠷᠦᠭᠡᠳ  ᠂  ᠦᠢᠯᠡᠳᠪᠦᠷᠢ ᠶᠢᠨ ᠲᠠᠰᠤᠭ ᠤᠨ ᠬᠢᠵᠢᠭ ᠰᠡᠷᠭᠡᠶᠢᠯᠡᠯᠳᠡ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠭᠰᠠᠨ ᠪᠠ ᠦᠢᠯᠡᠳᠪᠦᠷᠢᠯᠡᠯ ᠰᠡᠷᠬᠦᠬᠡᠵᠦ ᠠᠵᠢᠯ ᠳᠠᠭᠠᠨ ᠭᠠᠷᠤᠭᠰᠠᠨ ᠪᠠᠶᠢᠳᠠᠯ  ᠂  ᠤᠷᠤᠰᠢᠵᠤ ᠪᠠᠶᠢᠭ᠎ᠠ ᠠᠰᠠᠭᠤᠳᠠᠯ ᠬᠦᠴᠢᠷᠳᠡᠯ ᠤᠨ ᠬᠢᠨᠢ ᠲᠤᠬᠠᠢ ᠨᠠᠷᠢᠨ ᠨᠢᠮᠪᠠᠢ ᠠᠰᠠᠭᠤᠵᠤ ᠤᠶᠢᠯᠠᠭᠠᠭᠰᠠᠨ ᠪᠦᠬᠡᠳ ᠬᠤᠩ ᠴᠢ ᠪᠠᠯᠭᠠᠰᠤᠨ ᠤ  ᠬᠤᠩ ᠸᠧᠢ ᠲᠤᠰᠬᠤᠨ ᠤ ᠠᠦ᠋ᠲᠮᠠᠴᠢᠯᠠᠭᠰᠠᠨ ᠲᠠᠬᠢᠶ᠎ᠠ ᠲᠡᠵᠢᠬᠡᠬᠦ ᠲᠠᠯᠠᠪᠠᠢ ᠶᠢ ᠲᠤᠭᠤᠷᠢᠨ ᠦᠵᠡᠵᠦ ᠂ ᠬᠠᠷᠢᠭᠤᠴᠠᠯᠭᠠᠳᠠᠨ ᠤ ᠬᠠᠷᠢᠭᠤ ᠮᠡᠳᠡᠬᠦᠯᠦᠯᠳᠡ ᠶᠢ ᠰᠤᠨᠤᠰᠤᠨ᠂  ᠡᠯ᠎ᠡ ᠲᠦᠷᠦᠯ ᠤᠨ ᠠᠵᠢᠯ ᠤᠨ ᠠᠬᠢᠴᠠ ᠶᠢ ᠨᠢ  ᠯᠠᠪᠯᠠᠨ ᠤᠶᠢᠯᠠᠭᠠᠵᠠᠢ᠃      ᠪᠠᠶᠢᠴᠠᠭᠠᠨ ᠰᠤᠳᠤᠯᠤᠯᠳᠠ ᠬᠢᠬᠦ ᠳᠡᠭᠡᠨ ᠠᠯᠮᠠᠰ᠂  ᠭᠠᠴᠠᠭ᠎ᠠ ᠲᠤᠰᠬᠤᠨ ᠤ ᠨᠠᠮ ᠤᠨ ᠡᠬᠦᠷ ᠨᠢ ᠡᠷᠭᠡᠪᠰᠢ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠬᠦᠨᠳᠦ ᠡᠬᠦᠷᠭᠡ ᠶᠢ ᠮᠦᠷᠦᠯᠡᠵᠦ᠂  ᠠᠵᠤ ᠦᠢᠯᠡᠰ ᠤᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠶᠢᠨ ᠲᠠᠯ᠎ᠠ ᠪᠠᠷ ᠢᠯᠡᠬᠦᠦ ᠰᠡᠳᠬᠢᠨ ᠢᠯᠡᠬᠦᠦ ᠲᠦᠯᠦᠪᠯᠡᠵᠦ᠂  ᠲᠤᠰ ᠭᠠᠵᠠᠷ   ᠤᠨ ᠢᠶᠠᠨ ᠡᠬᠢ ᠪᠠᠶᠠᠯᠢᠭ ᠢ ᠠᠰᠢᠭᠯᠠᠨ ᠦᠷᠬᠦᠯᠵᠢᠯᠡᠭᠰᠡᠨ ᠬᠦᠭᠵᠢᠯᠳᠡ ᠶᠢᠨ ᠠᠵᠢᠯ ᠢ ᠰᠠᠶᠢᠨ ᠬᠢᠵᠦ᠂  ᠠᠵᠤ ᠦᠢᠯᠡᠰ ᠢᠶᠠᠨ ᠬᠦᠭᠵᠢᠬᠦᠯᠬᠦ ᠶᠢᠨ ᠲᠠᠭᠠᠤ ᠪᠠᠰᠠ ᠲᠦᠷᠦᠯ ᠵᠦᠢᠯ ᠤᠨ ᠪᠡᠯᠡ  ᠮᠦᠩᠬᠦ ᠶᠢ ᠰᠠᠶᠢᠳᠤᠷ ᠠᠰᠢᠭᠯᠠᠨ  ᠬᠠᠮᠳᠤ ᠶᠢᠨ ᠠᠵᠤ ᠠᠬᠤᠢ ᠪᠠᠨ ᠪᠤᠵᠠᠭᠠᠶᠢᠷᠠᠭᠤᠯᠵᠤ ᠬᠦᠭᠵᠢᠬᠦᠯᠬᠦ ᠭᠡᠷᠡᠭᠳᠡᠢ᠃  ᠭᠠᠴᠠᠭ᠎ᠠ ᠲᠤᠰᠬᠤᠨ  ᠤ ᠤᠳᠤᠷᠢᠳᠬᠤ ᠪᠠᠭ᠂ ᠪᠡᠯᠡᠳᠬᠡᠯ ᠺᠠᠳᠠᠷ  ᠂ ᠨᠠᠮ ᠤᠨ ᠭᠡᠰᠢᠬᠦᠨ  ᠵᠡᠷᠭᠡ ᠭᠤᠷᠪᠠᠨ ᠡᠩᠨᠡᠭᠡᠨ ᠤ ᠪᠠᠶᠢᠭᠤᠯᠤᠯᠳᠠ ᠶᠢ ᠴᠢᠩᠭ᠎ᠠ ᠠᠳᠬᠤᠵᠤ᠂  ᠭᠠᠴᠠᠭ᠎ᠠ ᠲᠤᠰᠬᠤᠨ ᠤ ᠤᠳᠤᠷᠢᠳᠬᠤ ᠪᠠᠭ ᠢ ᠬᠦᠴᠦᠷᠭᠡᠭᠵᠢᠬᠦᠯᠦᠨ ᠲᠡᠬᠦᠯᠳᠡᠷᠵᠢᠬᠦᠯᠵᠦ᠂  ᠬᠤᠭᠤᠴᠠᠭ᠎ᠠ ᠰᠤᠯᠢᠬᠤ ᠰᠤᠩᠭᠤᠭᠤᠯᠢ ᠠᠴᠠ ᠡᠮᠦᠨᠡᠬᠢ ᠪᠡᠯᠡᠳᠭᠡᠯ ᠠᠵᠢᠯ ᠢ ᠬᠦᠢᠴᠡᠳ ᠰᠠᠶᠢᠨ ᠬᠢᠵᠦ᠂  ᠬᠦᠮᠦᠵᠢᠬᠦᠯᠬᠦ᠂ ᠰᠢᠯᠢᠬᠦ᠂ ᠬᠠᠮᠢᠶᠠᠷᠬᠤ᠂ ᠭᠡᠷᠡᠭᠯᠡᠬᠦ ᠲᠦᠷᠪᠡᠨ ᠭᠤᠭᠴᠤᠭ᠎ᠠ ᠠᠴᠠ ᠭᠠᠷᠳᠠᠨ᠂  ᠰᠢᠯᠢᠳᠡᠭ ᠬᠦᠮᠦᠰ᠂  ᠴᠢᠳᠠᠪᠤᠷᠢ ᠲᠠᠢ ᠬᠦᠮᠦᠰ ᠢ ᠪᠡᠯᠡᠳᠬᠡᠯ ᠺᠠᠳᠠᠷ ᠤᠨ ᠡᠩᠨᠡᠬᠡᠨ ᠳᠡᠭᠡᠨ ᠤᠷᠤᠭᠤᠯᠬᠤ ᠭᠡᠷᠡᠭᠳᠡᠢ᠃  ᠨᠠᠮ ᠤᠨ ᠭᠡᠰᠢᠬᠦᠨ  ᠤ  ᠬᠦᠳᠡᠯᠪᠦᠷᠢ ᠠᠵᠢᠯᠯᠠᠭᠠᠨ ᠤ ᠰᠠᠭᠤᠷᠢᠨ ᠭᠠᠵᠠᠷ᠂ ᠠᠯᠤᠰ ᠡᠵᠡᠮᠰᠢᠯᠳᠦ ᠰᠤᠷᠭᠠᠨ ᠬᠦᠮᠦᠵᠢᠯ ᠤᠨ ᠲᠠᠪᠴᠠᠩ ᠵᠡᠷᠭᠡ ᠶᠢ ᠬᠦᠢᠴᠡᠳ ᠰᠠᠶᠢᠨ ᠠᠰᠢᠭᠯᠠᠵᠤ᠂ ᠰᠤᠷᠤᠯᠴᠠᠬᠤ ᠲᠦᠯᠦᠪᠯᠡᠭᠡ ᠪᠠ ᠪᠤᠳᠠᠳᠠᠢ ᠠᠷᠭ᠎ᠠ ᠪᠠᠷᠢᠯ ᠢ ᠲᠤᠭᠳᠠᠭᠠᠨ᠂ ᠦᠨᠳᠦᠰᠦᠨ ᠱᠠᠳᠤᠨ ᠤ ᠨᠠᠮ ᠤᠨ ᠭᠡᠰᠢᠬᠦᠳ ᠤᠨ ᠤᠯᠤᠰ ᠲᠦᠷᠦ ᠶᠢᠨ ᠤᠬᠠᠮᠰᠠᠷ ᠪᠠ ᠨᠠᠮᠴᠢ ᠴᠢᠨᠠᠷ ᠤᠨ ᠬᠡᠪ ᠪᠤᠯᠪᠠᠰᠤᠷᠠᠯ ᠢ ᠦᠨᠡᠨᠬᠦ ᠲᠡᠭᠡᠭᠰᠢᠯᠡᠬᠦᠯᠬᠦ ᠭᠡᠷᠡᠭᠳᠡᠢ᠃  ᠭᠠᠴᠠᠭ᠎ᠠ ᠲᠤᠰᠬᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠷᠢᠮᠵᠢᠶᠠᠵᠢᠭᠰᠠᠨ  ᠠᠵᠢᠯᠯᠠᠭᠠᠨ ᠤ ᠲᠤᠭᠳᠠᠴᠠ ᠶᠢ ᠪᠦᠷᠢᠨᠰᠢᠬᠦᠯᠦᠨ ᠲᠡᠬᠦᠯᠳᠡᠷᠵᠢᠬᠦᠯᠵᠦ᠂ ︽ᠭᠤᠷᠪᠠᠨ ᠬᠤᠷᠠᠯ ᠨᠢᠬᠡ ᠬᠢᠴᠢᠶᠡᠯ︾᠂  ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ᠂  ᠨᠠᠮ ᠢ ᠭᠡᠰᠢᠬᠦᠳ ᠢ ᠠᠷᠠᠳᠴᠢᠯᠠᠯ ᠢᠶᠠᠷ ᠦᠨᠡᠯᠡᠬᠦ  ᠵᠡᠷᠭᠡ  ᠦᠨᠳᠦᠰᠦᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠦᠨᠳᠦᠰᠦᠨ ᠵᠤᠬᠢᠶᠠᠨ ᠪᠠᠶᠢᠭᠤᠯᠤᠯᠳᠠ ᠶᠢ ᠰᠠᠶᠢᠳᠤᠷ ᠠᠳᠬᠤᠨ᠂  ᠦᠨᠳᠦᠰᠦᠨ ᠲᠦᠷᠢᠮ ᠲᠤᠭᠳᠠᠭᠠᠯ ᠢ ᠨᠢᠮᠪᠠᠢ ᠨᠠᠶᠢᠳᠠᠪᠤᠷᠢᠵᠢᠭᠤᠯᠵᠤ᠂  ᠦᠨᠳᠦᠰᠦᠨ ᠬᠦᠳᠡᠯᠪᠦᠷᠢ ᠠᠵᠢᠯᠯᠠᠭ᠎ᠠ ᠶᠢ  ᠰᠠᠶᠢᠨ ᠠᠳᠬᠤᠵᠤ᠂  ᠦᠨᠳᠦᠰᠦᠨ ᠰᠠᠭᠤᠷᠢᠨ ᠭᠠᠵᠠᠷ ᠢ ᠤᠯᠠᠮ  ᠰᠢᠯᠢᠳᠡᠭᠵᠢᠬᠦᠯᠦᠨ᠂  ᠦᠨᠳᠦᠰᠦᠨ ᠪᠠᠳᠤᠯᠠᠭ᠎ᠠ ᠶᠢ ᠤᠯᠠᠮ ᠪᠠᠬᠢᠵᠢᠬᠦᠯᠵᠦ᠂  ᠭᠠᠴᠠᠭ᠎ᠠ ᠲᠤᠰᠬᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭ᠎ᠠ ᠲᠤᠳᠤᠷᠬᠠᠢ᠂  ᠤᠳᠤᠷᠢᠳᠤᠯᠭ᠎ᠠ ᠡᠷᠴᠢᠮᠳᠡᠢ᠂  ᠠᠵᠢᠯ ᠲᠢᠭᠯᠡᠮ ᠲᠠᠢ ᠪᠠᠶᠢᠬᠤ ᠶᠢ ᠪᠠᠳᠤᠯᠠᠬᠤ ᠭᠡᠷᠡᠭᠳᠡᠢ᠃ ᠲᠡᠭᠡᠳᠦ ᠱᠠᠳᠤᠨ ᠤ ᠱᠠᠭᠠᠷᠳᠠᠯᠭ᠎ᠠ ᠶᠤᠰᠤᠭᠠᠷ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠨᠢ  ᠡᠯ᠎ᠡ ᠲᠦᠷᠦᠯ ᠤᠨ ᠠᠵᠢᠯ   ᠤᠨ ᠠᠬᠢᠵᠤ ᠨᠠᠶᠢᠳᠠᠪᠤᠷᠢᠵᠢᠬᠤ ᠶᠢ ᠵᠤᠬᠢᠴᠠᠭᠤᠯᠤᠨ ᠰᠠᠶᠢᠨ ᠬᠢᠵᠦ᠂  ᠬᠠᠪᠰᠤᠷᠤᠨ ᠲᠡᠳᠬᠦᠬᠦ ᠨᠢᠬᠡᠴᠡ ᠪᠠ ᠬᠠᠪᠰᠤᠷᠤᠨ ᠲᠡᠳᠬᠦᠬᠦ ᠠᠵᠢᠯᠳᠠᠳ ᠬᠠᠪᠰᠤᠷᠤᠨ ᠲᠡᠳᠬᠦᠬᠦ ᠦᠢᠯᠡᠳᠦᠯ ᠢᠶᠠᠨ ᠪᠠᠳᠠᠷᠠᠭᠤᠯᠤᠨ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ  ᠡᠯ᠎ᠡ ᠲᠦᠷᠦᠯ ᠤᠨ ᠠᠵᠢᠯ ᠢᠶᠠᠨ  ᠰᠠᠨᠠᠭ᠎ᠠ ᠲᠠᠯᠪᠢᠨ ᠰᠠᠶᠢᠨ ᠬᠢᠵᠦ᠂  ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ  ᠠᠮᠵᠢᠯᠳᠠ ᠪᠦᠳᠦᠮᠵᠢ ᠶᠢ ᠪᠠᠳᠤᠳᠬᠠᠬᠤ ᠪᠠ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号