ᠲᠠᠶᠢᠹᠤᠰᠧ ᠬᠤᠰᠢᠭᠤ᠄  ᠴᠢᠨᠡᠭᠡᠯᠢᠭᠵᠢᠯ ᠤᠨ ᠵᠠᠮ ᠢ ᠦᠷᠭᠡᠳᠭᠡᠭᠰᠡᠨ ︽ᠨᠢᠬᠡ ᠮᠤ᠋ ᠲᠦᠮᠦᠰᠦ︾
ᠨᠡᠶᠢᠲᠡᠯᠡᠭᠰᠡᠨ ᠴᠠᠭ᠄
2020/4/21
   ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠳᠡ ᠶᠢ ᠠᠬᠢᠭᠤᠯᠵᠤ᠂   ᠶᠠᠳᠠᠭᠤ ᠬᠦᠴᠢᠷᠳᠡᠯᠳᠡᠢ ᠡᠷᠦᠬᠡ   ᠶᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠵᠤ ᠴᠢᠨᠡᠭᠡᠯᠢᠭᠵᠢᠬᠦᠯᠬᠦ ᠶᠢᠨ ᠲᠦᠯᠦᠬᠡ᠂ ᠲᠠᠶᠢᠹᠤᠰᠧ ᠬᠤᠰᠢᠭᠤ ᠶᠠᠳᠠᠭᠤ ᠬᠦᠴᠢᠷᠳᠡᠯᠳᠡᠢ ᠡᠷᠦᠬᠡ   ᠶᠢ ᠵᠢᠯᠤᠭᠤᠳᠤᠨ ᠬᠦᠷᠢᠶ᠎ᠡ ᠬᠠᠰᠢᠶᠠᠨ ᠤ ᠠᠵᠤ ᠠᠬᠤᠢ ᠶᠢ  ᠬᠦᠭᠵᠢᠬᠦᠯᠵᠦ᠂  ︽ᠨᠢᠬᠡ ᠮᠤ᠋ ᠲᠦᠮᠦᠰᠦ︾ ᠪᠠᠷ ᠶᠠᠳᠠᠭᠤ ᠶᠢ ᠲᠡᠳᠬᠦᠬᠦ ᠲᠤᠭᠳᠠᠴᠠ ᠶᠢ ᠪᠠᠶᠢᠭᠤᠯᠤᠨ᠂ ᠬᠦᠷᠢᠶ᠎ᠡ  ᠬᠠᠰᠢᠶ᠎ᠠ ᠪᠠᠨ ᠠᠰᠢᠭᠯᠠᠨ ᠲᠦᠮᠦᠰᠦ ᠲᠠᠷᠢᠬᠤ ᠠᠵᠢᠯ ᠢ ᠢᠳᠡᠪᠬᠢᠳᠡᠢ ᠦᠷᠨᠢᠬᠦᠯᠵᠦ ᠢᠷᠡᠭᠰᠡᠨ ᠪᠠᠶᠢᠨ᠎ᠠ᠃  4 ᠰᠠᠷ᠎ᠠ ᠶᠢᠨ 16 ᠤ ᠡᠳᠦᠷ᠂  ᠦᠪᠦᠷ ᠮᠤᠩᠭᠤᠯ ᠤᠨ ᠲᠠᠶᠢᠹᠤᠰᠧ ᠬᠤᠰᠢᠭᠤᠨ ᠤ  ᠢ ᠶᠤᠸᠠᠨ ᠲᠠᠷᠢᠶᠠᠯᠠᠩ ᠤᠨ ᠬᠢᠵᠠᠭᠠᠷᠳᠤ ᠺᠤᠮᠫᠠᠨᠢ ᠶᠢᠨ ᠬᠢᠨ ᠵᠤᠭᠤᠷᠢᠯᠠᠵᠤ ᠬᠠᠳᠠᠭᠠᠯᠠᠭᠰᠠᠨ ᠦᠷ᠎ᠡ ᠶᠢᠨ ᠲᠦᠮᠦᠰᠦ ᠪᠠᠨ ᠭᠠᠷᠭᠠᠨ ᠠᠪᠴᠤ  ᠠᠴᠢᠶᠠᠨ ᠤ ᠮᠠᠰᠢᠨ ᠳᠤ ᠲᠡᠭᠡᠭᠡᠭᠡᠳ ᠶᠠᠳᠠᠭᠤ ᠬᠦᠴᠢᠷᠳᠡᠯᠳᠡᠢ ᠡᠷᠦᠬᠡ ᠶᠢᠨ ᠳᠤ ᠬᠦᠷᠭᠡᠵᠦ ᠡᠬᠢᠯᠡᠪᠡ᠃  ᠤᠶᠢᠯᠠᠭᠠᠭᠰᠠᠨ ᠢᠶᠠᠷ᠂  ︽ᠨᠢᠬᠡ ᠮᠤ᠋ ᠲᠦᠮᠦᠰᠦ ︾ ᠪᠠᠷ ᠶᠠᠳᠠᠭᠤ ᠶᠢ ᠲᠡᠳᠬᠦᠬᠦ ᠲᠤᠭᠳᠠᠴᠠ   ᠨᠢ ︽ᠵᠠᠰᠠᠭ ᠤᠨ ᠤᠷᠳᠤᠨ + ᠺᠤᠮᠫᠠᠨᠢ + ᠶᠠᠳᠠᠭᠤ ᠬᠦᠴᠢᠷᠳᠡᠯᠳᠡᠢ ᠡᠷᠦᠬᠡ︾   ᠶᠢᠨ ᠡᠵᠡᠩᠨᠡᠨ ᠬᠠᠮᠢᠶᠠᠷᠬᠤ ᠭᠡᠯᠪᠡᠷᠢ ᠪᠠᠷ ᠶᠠᠪᠤᠭᠳᠠᠵᠤ᠂  ᠪᠦᠬᠦ ᠬᠤᠰᠢᠭᠤᠨ ᠤ ᠬᠡᠪᠴᠢᠶᠡᠨ ᠳᠤ ᠤᠷᠭᠠᠨᠢᠭ ᠲᠦᠮᠦᠰᠦ ᠲᠠᠷᠢᠬᠤ ᠳᠤ ᠲᠤᠬᠢᠷᠠᠮᠵᠢᠳᠠᠢ ᠶᠠᠳᠠᠭᠤ ᠬᠦᠴᠢᠷᠳᠡᠯᠳᠡᠢ ᠡᠷᠦᠬᠡ ᠶᠢ ᠰᠤᠩᠭᠤᠨ᠂ ᠡᠷᠦᠬᠡ ᠪᠦᠷᠢ ᠨᠢᠬᠡ ᠮᠤ᠋  ᠲᠦᠮᠦᠰᠦ ᠲᠠᠷᠢᠵᠤ᠂ ᠢ ᠶᠤᠸᠠᠨ ᠲᠠᠷᠢᠶᠠᠯᠠᠩ ᠤᠨ ᠬᠢᠵᠠᠭᠠᠷᠳᠤ ᠺᠤᠮᠫᠠᠨᠢ ᠲᠠᠢ ᠭᠡᠷ᠎ᠡ  ᠲᠤᠭᠳᠠᠭᠰᠠᠨ ᠤ ᠲᠠᠷᠠᠭ᠎ᠠ᠂  ᠺᠤᠮᠫᠠᠨᠢ ᠠᠴᠠ ᠡᠷᠦᠬᠡ ᠶᠢ ᠬᠠᠪᠰᠤᠷᠤᠨ ᠲᠠᠷᠢᠵᠤ ᠠᠷᠠᠴᠢᠯᠠᠬᠤ ᠬᠠᠮᠢᠶᠠᠷᠤᠯᠳᠠ ᠬᠢᠵᠦ᠂ ᠬᠠᠮᠤᠭ ᠡᠴᠦᠰ  ᠲᠤ ᠲᠠᠷᠢᠭᠰᠠᠨ ᠲᠦᠮᠦᠰᠦ ᠶᠢ ᠺᠤᠮᠫᠠᠨᠢ ᠠᠴᠠ ᠨᠢᠬᠡᠳᠦᠯᠳᠡᠢ ᠬᠤᠳᠠᠯᠳᠤᠨ ᠠᠪᠴᠤ᠂  ᠰᠦᠯᠵᠢᠶ᠎ᠡ ᠪᠠᠷ ᠲᠠᠮᠵᠢᠨ  ᠪᠤᠷᠤᠯᠠᠭᠤᠯᠳᠠᠭ᠃ ᠡᠨᠡ ᠬᠦ᠋ ᠬᠡᠯᠪᠡᠷᠢ ᠪᠠᠷ  ᠲᠠᠮᠵᠢᠭᠠᠳ᠂ ᠶᠠᠳᠠᠭᠤ ᠬᠦᠴᠢᠷᠳᠡᠯᠳᠡᠢ ᠡᠷᠦᠬᠡ ᠨᠢ ᠬᠦᠯᠦᠰᠦᠨ ᠤ ᠠᠵᠢᠯ   ᠳᠤ ᠭᠠᠷᠬᠤ ᠪᠠᠨ ᠰᠠᠭᠠᠳᠠᠭᠠᠬᠤ ᠦᠬᠡᠢ ᠮᠦᠷᠳᠡᠭᠡᠨ ᠭᠡᠷ   ᠤᠨ ᠢᠶᠠᠨ ᠡᠮᠦᠨ᠎ᠡ ᠬᠤᠶᠢᠨᠠᠬᠢ ᠰᠤᠯᠠ ᠰᠡᠯᠡᠬᠦᠦ ᠬᠦᠷᠢᠶ᠎ᠠ ᠬᠠᠰᠢᠶ᠎ᠠ ᠶᠢ ᠠᠰᠢᠭᠯᠠᠵᠤ ᠲᠦᠮᠦᠰᠦ ᠲᠠᠷᠢᠭᠠᠳ ᠠᠰᠢᠭ ᠤᠷᠤᠯᠭ᠎ᠠ ᠪᠠᠨ ᠨᠡᠮᠡᠭᠳᠡᠬᠦᠯᠬᠦ ᠪᠤᠯᠵᠠᠢ᠃ 2017  ᠳᠤ ︽ᠨᠢᠬᠡ ᠮᠤ᠋ ᠲᠦᠮᠦᠰᠦ︾  ᠲᠠᠷᠢᠵᠤ ᠡᠬᠢᠯᠡᠭᠰᠡᠨ   ᠠᠴᠠ ᠠᠪᠤᠭᠠᠳ᠂ 2020 ᠤᠨ ᠬᠦᠷᠬᠦ ᠳᠤ  ᠨᠡᠶᠢᠳᠡ 1000 ᠭᠠᠷᠤᠢ ᠶᠠᠳᠠᠭᠤ ᠬᠦᠴᠢᠷᠳᠡᠯᠳᠡᠢ ᠡᠷᠦᠬᠡ ᠡᠨᠡ  ᠬᠦ᠋ ᠠᠰᠢᠭ ᠰᠠᠶᠢᠳᠠᠢ ᠠᠵᠢᠯᠯᠠᠭ᠎ᠠ ᠳᠤ   ᠤᠷᠤᠯᠴᠠᠨ᠂   ᠨᠢᠬᠡ ᠮᠤ᠋ ᠲᠠᠷᠢᠶᠠᠨ ᠠᠴᠠ ᠪᠠᠨ ᠵᠢᠯ ᠳᠤ 2000 — 3000 ᠲᠦᠬᠦᠷᠢᠭ   ᠤᠨ ᠤᠷᠤᠯᠭ᠎ᠠ ᠤᠯᠵᠤ ᠪᠠᠶᠢᠨ᠎ᠠ᠃  ᠨᠠᠮᠤᠷ ᠤᠨ ᠬᠤᠷᠢᠶᠠᠯᠳᠠ ᠶᠢᠨ ᠦᠶ᠎ᠡ ᠳᠤ᠂  ᠺᠤᠮᠫᠠᠨᠢ ᠶᠢᠨ   ᠬᠢᠨ ᠵᠢᠩ  ᠪᠦᠷᠢ  ᠬᠠᠮᠤᠭ ᠬᠢᠮᠳᠠ ᠳᠠᠭᠠᠨ 1 ᠲᠦᠬᠦᠷᠢᠭ ᠤᠨ ᠦᠨ᠎ᠡ ᠪᠠᠷ  ᠲᠦᠮᠦᠰᠦ ᠶᠢ ᠬᠤᠳᠠᠯᠳᠤᠨ ᠠᠪᠴᠤ᠂  ᠰᠢᠯᠭᠠᠨ ᠪᠠᠶᠢᠴᠠᠭᠠᠭᠠᠳ  ᠪᠠᠷᠢᠮᠵᠢᠶ᠎ᠠ ᠳᠤ ᠬᠦᠷᠪᠡᠯ ᠵᠠᠬ᠎ᠠ ᠵᠡᠬᠡᠯᠢ ᠳᠤ ᠭᠠᠷᠭᠠᠳᠠᠭ᠃  ︽ ᠨᠢᠬᠡ ᠮᠤ᠋ ᠲᠦᠮᠦᠰᠦ︾ ᠶᠢᠨ ᠢᠶᠠᠨ ᠴᠢᠨᠠᠷ ᠢ ᠪᠠᠳᠤᠯᠠᠬᠤ ᠶᠢᠨ ᠲᠦᠯᠦᠬᠡ᠂ ᠺᠤᠮᠫᠠᠨᠢ ᠠᠴᠠ ᠪᠤᠬᠢᠷᠳᠤᠯ ᠦᠬᠡᠢ ᠲᠠᠷᠢᠵᠤ ᠠᠷᠠᠴᠢᠯᠠᠬᠤ   ᠶᠢ ᠤᠨᠴᠠ ᠱᠠᠭᠠᠷᠳᠠᠵᠤ᠂   ᠬᠢᠮᠢ ᠶᠢᠨ ᠪᠤᠷᠳᠤᠭᠤᠷ᠂  ᠲᠠᠷᠢᠶᠠᠨ ᠡᠮ᠂ ᠤᠷᠭᠤᠯᠳᠠ   ᠳᠤ ᠲᠤᠰᠠᠳᠠᠢ ᠡᠮᠳᠦ ᠪᠤᠳᠠᠰ ᠭᠡᠷᠡᠭᠯᠡᠬᠦ ᠶᠢ  ᠴᠠᠭᠠᠵᠠᠯᠠᠳᠠᠭ ᠪᠠᠶᠢᠨ᠎ᠠ᠃  ᠡᠨᠡ ᠵᠢᠯ  ᠂ ᠲᠤᠰ ᠬᠤᠰᠢᠭᠤ ᠨᠢ ᠪᠠᠰᠠ 320 ᠡᠷᠦᠬᠡ ᠶᠢ ᠲᠠᠶᠢᠴᠢᠯᠠᠨ ᠤᠷᠭᠠᠨᠢᠭ ᠲᠦᠮᠦᠰᠦ  ᠲᠠᠷᠢᠭᠤᠯᠵᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠬᠦᠴᠦᠨ ᠨᠡᠮᠡᠷᠢᠯᠡᠵᠦ᠂ ︽ᠨᠢᠬᠡ ᠮᠤ᠋ ᠲᠦᠮᠦᠰᠦ︾   ᠪᠠᠷ ᠲᠠᠷᠢᠶᠠᠴᠢᠳ ᠤᠨ ᠴᠢᠨᠡᠭᠡᠯᠢᠭᠵᠢᠯ ᠢ ᠠᠬᠢᠭᠤᠯᠬᠤ ᠴᠢᠬᠤᠯᠠ ᠨᠢᠬᠡᠨ ᠠᠷᠭ᠎ᠠ ᠵᠠᠮ ᠪᠤᠯᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号