ᠲᠠᠶᠢᠹᠤᠰᠧ ᠬᠤᠰᠢᠭᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-22
    4 ᠰᠠᠷ᠎ᠠ ᠶᠢᠨ 17 ᠤ ᠡᠳᠦᠷ᠂  ᠲᠠᠶᠢᠹᠤᠰᠧ ᠬᠤᠰᠢᠭᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠠᠵᠢᠯ ᠤᠨ  ᠬᠤᠷᠠᠯ ᠬᠤᠷᠠᠯᠳᠤᠭᠤᠯᠵᠤ᠂ ᠡᠯ᠎ᠡ ᠱᠠᠳᠤᠨ ᠤ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠬᠤᠰᠢᠭᠤᠨ ᠤ ᠪᠠᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠳᠠᠯ ᠳᠤ ᠵᠠᠳᠠᠯᠤᠯᠳᠠ ᠬᠢᠵᠦ᠂  ᠬᠤᠰᠢᠭᠤ ᠲᠠᠶᠠᠭᠠᠷ  ᠨᠡᠩ ᠦᠨᠳᠦᠷ ᠵᠤᠭᠰᠤᠴᠠ᠂ ᠨᠡᠩ  ᠴᠢᠩᠭ᠎ᠠ ᠢᠳᠡᠭᠡᠯ ᠵᠤᠷᠢᠭ᠂ ᠨᠡᠩ ᠪᠤᠳᠠᠳᠠᠢ ᠠᠷᠭ᠎ᠠ ᠪᠠᠷᠢᠯ  ᠢᠶᠠᠷ  ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠪᠦᠬᠦ ᠲᠠᠯ᠎ᠠ ᠪᠠᠷ ᠴᠢᠩᠭᠠᠳᠬᠠᠨ᠂  ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠵᠤ᠂ ᠪᠦᠬᠦ ᠬᠤᠰᠢᠭᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠵᠤ ᠰᠢᠨ᠎ᠡ ᠱᠠᠳᠤᠨ ᠳᠤ ᠭᠠᠷᠭᠠᠬᠤ ᠭᠡᠷᠡᠭᠳᠡᠢ ᠭᠡᠵᠦ ᠲᠠᠶᠢᠴᠢᠯᠠᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂  ᠬᠤᠰᠢᠭᠤ ᠲᠠᠶᠠᠭᠠᠷ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠦᠨ᠂ ᠪᠠᠶᠢᠳᠠᠯ ᠢ ᠲᠤᠳᠤᠷᠬᠠᠢ ᠲᠠᠨᠢᠵᠤ᠂  ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ  ᠤᠯᠬᠤ ᠬᠠᠷᠢᠭᠤᠴᠠᠯᠭᠠᠳᠤ ᠰᠡᠳᠬᠢᠯᠬᠡ᠂ ᠪᠠᠴᠢᠮ ᠲᠤᠯᠭᠠᠮ᠎ᠠ ᠰᠡᠳᠬᠢᠯᠬᠡ ᠪᠠᠨ ᠤᠯᠠᠮ ᠨᠢᠬᠡ ᠠᠯᠬᠤᠮ ᠴᠢᠩᠭᠠᠷᠠᠭᠤᠯᠤᠨ᠂  ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠬᠦᠨᠵᠡᠬᠡᠢ ᠦᠢᠯᠡᠳᠦᠯᠬᠡᠵᠢᠬᠦᠯᠵᠦ᠂  ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠬᠢᠭᠡᠳ ᠠᠮᠢ ᠠᠬᠤᠢ ᠤᠷᠴᠢᠨ ᠲᠤᠭᠤᠷᠢᠨ ᠤ ᠦᠨᠳᠦᠷ ᠲᠦᠪᠰᠢᠨ ᠤ ᠬᠠᠮᠠᠭᠠᠯᠠᠯᠳᠠ ᠶᠢ ᠵᠡᠷᠭᠡ ᠪᠠᠷ ᠠᠬᠢᠭᠤᠯᠤᠨ᠂  ᠰᠢᠨ᠎ᠡ ᠴᠠᠭ ᠦᠶ᠎ᠡ ᠶᠢᠨ ᠪᠤᠬᠢᠷᠳᠤᠯ ᠦᠬᠡᠢ ᠬᠦᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠡᠷᠡᠭᠳᠡᠢ᠃ ᠪᠠᠶᠢᠯᠳᠤᠬᠤ ᠪᠤᠳᠤᠯᠭ᠎ᠠ  ᠶᠢᠨ ᠲᠤᠭᠳᠠᠯ ᠬᠦᠴᠦᠨ ᠢ ᠪᠠᠳᠤᠯᠠᠵᠤ᠂ ᠠᠮᠢ ᠠᠬᠤᠢ ᠪᠠᠷ ᠤᠷᠢᠳᠠᠯ ᠪᠤᠯᠭᠠᠬᠤ᠂  ᠪᠤᠬᠢᠷᠳᠤᠯ ᠦᠬᠡᠢ ᠬᠦᠭᠵᠢᠬᠦᠯᠬᠦ  ᠪᠠᠷ  ᠴᠢᠭᠯᠡᠯ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠭᠤᠶᠢᠪᠢᠰᠢ ᠦᠬᠡᠢ  ᠵᠠᠮᠨᠠᠵᠤ᠂  ᠠᠮᠢ ᠠᠬᠤᠢ ᠶᠢᠨ ᠤᠷᠤᠨ ᠵᠠᠢ ᠶᠢᠨ ᠰᠢᠨ᠎ᠡ ᠬᠡᠪ ᠪᠠᠶᠢᠳᠠᠯ ᠢ ᠢᠳᠡᠪᠬᠢᠳᠡᠢ ᠡᠬᠦᠳᠦᠨ᠂  ᠪᠤᠬᠢᠷᠳᠤᠯ ᠦᠬᠡᠢ  ᠠᠵᠤ ᠠᠬᠤᠢ  ᠶᠢᠨ ᠰᠢᠨ᠎ᠡ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠢ ᠶᠢᠨ ᠵᠠᠰᠠᠯᠳᠠ ᠶᠢᠨ ᠰᠢᠨ᠎ᠡ ᠦᠯᠢᠬᠡᠷ ᠭᠡᠪ ᠢ ᠪᠤᠢ ᠪᠤᠯᠭᠠᠨ  ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠨ᠎ᠡ ᠦᠷ᠎ᠡ  ᠪᠦᠳᠦᠮᠵᠢ ᠶᠢ ᠤᠯᠵᠤ᠂  ᠠᠮᠢ ᠠᠬᠤᠢ ᠶᠢᠨ ᠪᠤᠯᠪᠠᠰᠤᠨ ᠤ ᠰᠢᠨ᠎ᠡ ᠪᠠᠶᠢᠭᠤᠯᠤᠯ ᠢ ᠴᠤᠭᠴᠠᠯᠠᠨ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠲᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠵᠦ᠂  ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠰᠠᠶᠢᠳᠤᠷ ᠠᠳᠬᠤᠨ ᠂  ᠠᠮᠢ ᠠᠬᠤᠢ ᠶᠢᠨ ᠪᠤᠯᠪᠠᠰᠤᠨ ᠤ ᠶᠢᠨ ᠰᠢᠨ᠎ᠡ ᠪᠠᠶᠢᠳᠠᠯ ᠢ ᠡᠬᠦᠳᠬᠦ ᠪᠠᠷ ᠴᠢᠷᠮᠠᠶᠢᠬᠤ ᠭᠡᠷᠡᠭᠳᠡᠢ᠃  ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠨ ᠬᠢᠵᠦ᠂ ᠡᠯ᠎ᠡ ᠱᠠᠳᠤᠨ ᠤ  ᠱᠠᠭᠠᠷᠳᠠᠨ ᠪᠠᠶᠢᠴᠠᠭᠠᠯᠳᠠ ᠳᠤ ᠲᠤᠰᠬᠠᠭᠰᠠᠨ ᠰᠠᠨᠠᠯ ᠶᠤᠰᠤᠭᠠᠷ ᠰᠠᠶᠢᠳᠤᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠨ ᠬᠢᠬᠦ  ᠶᠢᠨ ᠬᠠᠮᠳᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾  ᠤᠨ ᠲᠦᠯᠦᠪᠵᠢᠬᠦᠯᠬᠡ ᠶᠢ ᠪᠡᠶᠡᠯᠡᠬᠦᠯᠬᠦ  ᠡᠬᠦᠷᠭᠡ ᠬᠠᠷᠠᠯᠳᠠ ᠲᠠᠢ ᠬᠠᠷᠢᠴᠠᠭᠤᠯᠵᠤ᠂  ᠠᠮᠢ ᠠᠬᠤᠢ ᠤᠷᠴᠢᠨ ᠲᠤᠭᠤᠷᠢᠨ ᠤ ᠠᠵᠢᠯ ᠤᠨ ᠲᠤᠳᠠᠭᠤᠳᠠᠯ ᠪᠠ ᠪᠠᠭᠤᠷᠠᠢ ᠵᠦᠢᠯ ᠢᠶᠠᠨ ᠨᠦᠬᠦᠪᠦᠷᠢᠯᠡᠵᠦ᠂  ᠴᠡᠭᠴᠡᠯᠡᠯᠳᠡ ᠰᠠᠶᠢᠵᠢᠷᠠᠭᠤᠯᠤᠯᠳᠠ ᠶᠢ ᠨᠢᠬᠡᠳᠦᠯᠳᠡᠢ ᠲᠦᠯᠦᠪᠯᠡᠨ  ᠰᠠᠶᠢᠳᠤᠷ ᠠᠳᠬᠤᠵᠤ᠂ ᠪᠦᠬᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠪᠤᠬᠢᠷᠳᠤᠯ ᠦᠬᠡᠢ ᠬᠦᠭᠵᠢᠯ ᠮᠠᠨᠳᠤᠯ ᠢ ᠪᠡᠶᠡᠯᠡᠬᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠭᠡᠷᠡᠭᠳᠡᠢ ᠬᠡᠵᠦ ᠱᠠᠭᠠᠷᠳᠠᠪᠠ᠃      ᠬᠤᠷᠠᠯ ᠲᠡᠭᠡᠷ᠎ᠡ᠂  ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ  ᠠᠴᠠ ᠪᠦᠬᠦ ᠬᠤᠰᠢᠭᠤᠨ ᠤ ᠠᠭᠠᠷ  ᠂ ᠤᠰᠤ᠂   ᠬᠦᠷᠦᠰᠦᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠴᠡᠭᠴᠡᠯᠡᠨ ᠰᠠᠶᠢᠵᠢᠷᠠᠭᠤᠯᠬᠤ ᠠᠵᠢᠯ ᠡᠬᠦᠷᠭᠡ ᠶᠢᠨ ᠶᠠᠪᠤᠭᠳᠠᠭᠰᠠᠨ ᠠᠬᠢᠴᠠ ᠶᠢ ᠨᠡᠶᠢᠳᠡᠯᠡᠵᠦ᠂  ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂  ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠠᠴᠠ ᠲᠤᠰ ᠲᠤᠰ ᠤᠨ ᠠᠵᠢᠯ ᠡᠬᠦᠷᠭᠡ ᠲᠠᠢ ᠪᠠᠨ ᠤᠶᠠᠯᠳᠤᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠪᠠ ᠴᠡᠭᠴᠡᠯᠡᠨ ᠰᠠᠶᠢᠵᠢᠷᠠᠭᠤᠯᠬᠤ ᠠᠵᠢᠯ ᠡᠬᠦᠷᠭᠡ ᠶᠢᠨ ᠲᠤᠭᠤᠷᠢᠨ ᠳᠤ  ᠶᠠᠷᠢᠶ᠎ᠠ ᠢᠯᠡᠳᠭᠡᠯ ᠬᠢᠭᠰᠡᠨ ᠪᠠᠶᠢᠨ᠎ᠠ᠃ ᠡᠯ᠎ᠡ ᠰᠤᠮᠤ ᠰᠢᠶᠠᠩ  ᠪᠠᠯᠭᠠᠰᠤ ᠪᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号