ᠲᠠᠶᠢᠹᠤᠰᠧ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ  ᠤᠨ 2020 ᠤᠨ ᠤ  ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-22
 4 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤ ᠨᠢ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ   ᠤᠨ 2020 ᠤᠨ ᠤ 1 ᠳ᠋ᠤᠭᠡᠷ ᠤᠳᠠᠭᠠᠨ ᠤ ᠬᠤᠷᠠᠯ ᠵᠢᠴᠢ ᠪᠦᠬᠦ ᠬᠤᠰᠢᠭᠤᠨ ᠤ ᠶᠠᠳᠠᠭᠤ  ᠶᠢ ᠳᠡᠳᠬᠦᠵᠦ ᠨᠡᠭᠡᠭᠡᠨ ᠬᠦᠭᠵᠢᠬᠦᠯᠬᠦ ᠤᠳᠤᠷᠢᠳᠬᠤ ᠲᠤᠭᠤᠶᠢᠯᠠᠩ ᠤᠨ ᠬᠤᠷᠠᠯ ᠵᠢᠴᠢ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠦᠷ᠎ᠡ ᠪᠦᠳᠦᠮᠵᠢ ᠶᠢ ᠬᠢᠨᠠᠨ ᠰᠢᠯᠭᠠᠬᠤ ᠳᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠯᠳᠠ ᠶᠢ ᠲᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠪᠠ᠃
     ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂  ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ  ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂   ᠲᠤᠪᠤᠶᠢᠮ᠎ᠠ ᠠᠰᠠᠭᠤᠳᠠᠯ ᠲᠡᠭᠡᠷ᠎ᠡ ᠠᠩᠬᠠᠷᠤᠯ  ᠢᠶᠠᠨ ᠲᠦᠪᠯᠡᠷᠡᠬᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠪᠤᠭᠤᠮᠳᠠ ᠰᠢᠪᠳᠤᠯᠬᠤ ᠠᠵᠢᠯ ᠤᠨ ᠦᠷ᠎ᠡ  ᠪᠦᠳᠦᠮᠵᠢ ᠶᠢ ᠲᠡᠭᠡᠭᠰᠢᠯᠡᠬᠦᠯᠬᠦ ᠭᠡᠷᠡᠭᠳᠡᠢ᠃  ᠦᠨᠦᠳᠦᠷ ᠠᠴᠠ ᠡᠬᠢᠯᠡᠨ ᠰᠠᠷ᠎ᠠ  ᠤᠷᠴᠢᠮ ᠤᠨ ᠬᠤᠭᠤᠴᠠᠭ᠎ᠠ ᠭᠡᠷᠡᠭᠰᠡᠵᠦ ᠪᠠᠶᠢᠭᠠᠳ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠭᠡ ᠪᠠᠶᠢᠴᠠᠭᠠᠯᠳᠠ  ᠳᠤ ᠨᠢᠬᠡᠨ ᠤᠳᠠᠭᠠᠨ ᠤ ︽ᠡᠷᠬᠢᠨ ᠬᠠᠷᠠᠬᠤ︾  ᠠᠵᠢᠯᠯᠠᠭ᠎ᠠ ᠶᠢ ᠬᠦᠨᠵᠡᠬᠡᠢ ᠪᠦᠬᠡᠳ ᠨᠠᠷᠢᠯᠢᠭ ᠦᠷᠨᠢᠬᠦᠯᠵᠦ᠂ ᠰᠤᠮᠤ ᠰᠢᠶᠠᠩ ᠪᠠᠯᠭᠠᠰᠤ ᠪᠠᠷ ᠭᠤᠤᠯ ᠴᠤᠭᠴᠠ ᠪᠤᠯᠭᠠᠨ᠂  ᠪᠠᠰᠠ ᠨᠢᠬᠡ ᠤᠳᠠᠭᠠᠨ ᠤ ᠪᠦᠬᠦ ᠲᠠᠯ᠎ᠠ ᠶᠢᠨ ᠰᠢᠰᠲ᠋ᠧᠮ ᠲᠠᠢ ᠨᠠᠶᠢᠴᠠᠭᠠᠨ ᠡᠮᠬᠢᠳᠬᠡᠬᠦ ᠠᠵᠢᠯ ᠢ ᠬᠢᠵᠦ᠂  ᠤᠷᠤᠰᠢᠵᠤ ᠪᠠᠶᠢᠭ᠎ᠠ ᠠᠰᠠᠭᠤᠳᠠᠯ ᠢ ᠨᠢᠬᠡ ᠶᠢ ᠴᠤ ᠭᠡᠭᠡᠭᠳᠡᠬᠦᠯᠬᠦ ᠦᠬᠡᠢ ᠪᠠᠷ ᠡᠷᠢᠨ ᠭᠠᠷᠭᠠᠬᠤ ᠭᠡᠷᠡᠭᠳᠡᠢ᠃   ᠡᠯ᠎ᠡ ᠰᠤᠮᠤ ᠰᠢᠶᠠᠩ ᠪᠠᠯᠭᠠᠰᠤ  ᠂ ᠡᠯ᠎ᠡ ᠰᠠᠯᠠᠭ᠎ᠠ ᠮᠦᠴᠢᠷ  ᠪᠤᠯᠤᠨ ᠡᠯ᠎ᠡ ᠱᠠᠳᠤᠨ ᠤ ᠶᠠᠳᠠᠭᠤ ᠶᠢ ᠳᠡᠳᠬᠦᠬᠦ ᠺᠠᠳᠠᠷᠴᠤᠳ ᠡᠷᠭᠡᠪᠰᠢ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠲᠤᠬᠠᠢ ᠰᠤᠷᠤᠯᠴᠠᠯᠭ᠎ᠠ ᠤᠶᠢᠯᠠᠭᠠᠯᠳᠠ ᠪᠠᠨ ᠦᠷᠬᠦᠯᠵᠢᠯᠡᠨ ᠴᠢᠩᠭᠠᠳᠬᠠᠵᠤ᠂  ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ   ᠳᠤ ᠨᠡᠪᠳᠡᠷᠡᠭᠰᠡᠨ᠂ ᠶᠠᠳᠠᠭᠤ ᠠᠴᠠ ᠠᠩᠬᠢᠵᠢᠷᠠᠭᠤᠯᠬᠤ  ᠠᠵᠢᠯ ᠤᠨ ᠴᠢᠳᠠᠮᠠᠭᠠᠢ ᠭᠠᠷ ᠪᠤᠯᠬᠤ ᠪᠠᠷ ᠴᠢᠷᠮᠠᠶᠢᠵᠤ᠂ ᠲᠦᠷᠦ ᠶᠢᠨ ᠪᠤᠳᠤᠯᠭ᠎ᠠ   ᠶᠢᠨ ᠤᠨᠢᠨ ᠲᠡᠭᠡᠷ᠎ᠡ ᠪᠠᠨ ᠨᠠᠶᠢᠳᠠᠪᠤᠷᠢᠵᠢᠵᠤ᠂  ᠤᠷᠢᠳᠴᠢᠯᠠᠭᠰᠠᠨ ᠬᠠᠷᠠᠯᠳᠠ ᠳᠠᠭᠠᠨ ᠬᠦᠷᠬᠦ ᠶᠢ ᠪᠠᠳᠤᠯᠠᠬᠤ ᠭᠡᠷᠡᠭᠳᠡᠢ᠃  ᠠᠵᠢᠯ  ᠤᠨ ᠰᠤᠷᠳᠠᠯ ᠢᠶᠠᠨ ᠦᠨᠡᠨᠬᠦ ᠰᠠᠶᠢᠵᠢᠷᠠᠭᠤᠯᠵᠤ᠂  ᠴᠢᠩᠭ᠎ᠠ ᠬᠦᠨᠵᠡᠬᠡᠢ ᠨᠠᠷᠢᠯᠢᠭ ᠪᠤᠳᠠᠳᠠᠢ ᠪᠠᠶᠢᠬᠤ ᠱᠠᠭᠠᠷᠳᠠᠯᠭ᠎ᠠ ᠶᠢ ᠪᠠᠳᠤ ᠡᠵᠡᠮᠳᠡᠨ᠂  ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠲᠡᠪᠴᠢᠵᠦ᠂  ᠡᠯ᠎ᠡ ᠲᠦᠷᠦᠯ ᠤᠨ ᠠᠵᠢᠯ ᠢ ᠡᠷᠴᠢᠮᠳᠡᠢ ᠪᠦᠬᠡᠳ ᠨᠠᠷᠢᠯᠢᠭ ᠬᠢᠬᠦ ᠭᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃
     ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ ᠴᠢᠬᠤᠯᠠᠴᠢᠯᠠᠬᠤ  ᠳᠠᠭᠠᠨ᠂  ︽ ᠬᠤᠶᠠᠷ ᠲᠤ ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠤᠯ ᠰᠢᠢᠳᠪᠦᠷᠢᠳᠦ ᠲᠠᠶᠢᠯᠠᠯᠳᠤᠭᠠᠨ ᠤ  ᠵᠠᠩᠭᠢᠯᠠᠭ᠎ᠠ ᠶᠢᠨ ᠭᠤᠭᠴᠤᠭ᠎ᠠ  ᠪᠤᠯᠬᠤᠷ ᠬᠤᠰᠢᠭᠤ ᠲᠠᠶᠠᠭᠠᠷ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠨ᠂ ︽ ᠬᠤᠶᠠᠷ ᠲᠤ ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ᠦᠨᠳᠦᠰᠦᠨ ᠱᠠᠭᠠᠷᠳᠠᠯᠭ᠎ᠠ ᠶᠢ ᠡᠷᠡᠰ ᠵᠢᠷᠤᠮᠯᠠᠵᠤ᠂  ᠵᠦᠷᠢᠶ᠎ᠡ ᠲᠤᠳᠠᠭᠳᠠᠯ  ᠢᠶᠠᠨ ᠨᠦᠬᠦᠨ᠂ ᠪᠠᠭᠤᠷᠠᠢ ᠲᠠᠯ᠎ᠠ ᠪᠠᠨ ᠬᠦᠴᠦᠷᠭᠡᠭᠵᠢᠬᠦᠯᠵᠦ᠂ ᠵᠠᠩᠭᠢᠯᠠᠭ᠎ᠠ ᠶᠢᠨ ᠵᠦᠢᠯ ᠢ ᠰᠠᠶᠢᠳᠤᠷ ᠨᠠᠶᠢᠳᠠᠪᠤᠷᠢᠵᠢᠭᠤᠯᠤᠨ᠂ ᠠᠰᠠᠭᠤᠳᠠᠯ ᠭᠠᠷᠬᠤ ᠦᠬᠡᠢ ᠶᠢ ᠪᠠᠳᠤᠯᠠᠬᠤ ᠭᠡᠷᠡᠭᠳᠡᠢ᠃  ᠲᠠᠩᠰᠠ ᠡᠪᠬᠡᠮᠡᠯ ᠢ ᠤᠯᠠᠮ ᠰᠠᠶᠢᠨ ᠡᠮᠬᠢᠳᠬᠡᠨ  ᠲᠡᠬᠦᠯᠳᠡᠷᠵᠢᠬᠦᠯᠵᠦ᠂  ᠡᠨᠡ  ᠤᠳᠠᠭᠠᠨ ᠤ ︽ᠡᠷᠬᠢᠨ ᠬᠠᠷᠠᠬᠤ︾  ᠠᠵᠢᠯ ᠢᠶᠠᠷ ᠲᠠᠮᠵᠢᠭᠠᠳ ᠲᠠᠷᠤᠢ ᠲᠦᠷᠭᠡᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠲᠠᠩᠰᠠᠯᠠᠨ ᠵᠢᠬᠰᠠᠭᠠᠵᠤ᠂  ᠮᠡᠳᠡᠭᠡ ᠵᠠᠩᠬᠢ ᠶᠢ  ᠪᠦᠷᠢᠨᠰᠢᠬᠦᠯᠬᠦ ᠭᠡᠷᠡᠭᠳᠡᠢ᠃  ᠡᠨᠡ  ᠤᠳᠠᠭ᠎ᠠ ︽ᠡᠷᠬᠢᠨ ᠬᠠᠷᠠᠬᠤ︾   ᠳᠠᠭᠠᠨ ᠪᠦᠬᠦ ᠬᠤᠰᠢᠭᠤᠨ ᠤ 8092 ᠶᠠᠳᠠᠭᠤ ᠬᠦᠴᠢᠷᠳᠡᠯᠳᠡᠢ ᠡᠷᠦᠬᠡ ᠶᠢ ᠦᠯᠡᠳᠡᠭᠡᠯ ᠦᠬᠡᠢ ᠨᠢᠬᠡ ᠤᠳᠠᠭ᠎ᠠ ᠲᠤᠭᠤᠷᠢᠵᠤ᠂   ︽ ᠬᠤᠶᠠᠷ ᠲᠤ ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ᠦᠨᠡᠭᠡᠷ ᠨᠠᠶᠢᠳᠠᠪᠤᠷᠢᠵᠢᠭᠰᠠᠨ ᠡᠰᠡᠬᠦ ᠶᠢ  ᠲᠠᠬᠢᠨᠳᠠ ᠪᠠᠶᠢᠴᠠᠭᠠᠬᠤ ᠭᠡᠷᠡᠭᠳᠡᠢ᠃ ᠰᠤᠮᠤ ᠰᠢᠶᠠᠩ ᠪᠠᠯᠭᠠᠰᠤ ᠪᠠᠷ  ᠨᠢᠬᠡᠴᠡᠯᠡᠵᠦ  ᠂ ᠬᠠᠪᠰᠤᠷᠤᠨ ᠲᠡᠳᠬᠦᠬᠦ ᠠᠵᠢᠯᠳᠠᠳ ᠲᠤ ᠪᠤᠯᠪᠠᠰᠤᠷᠠᠯ ᠡᠷᠬᠢᠯᠡᠨ᠂ ᠪᠦᠬᠦ ᠬᠤᠰᠢᠭᠤᠨ ᠤ 1875 ᠨᠡᠷ᠎ᠡ ᠬᠠᠪᠰᠤᠷᠤᠨ ᠲᠡᠳᠬᠦᠬᠦ ᠠᠵᠢᠯᠳᠠᠨ ᠳᠤ ᠡᠨᠡ  ᠤᠳᠠᠭᠠᠨ ᠤ ︽ᠡᠷᠬᠢᠨ ᠬᠠᠷᠠᠬᠤ︾  ᠭᠤᠤᠯ ᠡᠬᠦᠷᠭᠡ ᠶᠢ ᠲᠤᠳᠤᠷᠬᠠᠢ  ᠲᠠᠨᠢᠭᠤᠯᠵᠤ᠂  ᠪᠠᠶᠢᠴᠠᠭᠠᠯᠳᠠ ᠶᠢᠨ ᠬᠡᠪᠴᠢᠶ᠎ᠡ᠂ ᠠᠭᠤᠯᠭ᠎ᠠ᠂ ᠱᠠᠭᠠᠷᠳᠠᠯᠭ᠎ᠠ᠂ ᠪᠠᠷᠢᠮᠵᠢᠶ᠎ᠠ ᠶᠢ ᠤᠨᠤᠪᠴᠢᠳᠠᠢ ᠡᠵᠡᠮᠰᠢᠬᠦᠯᠦᠨ᠂  ᠠᠵᠢᠯ ᠤᠨ ᠦᠷ᠎ᠡ ᠪᠦᠳᠦᠮᠵᠢ ᠶᠢ ᠪᠠᠳᠤᠯᠠᠬᠤ ᠭᠡᠷᠡᠭᠳᠡᠢ᠃ ᠬᠠᠪᠰᠤᠷᠤᠨ ᠲᠡᠳᠬᠦᠬᠦ ᠠᠵᠢᠯᠳᠠᠨ ᠪᠠᠶᠢᠴᠠᠭᠠᠵᠤ ᠪᠠᠷᠠᠭᠰᠠᠨ ᠤ ᠲᠠᠷᠠᠭ᠎ᠠ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ ᠲᠠᠬᠢᠨᠳᠠ ᠬᠠᠷᠭᠤᠭᠤᠯᠤᠨ ᠪᠠᠶᠢᠴᠠᠭᠠᠵᠤ᠂  ᠲᠤᠳᠤᠷ᠎ᠠ ᠪᠠᠨ ᠲᠤᠭ᠎ᠠ ᠲᠠᠢ ᠪᠠᠶᠢᠬᠤ ᠭᠡᠷᠡᠭᠳᠡᠢ ᠭᠡᠪᠡ᠃       ᠬᠤᠷᠠᠯ ᠲᠡᠭᠡᠷ᠎ᠡ᠂  ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠬᠠᠷᠢᠭᠤᠴᠠᠯᠭᠠᠳᠠᠨ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ  ᠯᠢ ᠱᠤᠤ ᠴᠦᠨ ᠨᠦᠬᠦᠷ ᠤᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠢᠯᠡᠷᠡᠬᠦᠯᠦᠭᠰᠡᠨ ᠠᠰᠠᠭᠤᠳᠠᠯ ᠪᠠ ᠦᠪᠡᠷᠳᠡᠭᠡᠨ ᠪᠠᠶᠢᠴᠠᠭᠠᠵᠤ ᠢᠯᠡᠷᠡᠬᠦᠯᠦᠭᠰᠡᠨ ᠨᠡᠶᠢᠳᠡᠴᠢ ᠴᠢᠨᠠᠷᠳᠠᠢ ᠠᠰᠠᠭᠤᠳᠠᠯ ᠢ  ᠤᠯᠠᠨ ᠳᠤ ᠨᠡᠶᠢᠳᠡᠯᠡᠭᠰᠡᠨ ᠪᠦᠬᠡᠳ  ︽ᠡᠷᠬᠢᠨ ᠬᠠᠷᠠᠬᠤ︾ ᠠᠵᠢᠯ ᠤᠨ ᠲᠦᠰᠦᠪ ᠪᠠ  ︽ᠡᠷᠬᠢᠨ ᠬᠠᠷᠠᠬᠤ︾ ᠪᠠᠶᠢᠴᠠᠭᠠᠯᠳᠠ ᠶᠢᠨ ᠠᠭᠤᠯᠭ᠎ᠠ ᠶᠢ ᠤᠩᠰᠢᠨ  ᠨᠡᠶᠢᠳᠡᠯᠡᠵᠡᠢ᠃
       ᠶᠠᠩ ᠶᠢᠨ ᠮᠢᠩ᠂  ᠯᠢ ᠵᠠᠨ ᠷᠦᠢ᠂  ᠭᠤᠤ ᠯᠢᠶᠠᠩ᠂  ᠸᠠᠩ ᠸᠧᠢ ᠬᠤᠩ᠂  ᠵᠤᠤ ᠵᠢᠶᠠᠨ ᠳ᠋ᠦᠩ  ᠂ ᠯᠢ ᠴᠦᠨ ᠭᠤᠸᠠᠩ  ᠵᠡᠷᠭᠡ ᠬᠤᠰᠢᠭᠤᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂  ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ   ᠤᠨ  ᠭᠡᠰᠢᠬᠦᠨ ᠨᠢᠬᠡᠴᠡ ᠶᠢᠨ  ᠬᠠᠷᠢᠭᠤᠴᠠᠯᠭᠠᠳᠠᠳ᠂ 176  ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ  ᠶᠢᠨ ᠲᠠᠷᠤᠭ᠎ᠠ ᠲᠤᠰ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号