ᠢᠳᠡᠰᠢᠨ ᠨᠣᠭᠤᠭ᠎ᠠ ᠳᠤ ᠲᠦᠷᠦᠯ ᠬᠤᠪᠢᠶᠠᠵᠤ ᠪᠣᠷᠳᠤᠭᠤᠷ ᠣᠷᠤᠭᠤᠯᠬᠤ ᠮᠡᠷᠭᠡᠵᠢᠯ
ᠨᠡᠶᠢᠲᠡᠯᠡᠭᠰᠡᠨ ᠴᠠᠭ᠄
2020/4/26
     1. ᠨᠠᠪᠴᠢᠲᠤ ᠨᠣᠭᠤᠭ᠎ᠠ ᠶᠢᠨ ᠲᠥᠷᠥᠯ᠄ ᠨᠠᠪᠴᠢᠲᠤ ᠨᠣᠭᠤᠭ᠎ᠠ ᠶᠢᠨ ᠲᠥᠷᠥᠯ ᠳᠤ ᠭᠤᠤᠯᠳᠠᠭᠤ ᠴᠠᠭᠠᠨ ᠨᠣᠭᠤᠭ᠎ᠠ᠂ ᠬᠥᠬᠡ ᠨᠣᠭᠤᠭ᠎ᠠ᠂ ᠥᠷᠭᠡᠰᠦᠲᠦ ᠨᠣᠭᠤᠭ᠎ᠠ᠂ ᠤᠯᠠᠭᠠᠨ ᠰᠠᠷᠪᠠᠯᠵᠢ ᠵᠡᠷᠭᠡ ᠪᠣᠢ᠃ ᠨᠠᠪᠴᠢᠲᠤ ᠨᠣᠭᠤᠭ᠎ᠠ ᠶᠢᠨ ᠲᠥᠷᠥᠯ ᠳᠤ ᠪᠣᠷᠳᠣᠭᠤᠷ ᠣᠷᠣᠭᠤᠯᠬᠤ ᠳᠤ ᠠᠽᠣᠲ ᠪᠣᠷᠳᠣᠭᠤᠷ ᠢᠶᠠᠷ ᠭᠤᠤᠯ ᠪᠣᠯᠭᠠᠳᠠᠭ᠂ ᠭᠡᠪᠡᠴᠦ ᠤᠷᠭᠤᠯᠲᠠ ᠶᠢᠨ ᠭᠤᠣᠯ ᠬᠤᠭᠤᠴᠠᠭ᠎ᠠ ᠳᠤ ᠠᠽᠣᠲ ᠪᠣᠷᠳᠣᠭᠤᠷ ᠣᠷᠣᠭᠤᠯᠬᠤ ᠶᠢᠨ ᠬᠠᠮᠲᠤ ᠪᠠᠰᠠ ᠹᠣᠰᠹᠣᠷ᠂ ᠺᠠᠯᠢ ᠪᠣᠷᠳᠣᠭᠤᠷ ᠨᠡᠮᠡᠵᠦ ᠣᠷᠣᠭᠤᠯᠬᠤ ᠬᠡᠷᠡᠭᠲᠡᠶ᠃ ᠵᠢᠱᠢᠶᠡᠯᠡᠪᠡᠯ ᠲᠣᠮᠣ ᠴᠠᠭᠠᠨ ᠨᠣᠭᠤᠭ᠎ᠠ ᠵᠠᠶᠢᠯᠠᠵᠤ ᠪᠤᠶᠢᠵᠢᠭᠤᠯᠬᠤ ᠳᠤ ᠂ ᠡᠰᠢᠯᠡᠬᠦ ᠬᠤᠭᠤᠴᠠᠭ᠎ᠠ ᠪᠠ ᠭᠤᠣᠯᠯᠠᠬᠤ ᠠᠴᠠ ᠡᠮᠦᠨ᠎ᠡ ᠬᠤᠶᠠᠷ ᠤᠳᠠᠭ᠎ᠠ ᠪᠣᠷᠳᠣᠭᠤᠷ ᠣᠷᠤᠭᠤᠯᠬᠤ ᠨᠢ ᠡᠯᠪᠡᠭ ᠬᠤᠷᠢᠶᠠᠯᠲᠠ ᠶᠢᠨ ᠵᠠᠩᠭᠢᠯᠠᠭ᠎ᠠ ᠪᠣᠯᠤᠨ᠎ᠠ᠃ ᠬᠡᠷᠪᠡ ᠤᠷᠭᠤᠯᠲᠠ ᠶᠢᠨ ᠬᠤᠭᠤᠴᠠᠭᠠᠨ ᠳᠤ ᠠᠽᠣᠲ ᠪᠣᠷᠳᠣᠭᠤᠷ ᠤᠨ ᠬᠠᠩᠭᠠᠯᠭ᠎ᠠ ᠬᠦᠷᠦᠯᠴᠡᠬᠦ ᠦᠭᠡᠢ ᠪᠣᠯ ᠪᠡᠶ᠎ᠡ ᠪᠠᠷ ᠪᠣᠭᠤᠨᠢ᠂ ᠨᠡᠬᠡᠳᠡᠰᠦ ᠨᠢ ᠪᠦᠳᠦᠭᠦᠨ ᠬᠠᠲᠠᠭᠤ᠂ ᠬᠠᠪᠤᠷ ᠤᠨ ᠤᠯᠠᠷᠢᠯ ᠳᠤ ᠵᠠᠶᠢᠯᠠᠵᠤ ᠣᠷᠭᠤᠭᠤᠯᠤᠭᠰᠠᠨ ᠨᠠᠪᠴᠢᠲᠤ ᠨᠣᠭᠤᠭ᠎ᠠ ᠨᠢ ᠪᠠᠰᠠ ᠡᠷᠲᠡ ᠭᠤᠣᠯ ᠰᠤᠭᠤᠷᠠᠳᠠᠭ᠃ ᠬᠡᠷᠪᠡ ᠪᠥᠮᠪᠥᠭᠡᠯᠢᠭ ᠨᠠᠪᠴᠢᠲᠤ ᠨᠣᠭᠤᠭ᠎ᠠ ᠶᠢᠨ ᠰᠡᠭᠦᠯᠴᠢ ᠶᠢᠨ ᠬᠤᠭᠤᠴᠠᠭ᠎ᠠ ᠳᠤ ᠹᠣᠰᠹᠣᠷ᠂ ᠺᠠᠯᠢ ᠪᠣᠷᠳᠣᠭᠤᠷ ᠬᠦᠷᠦᠯᠴᠡᠬᠦ ᠦᠭᠡᠢ ᠪᠣᠯ ᠪᠦᠮᠪᠦᠭᠡᠯᠢᠭ ᠪᠠᠷᠢᠯᠳᠤᠬᠤ ᠦᠭᠡᠢ ᠪᠣᠯᠳᠠᠭ᠃ 2. ᠵᠢᠮᠢᠰᠲᠦ ᠨᠣᠭᠤᠭ᠎ᠠ ᠶᠢᠨ ᠲᠥᠷᠥᠯ᠄ ᠵᠢᠮᠢᠰᠲᠦ ᠨᠣᠭᠤᠭ᠎ᠠ ᠶᠢᠨ ᠲᠥᠷᠥᠯ ᠳᠤ ᠭᠤᠸᠠ ᠶᠢᠨ ᠲᠥᠷᠥᠯ᠂ ᠬᠠᠰᠢ ᠶᠢᠨ ᠲᠥᠷᠥᠯ ᠪᠠ ᠪᠤᠷᠴᠠᠭ ᠤᠨ ᠲᠥᠷᠥᠯ ᠪᠠᠭᠲᠠᠨ᠎ᠠ᠂ ᠢᠳᠡᠵᠦ ᠭᠡᠷᠡᠭᠯᠡᠬᠦ ᠬᠡᠰᠡᠭ ᠨᠢ ᠪᠦᠷ ᠦᠷᠡᠵᠢᠯ ᠤᠨ ᠬᠡᠰᠡᠭ ᠪᠣᠯᠤᠨ᠎ᠠ᠃ ᠡᠩ ᠤᠨ ᠪᠠᠶᠢᠳᠠᠯ ᠳᠤ ᠨᠢᠯᠬ᠎ᠠ ᠴᠢᠬᠢ ᠶᠢᠨ ᠬᠡᠷᠡᠭᠰᠡᠬᠦ ᠠᠽᠣᠲ ᠪᠣᠷᠳᠣᠭᠤᠷ ᠤᠨ ᠬᠡᠮᠵᠢᠶ᠎ᠡ ᠨᠢ ᠨᠡᠯᠢᠶᠡᠳ ᠠᠷᠪᠢᠨ ᠪᠣᠯᠪᠠᠴᠤ ᠠᠽᠣᠲ ᠪᠣᠷᠳᠣᠭᠤᠷ ᠢ ᠬᠡᠲᠦᠷᠬᠡᠶ ᠠᠷᠪᠢᠨ ᠣᠷᠣᠭᠤᠯᠪᠠᠯ ᠵᠦᠪᠬᠡᠨ ᠤᠷᠭᠤᠯᠲᠠ ᠨᠢ ᠴᠢᠩᠭᠠᠷᠠᠵᠤ᠂ ᠴᠡᠴᠡᠭ ᠳᠡᠯᠭᠡᠷᠡᠵᠦ ᠵᠢᠮᠢᠰ ᠰᠠᠭᠤᠬᠤ ᠬᠤᠭᠤᠴᠠᠭ᠎ᠠ ᠶᠢ ᠤᠷᠲᠤᠳᠬᠠᠵᠤ᠂ ᠴᠡᠴᠡᠭ ᠨᠢ ᠵᠣᠯᠭᠠᠷᠠᠵᠤ ᠵᠢᠮᠢᠰ ᠨᠢ ᠤᠨᠠᠳᠠᠭ᠃ ᠦᠰᠦᠯᠲᠡ ᠤᠷᠭᠤᠯᠲᠠ ᠶᠢᠨ ᠬᠤᠭᠤᠴᠠᠭᠠᠨ ᠳᠤ ᠹᠣᠰᠹᠣᠷ ᠪᠣᠷᠳᠣᠭᠤᠷ ᠤᠨ ᠬᠡᠮᠵᠢᠶ᠎ᠡ ᠶᠢ ᠨᠡᠮᠡᠭᠳᠡᠭᠦᠯᠵᠦ᠂ ᠠᠽᠣᠲ ᠪᠣᠷᠳᠣᠭᠤᠷ ᠤᠨ ᠬᠡᠮᠵᠢᠶ᠎ᠡ ᠶᠢ ᠪᠠᠭ᠎ᠠ ᠪᠠᠭᠠᠰᠤᠨ᠎ᠠ᠂ ᠡᠶᠢᠮᠦ ᠠᠴᠠ ᠹᠣᠰᠹᠣᠷ᠂ ᠺᠠᠯᠢ ᠶᠢᠨ ᠪᠣᠷᠳᠣᠭᠤᠷ ᠢ ᠨᠡᠮᠡᠵᠦ ᠣᠷᠣᠭᠤᠯᠵᠤ᠂ ᠠᠽᠣᠲ ᠪᠣᠷᠳᠣᠭᠤᠷ ᠤ ᠬᠡᠮᠵᠢᠶ᠎ᠡ ᠶᠢ ᠬᠢᠵᠠᠭᠠᠷᠯᠠᠨ᠎ᠠ᠃ ᠥᠷᠭᠡᠰᠦᠲᠦ ᠬᠡᠮᠬᠡ ᠵᠢᠮᠢᠰ ᠰᠠᠭᠤᠭᠰᠠᠨ ᠤ ᠳᠠᠷᠠᠭ᠎ᠠ᠂ ᠳᠠᠬᠢᠨ ᠪᠣᠷᠳᠤᠭᠤᠷ ᠤᠷᠤᠭᠤᠯᠵᠤ᠂ ᠨᠢᠭᠡ ᠪᠦᠯᠦᠭ ᠵᠢᠮᠢᠰ ᠰᠠᠭᠤᠬᠤ ᠪᠦᠷᠢ ᠨᠢᠭᠡ ᠤᠳᠠᠭ᠎ᠠ ᠤᠰᠤᠨ ᠪᠣᠷᠳᠣᠭᠤᠷ ᠨᠥᠬᠦᠬᠦ ᠬᠡᠷᠡᠭᠲᠡᠶ᠃ 3. ᠦᠨᠳᠦᠰᠦᠯᠢᠭ ᠨᠣᠭᠤᠭ᠎ᠠ ᠶᠢᠨ ᠲᠥᠷᠥᠯ᠄ ᠦᠨᠳᠦᠰᠦᠯᠢᠭ ᠨᠣᠭᠤᠭ᠎ᠠ ᠶᠢᠨ ᠲᠥᠷᠥᠯ ᠳᠤ ᠭᠤᠣᠯᠳᠠᠭᠤ ᠯᠤᠤᠪᠠᠩ᠂ ᠬᠤ᠋ ᠯᠤᠤᠪᠠᠩ ᠵᠡᠷᠭᠡ ᠪᠠᠶᠢᠵᠤ᠂ ᠢᠳᠡᠵᠦ ᠬᠡᠷᠡᠭᠯᠡᠬᠦ ᠬᠡᠰᠡᠭ ᠨᠢ ᠮᠢᠬᠠᠨ ᠦᠨᠳᠦᠰᠦ ᠪᠣᠯᠤᠨ᠎ᠠ᠃ ᠦᠨᠳᠦᠰᠦᠯᠢᠭ ᠨᠣᠭᠤᠭ᠎ᠠ ᠶᠢᠨ ᠤᠷᠭᠤᠯᠲᠠ ᠶᠢᠨ ᠡᠬᠢᠨ ᠤ ᠬᠤᠭᠤᠴᠠᠭᠠᠨ ᠳᠤ ᠠᠽᠣᠲ ᠪᠣᠷᠳᠣᠭᠤᠷ ᠢ ᠢᠯᠡᠭᠦᠬᠡᠨ ᠣᠷᠣᠭᠤᠯᠵᠤ᠂ ᠲᠣᠮᠤ ᠪᠦᠭᠡᠳ ᠨᠣᠭᠤᠭᠠᠨ ᠨᠠᠪᠴᠢ ᠶᠢ ᠪᠦᠷᠢᠯᠳᠦᠭᠦᠯᠦᠨ᠎ᠡ᠃ ᠥᠰᠥᠯᠲᠡ ᠶᠢᠨ ᠳᠤᠮᠳᠠ ᠰᠡᠭᠦᠯᠴᠢ ᠶᠢᠨ ᠬᠤᠭᠤᠴᠠᠭ᠎ᠠ ︵ᠮᠢᠬᠠᠯᠢᠭ ᠦᠨᠳᠦᠰᠦ ᠶᠢᠨ ᠤᠷᠭᠤᠯᠲᠠ ᠶᠢᠨ ᠬᠤᠭᠤᠴᠠᠭ᠎ᠠ︶ ᠳᠤ ᠺᠠᠯᠢ ᠪᠣᠷᠳᠣᠭᠤᠷ ᠢ ᠢᠯᠡᠭᠦᠬᠡᠨ ᠣᠷᠣᠭᠤᠯᠵᠤ᠂ ᠠᠽᠣᠲ ᠪᠣᠷᠳᠣᠭᠤᠷ ᠢ ᠵᠣᠬᠢᠰᠲᠠᠶ ᠬᠢᠵᠠᠭᠠᠷᠯᠠᠵᠤ᠂ ᠨᠠᠪᠴᠢᠨ ᠤ ᠢᠵᠢᠯᠢᠰᠢᠭᠦᠯᠬᠦ ᠪᠣᠳᠠᠰ ᠢ ᠦᠨᠳᠦᠰᠦᠨ ᠳᠤ ᠨᠢ ᠬᠦᠷᠭᠡᠬᠦ ᠶᠢ ᠠᠬᠢᠭᠤᠯᠵᠤ᠂ ᠲᠤᠮᠤ ᠮᠢᠬᠠᠯᠢᠭ ᠦᠨᠳᠦᠰᠦ ᠪᠦᠷᠢᠯᠳᠦᠬᠦ ᠶᠢ ᠠᠬᠢᠭᠤᠯᠤᠨ᠎ᠠ᠃ ᠬᠡᠷᠪᠡ ᠦᠨᠳᠦᠰᠦᠯᠢᠭ ᠨᠣᠭᠤᠭ᠎ᠠ ᠶᠢᠨ ᠤᠷᠭᠤᠯᠲᠠ ᠶᠢᠨ ᠰᠡᠭᠦᠯᠴᠢ ᠶᠢᠨ ᠬᠤᠭᠤᠴᠠᠭᠠᠨ ᠳᠤ ᠠᠽᠣᠲ ᠪᠣᠷᠳᠣᠭᠤᠷ ᠠᠷᠪᠢᠳᠤᠭᠠᠳ ᠺᠠᠯᠢ ᠪᠣᠷᠳᠣᠭᠤᠷ ᠬᠦᠷᠦᠯᠴᠡᠬᠦ ᠦᠭᠡᠢ ᠪᠣᠯᠪᠠᠯ᠂ ᠭᠠᠵᠠᠷ ᠳᠡᠭᠡᠷᠡᠬᠢ ᠬᠡᠰᠡᠭ ᠨᠢ ᠤᠷᠭᠤᠯᠲᠠ ᠰᠠᠶᠢᠨ ᠪᠣᠯᠵᠤ᠂ ᠦᠨᠳᠦᠰᠦ ᠶᠢᠨ ᠤᠷᠭᠤᠯᠲᠠ ᠨᠢ ᠤᠳᠠᠭᠠᠰᠢᠷᠠᠵᠤ᠂ ᠦᠨᠳᠦᠰᠦ ᠨᠢ ᠨᠠᠷᠢᠨ ᠵᠢᠵᠢᠭ ᠪᠣᠯᠵᠤ᠂ ᠤᠨᠠᠯᠲᠠ ᠨᠢ ᠪᠠᠭᠠᠰᠴᠤ᠂ ᠶᠠᠰᠤ ᠴᠢᠨᠠᠷ ᠨᠢ ᠮᠠᠭᠤᠳᠠᠳᠠᠭ᠃ ᠲᠥᠬᠦᠭᠡᠷᠦᠮᠵᠢ ᠳᠤ ᠲᠠᠷᠢᠵᠤ ᠣᠷᠭᠤᠭᠤᠯᠤᠭᠰᠠᠨ ᠢᠳᠡᠰᠢᠨ ᠨᠣᠭᠤᠭ᠎ᠠ ᠳᠤ ᠣᠷᠭᠠᠨᠢᠭ ᠪᠣᠷᠳᠣᠭᠤᠷ ᠢᠯᠡᠭᠦᠬᠡᠨ ᠣᠷᠣᠭᠤᠯᠪᠠᠯ ᠵᠣᠬᠢᠨ᠎ᠠ᠃ ᠤᠴᠢᠷ ᠨᠢ ᠬᠦᠯᠡᠮᠵᠢ ᠵᠡᠷᠭᠡ ᠬᠠᠮᠠᠭᠠᠯᠠᠯᠲᠠ ᠶᠢᠨ ᠭᠠᠵᠠᠷ ᠤᠨ ᠢᠳᠡᠰᠢᠨ ᠨᠣᠭᠤᠭ᠎ᠠ ᠨᠢ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠠᠴᠠ ᠨᠢᠭᠡᠴᠢ ᠲᠠᠯᠠᠪᠠᠢ ᠶᠢᠨ ᠪᠣᠷᠳᠣᠭᠤᠷ ᠣᠷᠣᠭᠤᠯᠬᠤ ᠬᠡᠮᠵᠢᠶ᠎ᠡ ᠨᠢ ᠬᠤᠯᠠ ᠶᠡᠭᠡ ᠪᠥᠭᠡᠳ ᠪᠣᠷᠣᠭᠠᠨ ᠤ ᠤᠰᠤᠨ ᠳᠤ ᠤᠰᠤᠯᠠᠭᠳᠠᠭᠰᠠᠨ ᠦᠭᠡᠢ ᠠᠴᠠ ᠪᠣᠯᠵᠤ᠂ ᠣᠷᠤᠭᠤᠯᠤᠭᠰᠠᠨ ᠪᠣᠷᠳᠣᠭᠤᠷ ᠤᠨ ᠶᠡᠬᠡᠩᠬᠢ ᠬᠡᠰᠡᠭ ᠨᠢ ᠬᠥᠷᠥᠰᠥ ᠰᠢᠷᠣᠶ ᠳᠤ ᠦᠯᠡᠳᠡᠵᠦ᠂ ᠬᠥᠷᠥᠰᠥᠨ ᠳᠠᠬᠢ ᠰᠢᠮ᠎ᠡ ᠲᠡᠵᠢᠭᠡᠯ ᠤᠨ ᠥᠳᠬᠡᠴᠡ ᠨᠢ ᠬᠡᠲᠦ ᠥᠨᠳᠥᠷ ᠪᠣᠯᠵᠤ᠂ ᠦᠨᠳᠦᠰᠦᠨ ᠰᠢᠰᠲ᠋ᠧᠮ ᠤᠨ ᠰᠢᠮ᠎ᠡ ᠲᠡᠵᠢᠭᠡᠯ ᠰᠢᠩᠭᠡᠭᠡᠨ ᠠᠪᠬᠤ ᠶᠢ ᠬᠠᠷᠰᠢᠯᠠᠳᠠᠭ ᠪᠣᠯᠬᠤᠷ ᠬᠠᠮᠠᠭᠠᠯᠠᠯᠲᠠ ᠶᠢᠨ ᠭᠠᠵᠠᠷ ᠲᠤ ᠢᠳᠡᠰᠢᠨ ᠨᠣᠭᠤᠭ᠎ᠠ ᠲᠠᠷᠢᠬᠤ ᠳᠠᠭᠠᠨ ᠡᠮᠦᠨ᠎ᠡ ᠣᠷᠤᠭᠤᠯᠤᠭᠰᠠᠨ ᠪᠣᠷᠳᠣᠭᠤᠷ ᠤᠨ ᠢᠶᠠᠨ ᠦᠢᠯᠡᠳᠦᠯ ᠢ ᠭᠦᠢᠴᠡᠳ ᠪᠣᠳᠣᠯᠬᠢᠯᠠᠵᠤ᠂ ᠣᠷᠭᠠᠨᠢᠭ ᠪᠣᠷᠳᠣᠭᠤᠷ ᠢ ᠢᠯᠡᠭᠦᠬᠡᠨ ᠣᠷᠣᠭᠤᠯᠵᠤ᠂ ᠬᠢᠮᠢ ᠶᠢᠨ ᠪᠣᠷᠳᠣᠭᠤᠷ ᠢ ᠵᠣᠬᠢᠬᠤ ᠬᠡᠮᠵᠢᠶ᠎ᠡ ᠪᠠᠷ ᠪᠠᠭ᠎ᠠ ᠣᠷᠣᠭᠤᠯᠵᠤ᠂ ᠳᠠᠪᠤᠰᠤᠨ ᠤ ᠲᠥᠷᠥᠯ ᠤᠨ ᠬᠤᠷᠠᠮᠳᠤᠯ ᠠᠴᠠ ᠪᠣᠯᠵᠤ ᠬᠤᠶᠢᠨ᠎ᠠ ᠳᠠᠷᠢᠭᠰᠠᠨ ᠢᠳᠡᠰᠢᠨ ᠨᠣᠭᠤᠭ᠎ᠠ ᠶᠢᠨ ᠬᠤᠬᠢᠷᠠᠯ ᠪᠣᠯᠬᠤ ᠠᠴᠠ ᠰᠡᠷᠭᠡᠶᠢᠯᠡᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号