ᠲᠠᠶᠢᠹᠤᠰᠧ ᠬᠤᠰᠢᠭᠤᠨ ᠤ ᠵᠤᠬᠢᠶᠠᠨ ᠪᠠᠶᠢᠭᠤᠯᠬᠤ ᠭᠡᠯᠳᠡᠰ ᠨᠠᠮ ᠤᠨ ᠡᠬᠦᠷ ᠤᠨ ᠬᠤᠭᠤᠴᠠᠭ᠎ᠠ ᠰᠤᠯᠢᠬᠤ ᠰᠤᠩᠭᠤᠭᠤᠯᠢ ᠬᠢᠪᠡ
ᠨᠡᠶᠢᠲᠡᠯᠡᠭᠰᠡᠨ ᠴᠠᠭ᠄
2020-04-03
  ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ︾᠂  ︽ᠲᠤᠮᠳᠠᠳᠤ ᠤᠯᠤᠰ ᠤᠨ ᠡᠪ ᠬᠠᠮᠳᠤ ᠨᠠᠮ  ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠤᠩᠭᠤᠭᠤᠯᠢ ᠶᠢᠨ ᠠᠵᠢᠯ ᠤᠨ ᠲᠦᠷ ᠭᠡᠷᠡᠭᠵᠢᠬᠦᠯᠬᠦ ᠲᠦᠷᠢᠮ︾ ᠢ ᠦᠨᠳᠦᠰᠦᠯᠡᠨ᠂  ᠬᠤᠰᠢᠭᠤᠨ ᠤ ᠪᠠᠶᠢᠭᠤᠯᠭ᠎ᠠ ᠨᠢᠬᠡᠴᠡ ᠶᠢᠨ ᠨᠠᠮ ᠤᠨ ᠠᠵᠢᠯ ᠤᠨ ᠵᠦᠪᠯᠡᠯ ᠤᠨ ᠵᠦᠪᠰᠢᠶᠡᠷᠡᠯ ᠢ ᠤᠯᠤᠭᠰᠠᠨ ᠰᠠᠭᠤᠷᠢᠨ ᠲᠡᠭᠡᠷ᠎ᠡ᠂  ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ 3 ᠰᠠᠷ᠎ᠠ ᠶᠢᠨ 31 ᠤ ᠡᠳᠦᠷ  ᠨᠠᠮ ᠤᠨ ᠡᠬᠦᠷ ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠶᠡᠭᠡ ᠬᠤᠷᠠᠯ ᠬᠤᠷᠠᠯᠳᠤᠭᠤᠯᠵᠤ᠂  ᠨᠠᠮ ᠤᠨ ᠡᠬᠦᠷ ᠤᠨ ᠬᠤᠭᠤᠴᠠᠭ᠎ᠠ ᠰᠤᠯᠢᠬᠤ ᠰᠤᠩᠭᠤᠭᠤᠯᠢ ᠬᠢᠭᠰᠡᠨ ᠪᠠᠶᠢᠨ᠎ᠠ᠃     ᠬᠤᠷᠠᠯ ᠲᠡᠭᠡᠷ᠎ᠡ᠂  ᠲᠡᠭᠡᠷ᠎ᠡ ᠬᠤᠭᠤᠴᠠᠭᠠᠨ ᠤ ᠨᠠᠮ ᠤᠨ ᠡᠬᠦᠷ ᠤᠨ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠵᠦ᠂  ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠨᠠᠮ ᠤᠨ ᠡᠬᠦᠷ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠷᠭ᠎ᠠ︾ ᠶᠢ ᠬᠢᠨᠠᠨ  ᠪᠠᠳᠤᠯᠠᠭᠰᠠᠨ ᠤ ᠬᠠᠮᠳᠤ᠂  ᠰᠤᠩᠭᠤᠭᠤᠯᠢ ᠶᠢᠨ ᠠᠷᠭ᠎ᠠ ᠲᠦᠷᠢᠮ ᠤᠨ ᠲᠠᠭᠠᠤ ᠰᠢᠨ᠎ᠡ ᠨᠢᠬᠡ ᠬᠤᠭᠤᠴᠠᠭᠠᠨ ᠤ ᠨᠠᠮ  ᠤᠨ ᠡᠬᠦᠷ ᠤᠨ ᠭᠡᠰᠢᠬᠦᠳ ᠢ ᠰᠤᠩᠭᠤᠨ ᠲᠦᠷᠦᠭᠳᠡᠬᠦᠯᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠸᠧᠢ ᠬᠤᠩ ᠡᠩ ᠤᠨ ᠨᠠᠮ ᠤᠨ ᠬᠡᠰᠢᠬᠦᠨ ᠤ ᠬᠤᠪᠢ ᠪᠠᠷ ᠰᠤᠩᠭᠤᠭᠤᠯᠢ ᠳᠤ  ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号