ᠲᠠᠶᠢᠹᠤᠰᠧ ᠬᠤᠰᠢᠭᠤ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢ ᠬᠦᠴᠦᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020-04-03
   ᠲᠠᠶᠢᠹᠤᠰᠧ ᠬᠤᠰᠢᠭᠤ ᠬᠢᠵᠢᠭ ᠰᠡᠷᠭᠡᠶᠢᠯᠡᠯᠳᠡ ᠪᠠ ᠪᠦᠳᠦᠬᠡᠨ ᠪᠠᠶᠢᠭᠤᠯᠤᠯᠳᠠ ᠶᠢᠨ ᠠᠵᠢᠯ ᠢ ᠵᠡᠷᠭᠡᠪᠡᠷ ᠠᠳᠬᠤᠵᠤ᠂  ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠭᠡᠷᠡᠭᠵᠢᠬᠦᠯᠦᠨ᠂ ᠬᠦᠴᠢᠷ ᠪᠡᠷᠭᠡ ᠶᠢ ᠢᠯᠠᠨ ᠲᠠᠪᠠᠵᠤ ᠂ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢ  ᠪᠦᠬᠦ ᠬᠦᠴᠦᠨ ᠢᠶᠠᠷ ᠠᠬᠢᠭᠤᠯᠵᠤ᠂  ᠠᠵᠤ ᠠᠬᠤᠢ ᠨᠡᠶᠢᠬᠡᠮ ᠤᠨ ᠦᠷᠬᠦᠯᠵᠢᠯᠡᠭᠰᠡᠨ ᠲᠤᠭᠳᠠᠭᠤᠨ ᠬᠦᠭᠵᠢᠯᠳᠡ ᠳᠡᠭᠡᠨ ᠪᠠᠳᠤ ᠰᠠᠭᠤᠷᠢ ᠲᠠᠯᠪᠢᠵᠤ ᠪᠠᠶᠢᠨ᠎ᠠ᠃     ᠤᠶᠢᠷ᠎ᠠ ᠳᠤ᠂ ᠲᠤᠰ ᠬᠤᠰᠢᠭᠤ ᠨᠢ ᠭᠤᠤᠯᠳᠠᠯᠭ᠎ᠠ ᠲᠠᠢ ᠲᠦᠷᠦᠯ ᠵᠦᠢᠯ ᠢ ᠲᠦᠪᠯᠡᠷᠡᠬᠦᠯᠦᠨ ᠬᠢᠨᠠᠨ ᠵᠦᠪᠰᠢᠶᠡᠷᠡᠬᠦ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠬᠤ ᠳᠤ᠂   ᠬᠤᠰᠢᠭᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠬᠠᠷᠢᠭᠤᠴᠠᠯᠭᠠᠳᠠᠨ ᠠᠴᠠ  ᠡᠨᠡ  ᠵᠢᠯ ᠤᠨ ᠠᠶᠢᠮᠠᠭ  ᠂ ᠬᠤᠰᠢᠭᠤ ᠱᠠᠳᠤᠨ ᠤ  ᠭᠤᠤᠯᠳᠠᠯᠭ᠎ᠠ ᠲᠠᠢ ᠲᠦᠷᠦᠯ ᠵᠦᠢᠯ   ᠤᠨ ᠭᠠᠷ ᠬᠦᠢᠴᠡᠳᠭᠡᠯ   ᠤᠨ ᠠᠬᠢᠴᠠ  ᠵᠢᠴᠢ ᠲᠦᠷᠦᠯ ᠵᠦᠢᠯ ᠤᠨ ᠨᠦᠬᠡᠴᠡᠯᠡᠯ ᠤᠨ ᠪᠠᠶᠢᠳᠠᠯ ᠵᠡᠷᠭᠡ ᠶᠢ   ᠲᠠᠨᠢᠯᠴᠠᠭᠤᠯᠤᠭᠰᠠᠨ ᠪᠦᠬᠡᠳ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ ᠦᠪᠡᠷ ᠦᠪᠡᠷ ᠤᠨ  ᠠᠵᠢᠯ   ᠢᠶᠠᠨ ᠬᠠᠷᠢᠭᠤ ᠮᠡᠳᠡᠬᠦᠯᠦᠨ᠂ ᠬᠤᠰᠢᠭᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ ᠠᠴᠠ ᠲᠤᠰᠪᠤᠷᠢ ᠶᠢᠨ ᠬᠤᠯᠪᠤᠭᠳᠠᠬᠤ ᠠᠵᠢᠯ ᠢᠶᠠᠨ ᠪᠠᠶᠢᠷᠢᠯᠠᠭᠤᠯᠵᠠᠢ᠃     ᠲᠤᠰ ᠬᠤᠰᠢᠭᠤ ᠨᠢ  ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠭᠰᠡᠨ ᠤᠷᠢᠳᠠᠯ ᠲᠤᠤᠷ᠎ᠠ᠂  ᠭᠤᠤᠯᠳᠠᠯᠭ᠎ᠠ  ᠲᠠᠢ ᠲᠦᠷᠦᠯ ᠵᠦᠢᠯ ᠤᠨ ᠪᠠᠶᠢᠭᠤᠯᠤᠯᠳᠠ ᠶᠢ  ᠨᠢᠬᠡᠳᠦᠯᠳᠡᠢ ᠲᠦᠯᠦᠪᠯᠡᠨ ᠠᠬᠢᠭᠤᠯᠵᠤ᠂ ᠲᠦᠷᠦᠯ ᠵᠦᠢᠯ ᠨᠢᠬᠡᠪᠦᠷᠢ  ᠳᠤ  ᠲᠠᠭᠠᠭᠠᠴᠢᠯᠠᠨ ᠬᠠᠷᠢᠭᠤᠴᠠᠬᠤ ᠭᠠᠵᠠᠷ ᠤᠨ ᠲᠡᠰ ᠤᠨ ᠤᠳᠤᠷᠢᠳᠤᠯᠭ᠎ᠠ ᠪᠠ ᠪᠠᠶᠢᠭᠤᠯᠭ᠎ᠠ ᠨᠢᠬᠡᠴᠡ ᠶᠢᠨ ᠤᠳᠤᠷᠢᠳᠤᠯᠭ᠎ᠠ ᠲᠤᠬᠢᠷᠠᠭᠤᠯᠤᠨ᠂ ᠡᠯ᠎ᠡ ᠲᠦᠷᠦᠯ ᠤᠨ ᠭᠠᠷ ᠬᠦᠢᠴᠡᠳᠭᠡᠯ ᠤᠨ ᠴᠠᠭ ᠬᠤᠭᠤᠴᠠᠭ᠎ᠠ ᠶᠢ ᠲᠤᠳᠤᠷᠬᠠᠶᠢᠯᠠᠨ ᠲᠤᠭᠳᠠᠭᠠᠭᠰᠠᠨ ᠪᠠᠶᠢᠨ᠎ᠠ᠃ ᠤᠳᠤ᠂   ᠪᠦᠬᠦ  ᠬᠦᠴᠦᠨ ᠢᠶᠠᠷ ᠲᠦᠯᠬᠢᠨ ᠠᠬᠢᠭᠤᠯᠬᠤ ᠭᠤᠤᠯᠳᠠᠯᠭ᠎ᠠ ᠲᠠᠢ ᠲᠦᠷᠦᠯ ᠵᠦᠢᠯ ᠵᠢᠴᠢ ᠭᠤᠤᠯᠳᠠᠯᠭ᠎ᠠ ᠲᠠᠢ  ᠡᠬᠦᠷᠭᠡ 83 ᠪᠠᠶᠢᠵᠤ᠂  ᠶᠡᠷᠦᠩᠬᠡᠢ ᠪᠡᠯᠡ  ᠤᠷᠤᠭᠤᠯᠤᠯᠳᠠ   ᠶᠢᠨ ᠲᠦᠰᠦᠪ 126.39 ᠳ᠋ᠦᠩᠰᠢᠭᠤᠷ ᠲᠦᠬᠦᠷᠢᠭ ᠲᠤ ᠬᠦᠷᠴᠦ᠂ 2020 ᠤᠨ ᠳᠤ 69.10 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠬᠤ ᠪᠠᠷ ᠪᠠᠶᠢᠨ᠎ᠠ᠃  ᠡᠬᠦᠨ ᠳᠤ᠂ ᠰᠢᠨ᠎ᠡ ᠪᠠᠷ  ᠭᠡᠷᠡᠭᠵᠢᠬᠦᠯᠬᠦ ᠲᠦᠷᠦᠯ ᠵᠦᠢᠯ  ᠪᠠ ᠡᠬᠦᠷᠭᠡ 45 ᠪᠠᠶᠢᠵᠤ᠂  ᠶᠡᠷᠦᠩᠬᠡᠢ ᠪᠡᠯᠡ  ᠤᠷᠤᠭᠤᠯᠤᠯᠳᠠ   ᠶᠢᠨ ᠲᠦᠰᠦᠪ 27.19 ᠳ᠋ᠦᠩᠰᠢᠭᠤᠷ ᠲᠦᠬᠦᠷᠢᠭ ᠲᠤ ᠬᠦᠷᠴᠦ᠂ 2020 ᠤᠨ ᠳᠤ 15.05 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠨ᠂  ᠵᠠᠯᠭᠠᠵᠤ ᠪᠠᠶᠢᠭᠤᠯᠬᠤ ᠲᠦᠷᠦᠯ ᠵᠦᠢᠯ 26 ᠪᠠᠶᠢᠵᠤ᠂ ᠶᠡᠷᠦᠩᠬᠡᠢ ᠪᠡᠯᠡ  ᠤᠷᠤᠭᠤᠯᠤᠯᠳᠠ   ᠶᠢᠨ ᠲᠦᠰᠦᠪ  92.09 ᠳ᠋ᠦᠩᠰᠢᠭᠤᠷ ᠲᠦᠬᠦᠷᠢᠭ ᠲᠤ ᠬᠦᠷᠴᠦ᠂ 2020 ᠤᠨ ᠳᠤ 54.05 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠨ᠂  ᠪᠦᠳᠦᠬᠡᠨ ᠪᠠᠶᠢᠭᠤᠯᠤᠯᠳᠠ ᠡᠬᠢᠯᠡᠬᠦᠯᠬᠦ ᠲᠦᠷᠦᠯ ᠵᠦᠢᠯ 12 ᠪᠠᠶᠢᠵᠤ᠂  ᠶᠡᠷᠦᠩᠬᠡᠢ ᠪᠡᠯᠡ ᠤᠷᠤᠭᠤᠯᠤᠯᠳᠠ 7.11 ᠳ᠋ᠦᠩᠰᠢᠭᠤᠷ ᠲᠦᠬᠦᠷᠢᠭ ᠲᠤ ᠬᠦᠷᠬᠦ ᠲᠦᠰᠦᠪ ᠲᠠᠢ ᠪᠠᠶᠢᠨ᠎ᠠ᠃     ᠲᠠᠶᠢᠹᠤᠰᠧ ᠬᠤᠰᠢᠭᠤ ᠨᠢ ᠡᠶᠢᠨ‌‍ᠬᠦ᠋ ᠲᠦᠷᠦᠯ ᠵᠦᠢᠯ ᠤᠨ ᠪᠠᠶᠢᠭᠤᠯᠤᠯᠳᠠ ᠪᠠᠷ ᠬᠡᠯᠪᠡᠷᠢ ᠶᠢ  ᠬᠤᠪᠢᠷᠠᠭᠤᠯᠵᠤ ᠠᠵᠤ ᠠᠬᠤᠢ ᠶᠢ ᠬᠦᠭᠵᠢᠬᠦᠯᠬᠦ ᠴᠢᠬᠤᠯᠠ ᠲᠤᠯᠭᠠᠭᠤᠷᠢᠯᠠᠯ  ᠪᠤᠯᠭᠠᠵᠤ᠂ ᠬᠢᠵᠢᠭ  ᠰᠡᠷᠭᠡᠶᠢᠯᠡᠯᠳᠡ ᠶᠢ ᠪᠠᠳᠤᠯᠠᠭᠰᠠᠨ ᠰᠠᠭᠤᠷᠢᠨ ᠲᠡᠭᠡᠷ᠎ᠡ᠂ ᠬᠢᠨᠠᠨ ᠵᠦᠪᠰᠢᠶᠡᠷᠡᠬᠦ ᠠᠯᠬᠤᠮ ᠶᠠᠪᠤᠴᠠ ᠶᠢ ᠰᠢᠯᠤᠭᠤᠳᠬᠠᠵᠤ᠂ ᠬᠢᠨᠠᠨ ᠵᠦᠪᠰᠢᠶᠡᠷᠡᠬᠦ ᠠᠷᠭ᠎ᠠ ᠪᠠᠷᠢᠯ ᠢ ᠰᠢᠨᠡᠴᠢᠯᠡᠨ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠵᠤ᠂ ᠬᠢᠨᠠᠨ ᠵᠦᠪᠰᠢᠶᠡᠷᠡᠬᠦ ᠦᠷ᠎ᠡ ᠪᠦᠳᠦᠮᠵᠢ ᠶᠢ  ᠲᠡᠭᠡᠭᠰᠢᠯᠡᠬᠦᠯᠦᠬᠡᠳ᠂  ᠭᠤᠤᠯᠳᠠᠯᠭ᠎ᠠ ᠲᠠᠢ ᠲᠦᠷᠦᠯ ᠵᠦᠢᠯ   ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠳᠤ ᠪᠠᠳᠤ ᠰᠠᠭᠤᠷᠢ ᠲᠠᠯᠪᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号