ᠬᠡᠷᠬᠢᠨ ᠬᠠᠭᠤᠷᠮᠠᠭ ᠮᠠᠯ ᠤᠨ ᠡᠮ ᠢ ᠢᠯᠭᠠᠵᠤ ᠲᠠᠨᠢᠬᠤ ᠪᠤᠢ
ᠨᠡᠶᠢᠲᠡᠯᠡᠭᠰᠡᠨ ᠴᠠᠭ᠄
2020-04-05
     ᠮᠠᠯ ᠤᠨ ᠡᠮ ᠤᠨ ᠵᠠᠬ᠎ᠠ ᠳᠡᠯᠭᠡᠭᠦᠷ ᠡᠮᠬᠢ ᠵᠠᠮᠪᠠᠷᠠᠭ᠎ᠠ ᠦᠭᠡᠢ ᠪᠠᠶᠢᠭ᠎ᠠ ᠦᠨᠦᠳᠦᠷ᠂ ᠮᠠᠯᠴᠢᠨ ᠲᠠᠷᠢᠶᠠᠴᠢᠨ ᠬᠡᠷᠬᠢᠨ ᠦᠨᠡᠨ ᠬᠤᠳᠠᠯ ᠢ ᠢᠯᠭᠠᠵᠤ ᠮᠠᠯ ᠤᠨ ᠡᠪᠡᠳᠴᠢᠨ ᠳᠤ ᠲᠤᠬᠢᠷᠠᠭᠰᠠᠨ᠂ ᠰᠠᠶᠢᠨ ᠡᠮ ᠬᠡᠷᠡᠭᠯᠡᠵᠦ ᠳᠡᠶᠢᠯᠬᠦ ᠪᠤᠢ ᠃ ᠲᠤᠤᠷ᠎ᠠ ᠬᠡᠳᠦᠨ ᠠᠵᠤ ᠠᠬᠤᠶᠢᠯᠠᠯ ᠤᠨ ᠦᠨᠡᠨ ᠬᠤᠳᠠᠯ ᠢ ᠢᠯᠭᠠᠬᠤ᠂ ᠮᠡᠳᠡᠭᠡ ᠵᠠᠩᠭᠢ ᠶᠢᠨ ᠡᠬᠢ ᠰᠤᠷᠪᠤᠯᠵᠢ ᠶᠢᠨ ᠨᠠᠶᠢᠳᠠᠪᠤᠷᠢᠲᠠᠢ ᠡᠰᠡᠬᠦ ᠶᠢ ᠢᠯᠭᠠᠬᠤ᠂ ᠡᠮ ᠤᠨ ᠮᠡᠳᠡᠭᠡ ᠵᠠᠩᠭᠢ ᠶᠢ ᠢᠯᠭᠠᠬᠤ ᠠᠷᠭ᠎ᠠ ᠶᠢ ᠵᠢᠭᠠᠵᠤ ᠦᠭᠭᠦᠶ᠎ᠡ᠄ ᠨᠢᠭᠡ᠂ ᠨᠠᠶᠢᠳᠠᠪᠤᠷᠢᠲᠠᠶ ᠰᠦᠯᠵᠢᠶᠡᠨ ᠠᠴᠠ ᠪᠠᠶᠢᠴᠠᠭᠠᠨ ᠯᠠᠪᠯᠠᠬᠤ ᠦᠨᠦᠳᠦᠷ ᠰᠦᠯᠵᠢᠶᠡᠨ ᠤ ᠮᠡᠳᠡᠭᠡ ᠵᠠᠩᠭᠢ ᠶᠢᠨ ᠬᠡᠮᠵᠢᠶ᠎ᠡ ᠤᠯᠠᠰᠢᠷᠠᠵᠣ᠂ ᠡᠯ᠎ᠡ ᠵᠦᠢᠯ ᠤᠨ ᠮᠡᠳᠡᠭᠡ ᠵᠠᠩᠭᠢ ᠰᠠᠮᠠᠭᠤᠷᠠᠨ ᠦᠨᠡᠨ ᠬᠤᠳᠠᠯ ᠢ ᠨᠢ ᠢᠯᠭᠠᠵᠤ ᠲᠠᠨᠢᠬᠤ ᠳᠤ ᠬᠦᠴᠢᠷ ᠪᠤᠯᠵᠠᠢ᠂ ᠵᠠᠰᠠᠭ ᠤᠨ ᠣᠷᠳᠣᠨ ᠤ ᠰᠦᠯᠵᠢᠶᠡᠨ ᠤ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠢᠳᠠᠮᠠᠭᠠᠢ ᠪᠠᠷ ᠠᠰᠢᠭᠯᠠᠨ ᠢᠯᠭᠠᠨ ᠲᠠᠨᠢᠬᠤ ᠨᠢ ᠬᠠᠮᠤᠭ ᠨᠠᠶᠢᠳᠠᠪᠤᠷᠢᠲᠠᠶ ᠠᠷᠭ᠎ᠠ ᠶᠢᠨ ᠨᠢᠭᠡ ᠪᠤᠯᠬᠤ ᠨᠢ ᠯᠠᠪᠲᠠᠢ᠃ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠲᠤᠰᠬᠠᠶᠢᠯᠠᠨ ᠣᠯᠠᠨ ᠲᠦᠮᠡᠨ ᠤ ᠠᠰᠠᠭᠤᠨ ᠯᠠᠪᠯᠠᠬᠤ ᠪᠠ ᠬᠢᠨᠠᠨ ᠬᠠᠷᠭᠤᠭᠤᠯᠬᠤ ᠳᠤ ᠵᠣᠷᠢᠭᠤᠯᠤᠭᠰᠠᠨ ᠢᠯᠡ ᠮᠡᠳᠡᠭᠡ ᠵᠠᠩᠭᠢ ᠪᠠᠶᠢᠳᠠᠭ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ᠳ᠋ᠤᠮᠠᠶᠢᠨ ᠤ ᠨᠡᠷ᠎ᠡ ︵域名︶ ᠶᠢᠨ ᠳᠠᠭᠠᠪᠤᠷᠢ ᠨᠢ᠄ ︵.gov.cn︶ ᠪᠠᠶᠢᠳᠠᠭ᠃ ᠡᠶᠢᠮᠦᠷᠬᠦᠦ ᠲᠠᠭᠠᠪᠤᠷᠢ ᠲᠠᠢ ᠰᠦᠯᠵᠢᠶ᠎ᠡ ᠨᠢ ᠢᠲᠡᠭᠡᠮᠵᠢᠲᠡᠢ ᠰᠦᠯᠵᠢᠶ᠎ᠡ ᠪᠣᠯᠤᠨ᠎ᠠ᠃ ᠮᠠᠯ ᠤᠨ ᠡᠮ ᠤᠨ ᠪᠦᠲᠦᠭᠡᠭᠳᠡᠬᠦᠨ ᠤ ᠳ᠋ᠤᠭᠠᠷᠯᠠᠯ ᠤᠨ ᠦᠨᠡᠨ ᠬᠤᠳᠠᠯ ᠢ ᠢᠯᠭᠠᠨ ᠲᠠᠨᠢᠬᠤ᠂ ︽ᠳᠤᠮᠳᠠᠳᠤ ᠤᠯᠤᠰ ᠤᠨ ᠮᠠᠯ ᠤᠨ ᠡᠮ ᠤᠨ ᠮᠡᠳᠡᠭᠡ ᠵᠠᠩᠭᠢ ᠶᠢᠨ ᠰᠦᠯᠵᠢᠶ᠎ᠡ︾ ︵ᠰᠦᠯᠵᠢᠶᠡᠨ ᠬᠠᠶ᠋ᠢᠭ᠄ http://www. ivdc.org.cn/︶ ᠶᠢᠨ ︽ᠮᠠᠯ ᠤᠨ ᠡᠮ ᠤᠨ ᠦᠨᠳᠦᠰᠦᠨ ᠮᠡᠳᠡᠭᠡ ᠵᠠᠩᠭᠢ ᠶᠢ ᠯᠠᠪᠯᠠᠬᠤ ᠰᠢᠰᠲ᠋ᠧᠮ︾ ᠠᠴᠠ ᠯᠠᠪᠯᠠᠵᠤ ᠪᠤᠯᠤᠨ᠎ᠠ᠂ ᠲᠤᠰ ᠰᠢᠰᠲ᠋ᠧᠮ ᠠᠴᠠ ᠮᠠᠯ ᠤᠨ ᠡᠮ ᠤᠨ ᠪᠦᠲᠦᠭᠡᠭᠳᠡᠬᠦᠨ ᠢ ᠵᠥᠪᠰᠢᠶᠡᠷᠡᠭᠰᠡᠨ ᠳ᠋ᠤᠭᠠᠷ ᠤᠨ ᠲᠤᠭ᠎ᠠ ᠪᠠᠷᠢᠮᠲᠠ ᠵᠢᠴᠢ ᠭᠠᠳᠠᠭᠠᠳᠤ ᠠᠴᠠ ᠤᠷᠤᠭᠤᠯᠤᠭᠰᠠᠨ ᠮᠠᠯ ᠤᠨ ᠡᠮ ᠢ ᠳᠠᠩᠰᠠᠯᠠᠭᠤᠯᠤᠭᠰᠠᠨ ᠲᠤᠭ᠎ᠠ ᠪᠠᠷᠢᠮᠲᠠ᠂ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠭᠠᠷ ᠤᠨ ᠦᠰᠦᠭ ᠵᠢᠷᠤᠵᠤ ᠣᠯᠭᠤᠭᠰᠠᠨ ᠲᠤᠭ᠎ᠠ ᠪᠠᠷᠢᠮᠲᠠ᠂ ᠮᠠᠯ ᠤᠨ ᠡᠮ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠯᠠᠪᠯᠠᠵᠤ ᠪᠤᠯᠤᠨ᠎ᠠ᠃ ᠬᠤᠶᠠᠷ᠂ ᠦᠢᠯᠡᠳᠪᠦᠷᠢᠯᠡᠭᠰᠡᠨ ᠪᠤᠶᠤ ᠪᠤᠷᠤᠯᠠᠭᠤᠯᠬᠤ ᠶᠢ ᠵᠦᠪᠰᠢᠶᠡᠷᠡᠭᠰᠡᠨ ᠪᠠᠶᠢᠭᠤᠯᠭ᠎ᠠ ᠨᠢᠭᠡᠴᠢ ᠶᠢᠨ ᠰᠦᠯᠵᠢᠶᠡᠨ ᠤ ᠰᠢᠨᠵᠢ ᠴᠢᠨᠠᠷ ᠢ ᠬᠠᠷᠭᠤᠭᠤᠯᠬᠤ ᠡᠩ ᠲᠡᠷᠢᠭᠦᠨ ᠳᠤ᠂ ︽ᠳ᠋ᠤᠮᠠᠶᠢᠨ ᠤ ᠨᠡᠷ᠎ᠡ ᠶᠢᠨ ᠮᠡᠳᠡᠭᠡ ᠵᠠᠩᠭᠢ ᠶᠢ ᠳᠠᠩᠰᠠᠯᠠᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ︾ ︵ᠰᠦᠯᠵᠢᠶᠡᠨ ᠬᠠᠶ᠋ᠢᠭ᠄ http://www.miitbeian.gov.cn ᠠᠴᠠ ᠰᠦᠯᠵᠢᠶᠡᠨ ᠤ ᠮᠠᠳᠡᠭᠡ ᠵᠠᠩᠭᠢ ᠳᠠᠷᠣᠢ ᠭᠤᠤᠯᠯᠠᠨ ᠡᠷᠬᠢᠯᠡᠭᠰᠡᠨ ᠪᠠᠶᠢᠭᠤᠯᠭ᠎ᠠ ᠨᠢᠭᠡᠴᠢ ᠶᠢᠨ ᠨᠡᠷᠡᠶᠢᠳᠦᠯ᠂ ᠰᠢᠨᠵᠢ ᠴᠢᠨᠠᠷ ᠵᠢᠴᠢ ᠰᠦᠯᠵᠢᠶᠡᠨ ᠨᠡᠷᠡᠶᠢᠳᠦᠯ᠂ ᠰᠦᠯᠵᠢᠶᠡᠨ ᠤ ᠬᠠᠷᠢᠭᠤᠴᠠᠯᠭᠠᠲᠠᠨ ᠤ ᠣᠪᠣᠭ ᠨᠡᠷ᠎ᠡ᠂ ᠰᠦᠯᠵᠢᠶᠡᠨ ᠤ ᠳᠠᠩᠰᠠᠯᠠᠭᠤᠯᠤᠭᠰᠠᠨ / ᠵᠥᠪᠰᠢᠶᠡᠷᠡᠯ ᠤᠨ ᠦᠨᠡᠮᠯᠡᠯ ᠤᠨ ᠳ᠋ᠤᠭᠠᠷ ᠪᠠ ᠳ᠋ᠤᠮᠠᠶᠢᠨ ᠤ ᠨᠡᠷ᠎ᠡ ᠶᠢ ᠯᠠᠪᠯᠠᠵᠤ ᠪᠤᠯᠤᠨ᠎ᠠ᠃ ᠳᠠᠷᠠᠭ᠎ᠠ ᠨᠢ᠂ ︽ᠪᠦᠬᠦ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ︾ ︵ᠰᠦᠯᠵᠢᠶᠡᠨ ᠬᠠᠶ᠋ᠢᠭ᠄ http://gsxt.saic.gov.cn︶ ᠠᠴᠠ ᠠᠵᠤ ᠠᠬᠤᠶᠢᠯᠠᠯ ᠂ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠮᠡᠳᠡᠭᠡ ᠵᠠᠩᠭᠢ ᠶᠢ ᠯᠠᠪᠯᠠᠵᠤ ᠪᠤᠯᠤᠨ᠎ᠠ᠂ ᠪᠣᠢ ᠪᠦᠬᠦᠢ ᠬᠠᠤᠯᠢ ᠶᠣᠰᠣᠨ ᠤ ᠪᠠᠶᠢᠭᠤᠯᠭ᠎ᠠ ᠨᠢᠭᠡᠴᠢ ᠶᠢ ᠴᠥᠮ ᠪᠠᠶᠢᠴᠠᠭᠠᠨ ᠣᠯᠵᠤ ᠳᠡᠶᠢᠯᠦᠨ᠎ᠡ᠂ ᠡᠶᠢᠮᠦ ᠠᠴᠠ ᠪᠠᠶᠢᠴᠠᠭᠠᠨ ᠤᠯᠤᠭᠰᠠᠨ ᠦᠭᠡᠢ ᠪᠤᠯ ᠳᠠᠷᠤᠢ ᠬᠠᠤᠯᠢ ᠪᠤᠰᠤ ᠶᠢᠨ ᠶᠣᠮ᠃ ᠬᠠᠮᠤᠭ ᠰᠡᠭᠦᠯ ᠳᠤ᠂ ᠬᠠᠭᠤᠷᠮᠠᠭ᠂ ᠣᠷᠣᠯᠠᠭᠰᠠᠨ ᠰᠦᠯᠵᠢᠶ᠎ᠡ ᠨᠢ ᠳᠤᠤᠷᠠᠬᠢ ᠬᠡᠳᠦᠨ ᠣᠨᠴᠠᠯᠢᠭ ᠲᠠᠢ᠄ ᠬᠢᠯᠢ ᠶᠢᠨ ᠭᠠᠳᠠᠨᠠᠬᠢ ᠦᠢᠯᠡᠴᠢᠯᠡᠭᠦᠷ ᠢ ᠬᠡᠷᠡᠭᠯᠡᠭᠰᠡᠨ᠂ ᠳ᠋ᠤᠮᠠᠶᠢᠨ ᠤ ᠨᠡᠷ᠎ᠡ ᠥᠬᠡᠶ ᠮᠡᠳᠡᠭᠡ ᠵᠠᠩᠭᠢ ᠶᠢ ᠳᠠᠩᠰᠠᠯᠠᠭᠤᠯᠤᠭᠰᠠᠨ ᠨᠣᠮᠧᠷ ᠪᠤᠶᠤ ᠪᠤᠰᠤᠳ ᠤᠨ ᠳᠠᠩᠰᠠᠯᠠᠭᠤᠯᠤᠭᠰᠠᠨ ᠨᠣᠮᠧᠷ ᠢ ᠬᠡᠷᠡᠭᠯᠡᠬᠦ᠂ ᠰᠦᠯᠵᠢᠶᠡᠨ ᠨᠢᠭᠤᠷ ᠳᠡᠭᠡᠷ᠎ᠡ ᠳᠡᠯᠭᠡᠨ ᠦᠵᠡᠭᠦᠯᠦᠭᠰᠡᠨ ᠦᠨᠡᠮᠯᠡᠯ ᠤᠨ ᠵᠢᠷᠤᠭ ᠨᠢ ᠪᠠᠯᠠᠷᠬᠠᠶ᠂ ᠢᠯᠭᠠᠨ ᠲᠠᠨᠢᠭᠳᠠᠬᠤ ᠥᠬᠡᠶ᠃ ᠡᠶᠢᠮᠦ ᠪᠠᠶᠢᠳᠠᠯ ᠲᠣᠬᠢᠶᠠᠯᠳᠤᠪᠠᠯ ᠰᠡᠷᠡᠮᠵᠢ ᠪᠠᠨ ᠳᠡᠭᠡᠭᠰᠢᠯᠡᠭᠦᠯᠵᠦ᠂ ᠡᠮᠦᠨᠡᠬᠢ ᠬᠡᠳᠦᠨ ᠵᠦᠢᠯ ᠢᠶᠠᠷ ᠳᠠᠬᠢᠨ ᠰᠢᠯᠭᠠᠨ ᠪᠠᠲᠤᠯᠠᠬᠤ ᠬᠡᠷᠡᠭᠲᠡᠶ᠃ ᠭᠤᠷᠪᠠ᠂ ᠰᠡᠳᠬᠦᠯ ᠤᠨ ᠵᠠᠷ ᠮᠡᠳᠡᠭᠡ ᠶᠢᠨ ᠦᠨᠡᠨ ᠬᠤᠳᠠᠯ ᠢ ᠴᠢᠳᠠᠮᠠᠭᠠᠶ ᠪᠠᠷ ᠢᠯᠭᠠᠨ ᠲᠠᠨᠢᠬᠤ ᠰᠣᠨᠢᠨ ᠰᠡᠳᠬᠦᠯ ᠳᠡᠭᠡᠷ᠎ᠡ ᠨᠡᠶᠢᠲᠡᠯᠡᠭᠰᠡᠨ ᠡᠮ ᠤᠨ ᠲᠦᠷᠦᠯ ᠳᠤ ᠬᠤᠯᠪᠣᠭᠳᠠᠬᠤ ᠵᠠᠷ ᠮᠡᠳᠡᠭᠡ ᠨᠢ ᠴᠥᠮ ᠮᠠᠯ ᠤᠨ ᠡᠮ ᠤᠨ ᠵᠠᠷ ᠮᠡᠳᠡᠭᠡ ᠶᠢ ᠬᠢᠨᠠᠨ ᠪᠠᠶᠢᠴᠠᠭᠠᠬᠤ ᠵᠥᠪᠰᠢᠶᠡᠷᠡᠯ ᠤᠨ ᠪᠢᠴᠢᠭ ᠲᠠᠢ ᠪᠠᠶᠢᠵᠤ᠂ ᠲᠡᠷᠡ ᠨᠢ ᠲᠠᠷᠢᠶᠠᠯᠠᠩ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠶᠤᠮ᠂ ᠬᠡᠪᠯᠡᠭᠰᠡᠨ ᠮᠠᠯ ᠤᠨ ᠡᠮ ᠨᠢ ᠵᠢᠩᠬᠢᠨᠢ ᠦᠢᠯᠡᠳᠪᠦᠷᠢ ᠶᠢᠨ ᠵᠢᠩᠬᠢᠨᠢ ᠪᠦᠲᠦᠭᠡᠭᠳᠡᠭᠦᠨ ᠮᠦᠷᠲᠡᠭᠡᠨ ᠦᠨᠡᠨ ᠪᠣᠳᠠᠲᠠᠶ ᠮᠡᠳᠡᠭᠡ ᠵᠠᠩᠭᠢ ᠪᠣᠯᠬᠤ ᠶᠢ ᠪᠠᠲᠤᠯᠠᠬᠤ ᠬᠡᠷᠡᠭᠲᠡᠢ᠃ ᠳᠦᠷᠪᠡ᠂ ᠮᠠᠯ ᠤᠨ ᠡᠮ ᠤᠨ ᠮᠡᠷᠭᠡᠨ ᠴᠤᠬᠤᠷ 2016 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠮᠠᠯ ᠤᠨ ᠡᠮ ᠤᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠶᠢ ᠮᠦᠷᠳᠡᠬᠦ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠂ ᠮᠡᠷᠭᠡᠨ ᠴᠤᠬᠤᠷ ᠢ ᠰᠢᠷᠪᠢᠵᠦ ᠮᠠᠯ ᠤᠨ ᠡᠮ ᠢ ᠯᠠᠪᠯᠠᠵᠤ ᠳᠡᠶᠢᠯᠬᠦ ᠪᠣᠯᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号