ᠲᠠᠶᠢᠹᠤᠰᠧ ᠬᠤᠰᠢᠭᠤ  ᠠᠷᠭ᠎ᠠ ᠠᠪᠴᠢᠯ ᠢᠶᠠᠨ ᠴᠢᠩᠭᠠᠳᠬᠠᠵᠤ ᠬᠠᠩᠰᠢ ᠶᠢᠨ ᠬᠤᠭᠤᠴᠠᠭᠠᠨ ᠤ ᠭᠠᠯ ᠰᠡᠷᠭᠡᠶᠢᠯᠡᠯᠳᠡ ᠶᠢ ᠪᠠᠳᠤᠯᠠᠪᠠ
ᠨᠡᠶᠢᠲᠡᠯᠡᠭᠰᠡᠨ ᠴᠠᠭ᠄
2020-04-07
   ᠲᠠᠶᠢᠹᠤᠰᠧ ᠬᠤᠰᠢᠭᠤ  ︽ᠦᠵᠡᠯ  ᠰᠠᠨᠠᠭ᠎ᠠ ᠶᠢ ᠡᠷᠳᠡ ᠠᠴᠠ ᠲᠠᠶᠢᠴᠢᠯᠠᠬᠤ᠂  ᠠᠵᠢᠯ ᠡᠬᠦᠷᠭᠡ ᠶᠢ ᠡᠷᠳᠡ  ᠠᠴᠠ ᠪᠠᠶᠢᠷᠢᠯᠠᠭᠤᠯᠬᠤ᠂  ᠡᠳ᠋ ᠪᠤᠳᠠᠰ ᠢ ᠡᠷᠳᠡ ᠠᠴᠠ ᠪᠡᠯᠡᠳᠬᠡᠬᠦ᠂  ᠬᠦᠮᠦᠨ ᠤ ᠬᠦᠴᠦᠨ ᠢ ᠡᠷᠳᠡ ᠠᠴᠠ ᠨᠠᠶᠢᠳᠠᠪᠤᠷᠢᠵᠢᠭᠤᠯᠬᠤ︾  ᠵᠤᠷᠢᠭ ᠰᠠᠨᠠᠭ᠎ᠠ ᠶᠢ ᠨᠢᠮᠪᠠᠢ  ᠲᠤᠤᠱᠯᠠᠭᠤᠯᠤᠨ᠂  ᠤᠯᠠᠨ ᠵᠦᠢᠯ ᠤᠨ  ᠢᠳᠡᠪᠬᠢᠳᠡᠢ ᠠᠷᠭ᠎ᠠ ᠬᠡᠮᠵᠢᠶ᠎ᠡ ᠠᠪᠴᠤ᠂ ᠬᠠᠩᠰᠢ ᠶᠢᠨ ᠬᠤᠭᠤᠴᠠᠭᠠᠨ ᠤ ᠭᠠᠯ ᠰᠡᠷᠭᠡᠶᠢᠯᠡᠯᠳᠡ ᠶᠢ ᠴᠢᠩᠭᠠᠳᠬᠠᠨ᠂ ᠬᠠᠩᠰᠢ ᠶᠢᠨ ᠬᠤᠭᠤᠴᠠᠭᠠᠨ   ᠳᠤ ᠭᠠᠯ ᠲᠦᠢᠮᠡᠷ ᠤᠨ ᠠᠶᠤᠯ ᠭᠠᠷᠬᠤ ᠦᠬᠡᠢ ᠶᠢ ᠪᠠᠳᠤᠯᠠᠭᠰᠠᠨ ᠪᠠᠶᠢᠨ᠎ᠠ᠃    ᠶᠠᠭᠤᠨ ᠤ ᠤᠷᠢᠳ᠂  ᠪᠦᠬᠦ ᠬᠤᠰᠢᠭᠤ ᠪᠠᠷ ᠢᠶᠠᠨ ᠭᠡᠭᠡᠷ᠎ᠡ ᠭᠠᠳᠠᠨ᠎ᠠ ᠭᠠᠯ ᠭᠡᠷᠡᠭᠯᠡᠬᠦ  ᠲᠠᠯ᠎ᠠ ᠪᠠᠷ ᠬᠠᠮᠢᠶᠠᠷᠤᠯᠳᠠ ᠶᠢ ᠴᠢᠩᠭᠠᠳᠬᠠᠵᠤ᠂  ᠤᠢ ᠰᠢᠭᠤᠢ ᠨᠤᠳᠤᠭ ᠪᠡᠯᠴᠢᠬᠡᠷ ᠲᠤ ᠭᠠᠯ ᠭᠡᠷᠡᠭᠯᠡᠬᠦ ᠪᠦᠬᠦᠶᠢᠯᠡ ᠠᠵᠢᠯᠯᠠᠭ᠎ᠠ  ᠶᠢ ᠴᠠᠭᠠᠵᠠᠯᠠᠨ᠂   ᠰᠤᠮᠤ ᠰᠢᠶᠠᠩ ᠪᠠᠯᠭᠠᠰᠤ ᠨᠢ ᠭᠤᠤᠯᠳᠠᠯᠭ᠎ᠠ ᠲᠠᠢ ᠭᠠᠵᠠᠷ ᠤᠷᠤᠨ ᠢ ᠲᠠᠭᠠᠭᠠᠴᠢᠯᠠᠨ ᠬᠠᠮᠢᠶᠠᠷᠴᠤ ᠂  ᠭᠠᠴᠠᠭ᠎ᠠ ᠲᠤᠰᠬᠤᠨ ᠨᠢ ᠴᠠᠭᠳᠠᠨ ᠪᠠᠶᠢᠴᠠᠭᠠᠬᠤ ᠠᠩᠬᠢ ᠪᠠᠶᠢᠭᠤᠯᠤᠨ᠂  ᠤᠢ ᠰᠢᠭᠤᠢ ᠨᠤᠳᠤᠭ ᠪᠡᠯᠴᠢᠭᠡᠷ  ᠲᠡᠭᠡᠨ ᠬᠢᠨᠠᠨ ᠪᠠᠶᠢᠴᠠᠭᠠᠯᠳᠠ ᠶᠠᠪᠤᠭᠤᠯᠤᠭᠰᠠᠨ ᠪᠠᠶᠢᠨ᠎ᠠ᠃ ᠲᠠᠷᠠᠭ᠎ᠠ ᠳᠤᠨᠢ᠂  ᠤᠬᠠᠭᠤᠯᠭ᠎ᠠ ᠬᠦᠮᠦᠵᠢᠯ ᠤᠨ ᠡᠷᠴᠢᠮ  ᠢ ᠴᠢᠩᠭᠠᠷᠠᠭᠤᠯᠵᠤ᠂  ᠪᠤᠯᠪᠠᠰᠤᠨ ᠲᠠᠬᠢᠯᠭ᠎ᠠ ᠶᠢᠨ ᠶᠤᠰᠤ ᠵᠢᠷᠤᠮ ᠢ ᠰᠤᠷᠳᠠᠯᠴᠢᠯᠠᠨ᠂  ᠭᠡᠷ ᠬᠦᠷᠢᠶᠡᠨ ᠠᠴᠠ ᠪᠠᠨ  ᠨᠠᠮᠠᠨᠴᠢᠯᠠᠨ ᠮᠦᠷᠦᠭᠡᠳᠦᠬᠦ᠂  ᠴᠡᠴᠡᠭ ᠬᠤᠸᠠᠷ ᠬᠦᠷᠭᠡᠵᠦ ᠮᠦᠷᠦᠭᠡᠳᠦᠯ ᠤᠨ ᠰᠡᠳᠬᠢᠯ ᠢᠶᠠᠨ ᠢᠯᠡᠳᠭᠡᠬᠦ ᠵᠡᠷᠭᠡ ᠪᠤᠯᠪᠠᠰᠤᠨ ᠲᠠᠬᠢᠯᠭ᠎ᠠ ᠶᠢᠨ ᠬᠡᠯᠪᠡᠷᠢ ᠶᠢ ᠲᠡᠯᠬᠡᠷᠡᠬᠦᠯᠵᠦ᠂  ᠰᠢᠷᠤᠢ ᠨᠡᠮᠡᠵᠦ  ᠴᠠᠭᠠᠰᠤ ᠰᠢᠳᠠᠭᠠᠬᠤ ᠵᠡᠷᠭᠡ  ᠤᠯᠠᠮᠵᠢᠯᠠᠯᠳᠤ ᠪᠤᠯᠬᠢ ᠵᠠᠩᠰᠢᠯ ᠢ ᠪᠠᠭᠠᠰᠬᠠᠵᠠᠢ᠃ ᠤᠢ ᠰᠢᠭᠤᠢ ᠪᠠ ᠨᠤᠳᠤᠭ ᠪᠡᠯᠴᠢᠭᠡᠷ ᠤᠨ ᠭᠤᠤᠯ ᠵᠠᠮ ᠤᠨ ᠠᠮᠠ ᠂ ᠭᠤᠤᠯᠳᠠᠯᠭ᠎ᠠ ᠲᠠᠢ ᠭᠠᠵᠠᠷ ᠤᠷᠤᠨ   ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠫᠠᠶᠢᠰᠠ 13 ᠶᠢ ᠪᠤᠰᠬᠠᠨ᠂  ᠤᠬᠠᠭᠤᠯᠭ᠎ᠠ ᠶᠢᠨ ᠲᠠᠯᠪᠠᠭ᠎ᠠ 1000 ᠭᠠᠷᠤᠢ ᠶᠢ  ᠬᠠᠳᠬᠤᠵᠤ᠂  ᠤᠬᠠᠭᠤᠯᠭ᠎ᠠ ᠶᠢᠨ ᠮᠠᠲ᠋ᠧᠷᠢᠶᠠᠯ 5000 ᠭᠠᠷᠤᠢ ᠬᠤᠪᠢ ᠲᠠᠷᠬᠠᠭᠠᠭᠰᠠᠨ ᠪᠦᠬᠡᠳ  ︽ᠲᠠᠪᠤ ᠶᠢ ᠠᠩᠬᠠᠷᠬᠤ᠂ ᠲᠠᠪᠤ ᠶᠢ ᠴᠡᠭᠡᠵᠢᠯᠡᠬᠦ᠂ ᠠᠷᠪᠠ ᠶᠢ ᠮᠡᠳᠡᠬᠦ︾ ᠵᠡᠷᠭᠡ ᠤᠬᠠᠭᠤᠯᠭ᠎ᠠ ᠶᠢᠨ ᠵᠢᠷᠤᠭᠳᠤ ᠹᠢᠯᠢᠮ ᠦᠢᠯᠡᠳᠴᠦ ᠸᠢᠴᠠᠲ ᠪᠠᠷ ᠲᠠᠷᠬᠠᠭᠠᠵᠤ᠂  ᠠᠶᠢᠯ  ᠡᠷᠦᠬᠡ ᠬᠦᠮᠦᠨ ᠨᠢᠬᠡᠪᠦᠷᠢ ᠳᠤ ᠮᠡᠳᠡᠭᠳᠡᠨ᠂  ᠪᠦᠬᠦ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠦᠨᠡᠨᠬᠦ  ᠲᠡᠭᠡᠭᠰᠢᠯᠡᠬᠦᠯᠦᠭᠰᠡᠨ ᠪᠠᠶᠢᠨ᠎ᠠ᠃  ᠪᠠᠶᠢᠴᠠᠭᠠᠬᠤ᠂ ᠬᠠᠮᠢᠶᠠᠷᠬᠤ᠂ ᠠᠵᠢᠯᠳᠠᠨ ᠪᠠ ᠲᠡᠷᠭᠡ ᠤᠨᠤᠭ᠎ᠠ ᠶᠢ ᠲᠤᠬᠢᠷᠠᠭᠤᠯᠬᠤ ᠵᠡᠷᠭᠡ ᠭᠤᠤᠯᠳᠠᠯᠭ᠎ᠠ  ᠲᠠᠢ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂  24 ᠴᠠᠭ ᠤᠨ ᠵᠢᠵᠢᠬᠦᠷ ᠤᠨ ᠲᠦᠷᠢᠮ᠂  ᠲᠡᠷᠭᠡ ᠤᠨᠤᠭᠠᠨ ᠤ  ᠪᠡᠯᠡᠳᠭᠡᠯ ᠤᠨ ᠲᠦᠷᠢᠮ ᠵᠡᠷᠭᠡ ᠬᠠᠮᠢᠶ᠎ᠠ ᠪᠦᠬᠦᠢ ᠲᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠦᠨ᠂  ᠠᠭᠤᠯᠠ ᠭᠠᠩᠭ᠎ᠠ ᠲᠠᠯ᠎ᠠ ᠬᠦᠳᠡᠭᠡ ᠪᠠᠷ ᠴᠠᠭᠳᠠᠨ ᠪᠠᠶᠢᠴᠠᠭᠠᠬᠤ ᠪᠠ ᠰᠠᠬᠢᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠭᠠᠯ ᠤᠨ ᠠᠶᠤᠯ ᠤᠨ ᠲᠠᠯᠳᠠ ᠭᠡᠮ   ᠢ ᠴᠠᠭ ᠲᠤᠬᠠᠢ ᠳᠤᠨᠢ  ᠠᠷᠢᠯᠭᠠᠨ᠂ ᠬᠠᠩᠰᠢ ᠶᠢᠨ ᠬᠤᠭᠤᠴᠠᠭᠠᠨ ᠤ ᠠᠮᠤᠷ ᠲᠦᠪᠰᠢᠨ ᠢ ᠪᠠᠳᠤᠯᠠᠪᠠ᠃ ᠤᠷᠢᠳᠴᠢᠯᠠᠨ ᠰᠡᠷᠡᠮᠵᠢᠯᠡᠬᠦ ᠠᠵᠢᠯ   ᠢ ᠴᠢᠩᠭᠠᠳᠬᠠᠵᠤ᠂  ᠭᠠᠯ ᠲᠦᠢᠮᠡᠷ ᠡᠬᠦᠰᠭᠡᠬᠦ ᠪᠤᠯᠤᠮᠵᠢ ᠲᠠᠢ ᠴᠠᠭ ᠠᠭᠤᠷ   ᠢ ᠴᠠᠭ ᠲᠤᠬᠠᠢ ᠳᠤᠨᠢ ᠤᠷᠢᠳᠴᠢᠯᠠᠨ  ᠮᠡᠳᠡᠭᠡᠯᠡᠬᠦ ᠶᠢᠨ ᠬᠠᠮᠳᠤ᠂  ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠤᠨ ᠰᠢᠨ᠎ᠡ ᠪᠠᠶᠢᠳᠠᠯ᠂ ᠰᠢᠨ᠎ᠡ ᠤᠨᠴᠠᠯᠢᠭ ᠢ ᠦᠨᠳᠦᠰᠦᠯᠡᠨ᠂   ᠪᠠᠴᠢᠮ ᠪᠠᠶᠢᠳᠠᠯ ᠢ ᠠᠷᠭᠠᠴᠠᠭᠠᠬᠤ ᠲᠤᠬᠢᠷᠠᠯᠴᠠᠭᠰᠠᠨ ᠠᠷᠭ᠎ᠠ ᠲᠦᠰᠦᠪ ᠢ ᠴᠠᠭ ᠲᠤᠬᠠᠢ ᠳᠤᠨᠢ ᠵᠠᠰᠠᠪᠤᠷᠢ ᠤᠷᠤᠭᠤᠯᠤᠨ ᠲᠡᠬᠦᠯᠳᠡᠷᠵᠢᠬᠦᠯᠵᠦ᠂  ᠭᠠᠯ ᠭᠠᠷᠪᠠᠯ ᠲᠤᠤᠷ᠎ᠠ ᠨᠢ ᠲᠠᠷᠤᠵᠤ ᠬᠤᠬᠢᠷᠠᠯ ᠬᠦᠨᠦᠬᠡᠯ ᠢ ᠬᠠᠮᠤᠭ ᠪᠠᠭᠠᠰᠬᠠᠬᠤ ᠪᠦᠷᠢᠨ ᠪᠡᠯᠡᠳᠭᠡᠯ ᠬᠢᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号