ᠲᠠᠶᠢᠹᠤᠰᠧ ᠬᠤᠰᠢᠭᠤ ᠦᠢᠯᠡᠳᠪᠦᠷᠢᠯᠡᠯ ᠤᠨ ᠭᠡᠷᠡᠭᠰᠡᠯ ᠤᠨ ᠬᠠᠩᠭᠠᠯᠭ᠎ᠠ ᠶᠢ ᠪᠠᠳᠤᠯᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠰᠠᠶᠢᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2020-04-07
     ᠲᠠᠶᠢᠹᠤᠰᠧ ᠬᠤᠰᠢᠭᠤ ᠦᠢᠯᠡᠳᠪᠦᠷᠢᠯᠡᠯ ᠤᠨ ᠭᠡᠷᠡᠭᠰᠡᠯ ᠤᠨ ᠬᠠᠩᠭᠠᠯᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂  ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠂  ᠲᠠᠷᠢᠶᠠᠯᠠᠩ ᠤᠨ ᠠᠰᠢᠭ ᠢ ᠶᠡᠬᠡᠰᠬᠡᠵᠦ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠴᠢᠷᠮᠠᠶᠢᠵᠤ ᠪᠠᠶᠢᠨ᠎ᠠ᠃   2020 ᠤᠨ ᠳᠤ᠂ ᠲᠤᠰ ᠬᠤᠰᠢᠭᠤ ᠨᠢ ᠤᠯᠤᠰ ᠤᠷᠤᠨ ᠠᠶᠢᠮᠠᠭ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠦᠭᠵᠢᠯᠳᠡ ᠶᠢᠨ ᠲᠠᠪᠤᠨ ᠤᠶᠢᠯᠠᠭᠠᠭᠳᠠᠬᠤᠨ ᠢ ᠪᠠᠷᠢᠮᠳᠠᠯᠠᠨ᠂  ︽ᠤᠨᠠᠯᠳᠠ ᠦᠨᠳᠦᠷ᠂  ᠠᠰᠢᠭ ᠶᠡᠭᠡ᠂  ᠴᠢᠨᠠᠷ ᠰᠠᠶᠢᠨ᠂ ᠠᠮᠤᠷ ᠲᠦᠪᠰᠢᠨ᠂ ᠠᠮᠢ ᠠᠬᠤᠶᠢᠯᠢᠭ︾ ᠪᠠᠶᠢᠬᠤ ᠰᠢᠨ᠎ᠡ ᠱᠠᠭᠠᠷᠳᠠᠯᠭ᠎ᠠ  ᠶᠤᠰᠤᠭᠠᠷ᠂   ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠢ  ᠪᠠᠳᠤᠯᠠᠵᠤ᠂  ᠤᠳᠤᠬᠢᠴᠢᠯᠠᠭᠰᠠᠨ ᠲᠠᠷᠢᠶᠠᠯᠠᠩ  ᠤᠨ ᠠᠵᠤ ᠦᠢᠯᠡᠰ ᠤᠨ  ᠰᠢᠰᠲ᠋ᠧᠮᠵᠢ᠂  ᠦᠢᠯᠡᠳᠪᠦᠷᠢᠯᠡᠯ ᠤᠨ ᠰᠢᠰᠲ᠋ᠧᠮᠵᠢ᠂  ᠡᠵᠡᠩᠨᠡᠯᠳᠡ ᠶᠢᠨ ᠰᠢᠰᠲ᠋ᠧᠮᠵᠢ ᠶᠢ ᠪᠠᠶᠢᠭᠤᠯᠤᠨ᠂  ᠲᠠᠷᠢᠶᠠᠯᠠᠩ ᠤᠨ ᠠᠵᠤ ᠦᠢᠯᠡᠰ ᠤᠨ ᠪᠦᠷᠢᠯᠳᠦᠴᠡ ᠶᠢᠨ ᠲᠤᠬᠢᠷᠠᠭᠤᠯᠤᠯᠳᠠ ᠶᠢ ᠦᠷᠬᠦᠯᠵᠢᠯᠡᠨ ᠬᠦᠨᠵᠡᠬᠡᠢ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢ ᠪᠦᠬᠦ ᠬᠦᠴᠦᠨ ᠢᠶᠠᠷ ᠵᠤᠬᠢᠶᠠᠨ ᠪᠠᠶᠢᠭᠤᠯᠵᠤ ᠶᠠᠪᠤᠭᠳᠠᠭᠤᠯᠤᠨ᠂  ᠠᠮᠤ ᠪᠤᠳᠠᠭᠠᠨ ᠤ ᠡᠯᠪᠡᠭ ᠬᠤᠷᠢᠶᠠᠯᠳᠠ ᠶᠢ ᠪᠠᠳᠤᠯᠠᠬᠤ ᠪᠠᠷ ᠲᠦᠯᠦᠪᠯᠡᠵᠡᠢ᠃  ᠤᠳᠤᠬᠠᠨ᠂  ᠪᠦᠬᠦ ᠬᠤᠰᠢᠭᠤ ᠪᠠᠷ ᠢᠶᠠᠨ ᠨᠡᠶᠢᠳᠡ ᠪᠠᠷᠤᠭ 7072.2 ᠲᠦᠮᠡᠨ ᠺᠢᠯᠤᠭ᠍ᠷᠠᠮ ᠲᠠᠷᠢᠮᠠᠯ ᠤᠨ ᠦᠷ᠎ᠡ᠂  6000 ᠲᠤᠨ ᠡᠯ᠎ᠡ ᠵᠦᠢᠯ ᠤᠨ ᠬᠢᠮᠢ ᠶᠢᠨ ᠪᠤᠷᠳᠤᠭᠤᠷ᠂  19 ᠲᠤᠨ ᠲᠠᠷᠢᠶᠠᠨ ᠡᠮ  ᠪᠠ  110 ᠲᠤᠨ ᠰᠦᠯᠢᠶᠤᠤ ᠪᠦᠷᠬᠦᠪᠴᠢ ᠬᠠᠳᠠᠭᠠᠯᠠᠵᠤ ᠨᠦᠬᠡᠴᠡᠯᠡᠭᠰᠡᠨ ᠪᠤᠶᠤ  ᠤᠷᠤᠭᠤᠯᠤᠨ ᠪᠡᠯᠡᠳᠬᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号