ᠬᠠᠩᠰᠢ ᠶᠢᠨ ᠬᠤᠭᠤᠴᠠᠭᠠᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠢ ᠰᠠᠶᠢᠨ ᠬᠢᠬᠦ | ᠶᠢᠨ ᠲᠦᠯᠦᠬᠡ᠂ 4 ᠰᠠᠷ᠎ᠠ ᠶᠢᠨ 3 ᠤ ᠡᠳᠦᠷ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ | ᠲᠠᠷᠤᠭ᠎ᠠ ᠬᠤ᠋ ᠴᠧᠩ ᠳ᠋ᠦᠩ ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ | ᠲᠡᠳ᠋ ᠬᠤᠰᠢᠭᠤ ᠲᠠᠷᠤᠭ᠎ᠠ ᠯᠢ ᠵᠠᠨ ᠷᠦᠢ᠂ ᠲᠡᠳ᠋ ᠬᠤᠰᠢᠭᠤ ᠲᠠᠷᠤᠭ᠎ᠠ ᠯᠢ ᠵᠠᠨ ᠪᠤᠤ ᠨᠠᠷ ᠲᠤᠰᠪᠤᠷᠢ ᠰᠤᠮᠤ | ᠰᠢᠶᠠᠩ ᠪᠠᠯᠭᠠᠰᠤᠨ ᠤ ᠤᠢ ᠰᠢᠭᠤᠢ ᠨᠤᠳᠤᠭ ᠪᠡᠯᠴᠢᠬᠡᠷ ᠤᠨ ᠭᠤᠤᠯᠳᠠᠯᠭ᠎ᠠ ᠲᠠᠢ ᠭᠠᠯ ᠰᠡᠷᠭᠡᠶᠢᠯᠡᠬᠦ ᠤᠷᠤᠨ ᠳᠤ | ᠬᠦᠨᠵᠡᠬᠡᠶᠢᠷᠡᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠭᠠᠯ | ᠤᠨᠳᠠᠷᠠᠭᠠᠬᠤ ᠠᠷᠭ᠎ᠠ ᠲᠦᠰᠦᠪ ᠢ ᠭᠡᠷᠡᠭᠵᠢᠬᠦᠯᠦᠭᠰᠡᠨ ᠪᠠᠶᠢᠳᠠᠯ᠂ ᠤᠬᠠᠭᠤᠯᠭ᠎ᠠ ᠬᠦᠮᠦᠵᠢᠯ ᠢ ᠦᠷᠨᠢᠬᠦᠯᠦᠭᠰᠡᠨ | ᠪᠠᠶᠢᠳᠠᠯ᠂ ᠪᠠᠭᠠᠵᠢ ᠲᠦᠬᠦᠭᠡᠷᠦᠮᠵᠢ ᠶᠢ ᠪᠡᠯᠡᠳᠭᠡᠭᠰᠡᠨ ᠪᠠᠶᠢᠳᠠᠯ᠂ ᠵᠢᠵᠢᠬᠦᠷ ᠴᠠᠭᠳᠠᠭᠤᠯ ᠢ ᠲᠤᠬᠢᠷᠠᠭᠤᠯᠤᠭᠰᠠᠨ | ᠪᠠᠶᠢᠳᠠᠯ ᠵᠡᠷᠭᠡ ᠳᠤ ᠪᠦᠬᠦ ᠲᠠᠯ᠎ᠠ ᠶᠢᠨ ᠱᠠᠭᠠᠷᠳᠠᠨ ᠪᠠᠶᠢᠴᠠᠭᠠᠯᠳᠠ ᠶᠠᠪᠤᠭᠤᠯᠵᠠᠢ᠃ | ᠬᠤ᠋ ᠴᠧᠩ ᠳ᠋ᠦᠩ ᠂ ᠯᠢ ᠵᠠᠨ ᠷᠦᠢ᠂ ᠯᠢ ᠵᠠᠨ ᠪᠤᠤ ᠵᠡᠷᠭᠡ ᠤᠳᠤᠷᠢᠳᠤᠯᠭ᠎ᠠ ᠨᠠᠷᠢᠨ ᠪᠠᠶᠢᠳᠠᠯ ᠢ | ᠪᠠᠶᠢᠴᠠᠭᠠᠨ ᠤᠶᠢᠯᠠᠭᠠᠭᠰᠠᠨ ᠤ ᠲᠠᠷᠠᠭ᠎ᠠ ᠂ ᠤᠳᠤ ᠪᠤᠯ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ | ᠵᠠᠩᠭᠢᠯᠠᠭ᠎ᠠ ᠶᠢᠨ ᠴᠠᠭ ᠂ ᠢᠯᠠᠩᠭᠤᠶ᠎ᠠ ᠬᠠᠩᠰᠢ ᠶᠢᠨ ᠬᠤᠭᠤᠴᠠᠭᠠᠨ ᠤ ᠲᠠᠬᠢᠯᠭ᠎ᠠ ᠶᠢᠨ ᠠᠵᠢᠯᠯᠠᠭ᠎ᠠ ᠠᠴᠠ ᠪᠤᠯᠵᠤ | ᠭᠠᠯ ᠤᠨ ᠠᠶᠤᠯ ᠨᠡᠮᠡᠭᠳᠡᠬᠦ ᠪᠤᠯᠤᠮᠵᠢ ᠲᠤᠶᠢᠯ ᠤᠨ ᠶᠡᠭᠡ ᠪᠠᠶᠢᠭ᠎ᠠ ᠪᠤᠯᠬᠤᠷ ᠡᠯ᠎ᠡ ᠰᠤᠮᠤ ᠰᠢᠶᠠᠩ ᠪᠠᠯᠭᠠᠰᠤ᠂ ᠡᠯ᠎ᠡ | ᠰᠠᠯᠠᠭ᠎ᠠ ᠮᠦᠴᠢᠷ ᠨᠢ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠦᠨ᠂ ᠭᠠᠯ ᠰᠡᠷᠭᠡᠶᠢᠯᠡᠬᠦ | ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠨ ᠴᠢᠬᠤᠯᠠᠴᠢᠯᠠᠵᠤ ᠂ ᠵᠠᠪᠰᠢᠵᠤ ᠬᠡᠯᠳᠦᠷᠢᠬᠦ ᠰᠡᠳᠬᠢᠯᠬᠡ ᠪᠠ | ᠮᠢᠨᠴᠦᠬᠦᠷᠡᠵᠦ ᠠᠯᠮᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ | ᠨᠢᠮᠪᠠᠢ ᠨᠠᠶᠢᠳᠠᠪᠤᠷᠢᠵᠢᠭᠤᠯᠬᠤ ᠭᠡᠷᠡᠭᠳᠡᠢ᠃ ᠴᠠᠭ ᠢᠮᠠᠭᠳᠠ ᠲᠡᠭᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠶᠢᠵᠤ᠂ | ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠪᠠᠷᠢᠯ ᠢ | ᠨᠠᠷᠢᠯᠢᠬᠵᠢᠭᠤᠯᠵᠤ᠂ ᠪᠠᠶᠢᠴᠠᠭᠠᠨ ᠵᠢᠯᠤᠭᠤᠳᠬᠤ ᠠᠵᠢᠯ ᠢ ᠴᠢᠩᠭᠠᠳᠬᠠᠨ ᠂ ᠰᠤᠷᠢᠭ᠎ᠠ ᠪᠤᠯᠪᠠᠰᠤᠷᠠᠯ ᠢ ᠰᠠᠶᠢᠨ | ᠬᠢᠵᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠬᠢᠷᠢ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠡᠢ᠃ | ᠤᠬᠠᠭᠤᠯᠭ᠎ᠠ ᠬᠦᠮᠦᠵᠢᠯ ᠤᠨ ᠡᠷᠴᠢᠮ ᠢ ᠴᠢᠩᠭᠠᠷᠠᠭᠤᠯᠤᠨ᠂ ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ | ᠲᠠᠨᠢᠯᠳᠠ ᠶᠢ ᠲᠡᠭᠡᠭᠰᠢᠯᠡᠬᠦᠯᠵᠦ᠂ ᠤᠯᠠᠨ ᠲᠦᠮᠡᠨ ᠢ ᠵᠢᠯᠤᠭᠤᠳᠤᠨ ᠦᠵᠡᠯ ᠤᠬᠠᠮᠰᠠᠷ ᠢ ᠨᠢ ᠬᠤᠪᠢᠷᠠᠭᠤᠯᠵᠤ᠂ | ᠪᠤᠯᠪᠠᠰᠤᠨ ᠲᠠᠬᠢᠯᠭ᠎ᠠ ᠶᠢ ᠰᠤᠷᠳᠠᠯᠴᠢᠯᠠᠵᠤ ᠲᠡᠯᠬᠡᠷᠡᠬᠦᠯᠦᠨ᠂ ᠪᠦᠬᠦ ᠠᠷᠠᠳ ᠢᠶᠠᠷ ᠢᠶᠠᠨ ᠭᠠᠯ ᠰᠡᠷᠭᠡᠶᠢᠯᠡᠬᠦ ᠠᠭᠤᠷ | ᠠᠮᠢᠰᠬᠤᠯ ᠢ ᠪᠤᠢ ᠪᠤᠯᠭᠠᠬᠤ ᠭᠡᠷᠡᠭᠳᠡᠢ᠃ ᠵᠢᠵᠢᠬᠦᠷ ᠤᠨ ᠠᠵᠢᠯ ᠢ ᠴᠢᠩᠭᠠᠳᠬᠠᠵᠤ᠂ ᠪᠤᠯᠪᠠᠰᠤᠷᠠᠯ ᠤᠨ ᠡᠷᠴᠢᠮ ᠢ | ᠴᠢᠩᠭᠠᠷᠠᠭᠤᠯᠤᠨ᠂ ᠭᠠᠯ ᠰᠡᠷᠭᠡᠶᠢᠯᠡᠬᠦ ᠭᠠᠯ ᠤᠨᠳᠠᠷᠠᠭᠠᠬᠤ ᠠᠵᠢᠯᠳᠠᠳ ᠤᠨ ᠬᠤᠰᠢᠭᠤᠴᠢ ᠶᠢᠨ ᠦᠢᠯᠡᠳᠦᠯ ᠢ | ᠪᠠᠳᠠᠷᠠᠭᠤᠯᠤᠨ᠂ ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠬᠢᠭᠡᠳ ᠠᠷᠠᠳ ᠲᠦᠮᠡᠨ ᠤ ᠠᠮᠢ ᠨᠠᠰᠤ | ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ | ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠲᠤᠪᠴᠢᠶ᠎ᠠ᠂ ᠵᠠᠰᠠᠭ ᠤᠨ ᠤᠷᠳᠤᠨ ᠤ ᠠᠯᠪᠠᠨ ᠭᠡᠷ | ᠂ ᠭᠠᠯ ᠰᠡᠷᠭᠡᠶᠢᠯᠡᠬᠦ ᠠᠯᠪᠠᠨ ᠭᠡᠷ ᠤᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠪᠠ᠃ |