ᠲᠠᠶᠢᠹᠤᠰᠧ ᠬᠤᠰᠢᠭᠤ᠄ ᠪᠤᠷᠤᠬᠦᠦ ᠦᠨᠳᠦᠰᠦᠨ ᠱᠠᠳᠤᠨ ᠳᠤ ᠬᠦᠨᠵᠡᠬᠡᠶᠢᠷᠡᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2020-04-07
   4 ᠰᠠᠷ᠎ᠠ ᠶᠢᠨ 2 ᠤᠨ ᠡᠳᠦᠷ᠂  ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ ᠬᠤᠰᠢᠭᠤ ᠨᠠᠮ ᠤᠨ ᠬᠤᠷᠢᠶᠠᠨ ᠤ  ᠠᠯᠪᠠᠨ ᠭᠡᠷ ᠤᠨ ᠡᠷᠬᠢᠯᠡᠭᠴᠢ  ᠵᠤᠤ ᠵᠢᠶᠠᠨ ᠳ᠋ᠦᠩ ᠤᠨ ᠪᠠᠷ᠎ᠠ ᠪᠤᠯᠤᠯᠭ᠎ᠠ ᠲᠠᠢ ᠪᠠᠷ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃     ᠪᠤᠷᠤᠬᠦᠦ ᠤᠷᠢᠳ ᠬᠤᠵᠢᠳ ᠴᠢᠶᠠᠨ ᠶᠢᠨ ᠭᠸᠦ ᠪᠠᠯᠭᠠᠰᠤᠨ ᠤ ᠰᠠᠨ ᠵᠢᠶᠧ ᠲᠤᠰᠬᠤᠨ᠂  ᠵᠢᠦ ᠶᠢᠩ ᠫᠠᠨ ᠲᠤᠰᠬᠤᠨ᠂  ᠮᠠ ᠹᠠᠩ ᠽᠢ ᠲᠤᠰᠬᠤᠨ ᠤ  ᠶᠠᠳᠠᠭᠤ ᠬᠦᠴᠢᠷᠳᠡᠯᠳᠡᠢ ᠲᠠᠷᠢᠶᠠᠴᠢᠨ ᠡᠷᠦᠬᠡ ᠪᠠᠷ ᠲᠤᠭᠤᠷᠢᠵᠤ᠂  ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠶᠠᠳᠠᠭᠤᠷᠠᠯ ᠤᠨ ᠰᠢᠯᠳᠠᠭᠠᠨ᠂   ᠬᠠᠪᠰᠤᠷᠤᠨ ᠲᠡᠳᠬᠦᠭᠰᠡᠨ  ᠠᠷᠭ᠎ᠠ ᠭᠡᠮᠵᠢᠶ᠎ᠡ᠂  ᠤᠷᠤᠰᠢᠵᠤ ᠪᠠᠶᠢᠭ᠎ᠠ ᠠᠰᠠᠭᠤᠳᠠᠯ   ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ   ᠳᠤ ᠨᠠᠷᠢᠨ ᠨᠢᠮᠪᠠᠢ ᠤᠶᠢᠯᠠᠭᠠᠨ ᠪᠠᠶᠢᠴᠠᠭᠠᠯᠳᠠ  ᠬᠢᠭᠰᠡᠨ ᠤ ᠲᠠᠷᠠᠭ᠎ᠠ᠂   ᠪᠠᠯᠭᠠᠰᠤᠨ ᠤ ᠵᠠᠰᠠᠭ ᠤᠨ ᠤᠷᠳᠤᠨ ᠳᠤ ᠶᠠᠷᠢᠯᠴᠠᠬᠤ ᠬᠤᠷᠠᠯ ᠡᠷᠬᠢᠯᠡᠵᠦ  ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠠᠢ᠃       ᠪᠤᠷᠤᠬᠦᠦ  ᠬᠤᠷᠠᠯ ᠲᠡᠭᠡᠷ᠎ᠡ ᠱᠠᠭᠠᠷᠳᠠᠬᠤ ᠳᠠᠭᠠᠨ᠂ 2020 ᠤᠨ ᠳᠤ ᠦᠯᠡᠳᠡᠵᠦ ᠪᠠᠶᠢᠭ᠎ᠠ ᠬᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠤᠯ ᠭᠤᠤᠯ ᠠᠰᠠᠭᠤᠳᠠᠯ ᠪᠦᠬᠡᠳ ᠬᠦᠴᠢᠷ ᠲᠠᠢ ᠠᠰᠠᠭᠤᠳᠠᠯ ᠪᠤᠯᠤᠨ᠎ᠠ᠃ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠵᠦ᠂  ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠠᠳᠠᠭᠤ ᠪᠡᠷᠭᠡ ᠴᠢᠨᠠᠷ᠂   ᠪᠤᠳᠤᠯᠢᠶᠠᠨᠳᠤ ᠴᠢᠨᠠᠷ ᠤᠨ ᠲᠤᠬᠠᠢ ᠲᠠᠨᠢᠯᠳᠠ ᠪᠠᠨ ᠴᠢᠩᠭᠠᠳᠬᠠᠨ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ  ᠤᠳᠤᠬᠠᠨ ᠤ ᠬᠠᠮᠤᠭ ᠴᠢᠬᠤᠯᠠ ᠠᠵᠢᠯ ᠪᠤᠯᠭᠠᠵᠤ  ᠰᠤᠯᠠᠷᠠᠰᠢ ᠦᠬᠡᠢ ᠠᠳᠬᠤᠬᠤ ᠭᠡᠷᠡᠭᠳᠡᠢ᠃  ᠶᠡᠭᠡ ᠪᠠᠶᠢᠴᠠᠭᠠᠯᠳᠠ ᠶᠢᠨ ᠠᠵᠢᠯ ᠢ  ᠬᠦᠨ ᠬᠦᠨᠵᠡᠬᠡᠢ ᠮᠦᠷᠳᠡᠭᠡᠨ ᠨᠠᠷᠢᠨ ᠨᠢᠮᠪᠠᠢ ᠠᠳᠬᠤᠵᠤ᠂ ᠡᠷᠦᠬᠡ ᠭᠡᠭᠡᠭᠳᠡᠬᠦᠯᠦᠯ ᠦᠬᠡᠢ ᠲᠤᠭᠤᠷᠢᠨ  ᠪᠠᠶᠢᠴᠠᠭᠠᠵᠤ᠂  ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠭᠡᠷᠡᠭᠳᠡᠢ᠂  ᠦᠴᠦᠬᠡᠨ ᠲᠡᠳᠦᠢ ᠴᠤ ᠬᠦᠩᠭᠡᠪᠴᠢᠯᠡᠵᠦ ᠬᠠᠭᠤᠮᠠᠭᠠᠶᠢᠯᠠᠵᠤ  ᠪᠤᠯᠬᠤ ᠦᠬᠡᠢ᠃  ᠡᠯ᠎ᠡ ᠱᠠᠳᠤᠨ ᠤ ᠺᠠᠳᠠᠷ  ᠂ ᠢᠯᠠᠩᠭᠤᠶ᠎ᠠ ᠭᠠᠴᠠᠭ᠎ᠠ ᠲᠤᠰᠬᠤᠨ ᠳᠤ ᠰᠠᠭᠤᠭ᠎ᠠ  ᠺᠠᠳᠠᠷ ᠤᠨ ᠢᠳᠡᠪᠬᠢᠵᠢᠯ ᠢ ᠤᠯᠠᠮ ᠢᠯᠡᠬᠦᠦ ᠲᠠᠶᠢᠴᠢᠯᠠᠨ᠂  ᠡᠯ᠎ᠡ ᠲᠦᠷᠦᠯ ᠤᠨ ᠠᠵᠢᠯ ᠢ  ᠪᠠᠳᠤᠳᠠᠢ ᠰᠠᠶᠢᠨ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠦ ᠲᠠᠶᠢᠯᠠᠯᠳᠤᠭᠠᠨ ᠤ  ᠢᠯᠠᠯᠳᠠ ᠶᠢ ᠤᠯᠬᠤ   ᠳᠤ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠪᠡ᠃       ᠬᠤᠷᠠᠯ ᠲᠡᠭᠡᠷ᠎ᠡ᠂  ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠠᠴᠠ ᠪᠠᠯᠭᠠᠰᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃  ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ᠂  ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠢᠨᠠᠨ ᠪᠠᠶᠢᠴᠠᠭᠠᠬᠤ ᠲᠤᠪᠴᠢᠶ᠎ᠠ  ᠵᠢᠴᠢ ᠴᠢᠶᠠᠨ ᠶᠢᠨ ᠭᠸᠦ  ᠪᠠᠯᠭᠠᠰᠤᠨ ᠤ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号