ᠲᠠᠶᠢᠹᠤᠰᠧ ᠬᠤᠰᠢᠭᠤ᠄  ᠬᠤ᠋ ᠴᠧᠩ ᠳ᠋ᠦᠩ ᠵᠡᠷᠭᠡ ᠤᠳᠤᠷᠢᠳᠤᠯᠭ᠎ᠠ ᠬᠠᠩᠰᠢ ᠶᠢᠨ ᠬᠤᠭᠤᠴᠠᠭᠠᠨ ᠤ ᠭᠠᠯ ᠰᠡᠷᠭᠡᠶᠢᠯᠡᠬᠦ ᠠᠵᠢᠯ  ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2020/4/8
     ᠬᠠᠩᠰᠢ ᠶᠢᠨ ᠬᠤᠭᠤᠴᠠᠭᠠᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠰᠡᠷᠭᠡᠶᠢᠯᠡᠬᠦ ᠠᠵᠢᠯ ᠢ  ᠰᠠᠶᠢᠨ ᠬᠢᠬᠦ  ᠶᠢᠨ ᠲᠦᠯᠦᠬᠡ᠂  4 ᠰᠠᠷ᠎ᠠ ᠶᠢᠨ 3 ᠤ ᠡᠳᠦᠷ  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ  ᠂   ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ᠂   ᠲᠡᠳ᠋ ᠬᠤᠰᠢᠭᠤ ᠲᠠᠷᠤᠭ᠎ᠠ ᠯᠢ ᠵᠠᠨ ᠪᠤᠤ  ᠨᠠᠷ  ᠲᠤᠰᠪᠤᠷᠢ ᠰᠤᠮᠤ ᠰᠢᠶᠠᠩ ᠪᠠᠯᠭᠠᠰᠤᠨ   ᠤ ᠤᠢ ᠰᠢᠭᠤᠢ ᠨᠤᠳᠤᠭ ᠪᠡᠯᠴᠢᠬᠡᠷ ᠤᠨ  ᠭᠤᠤᠯᠳᠠᠯᠭ᠎ᠠ ᠲᠠᠢ  ᠭᠠᠯ ᠰᠡᠷᠭᠡᠶᠢᠯᠡᠬᠦ ᠤᠷᠤᠨ ᠳᠤ ᠬᠦᠨᠵᠡᠬᠡᠶᠢᠷᠡᠵᠦ᠂  ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ  ᠂ ᠭᠠᠯ ᠤᠨᠳᠠᠷᠠᠭᠠᠬᠤ ᠠᠷᠭ᠎ᠠ ᠲᠦᠰᠦᠪ ᠢ   ᠭᠡᠷᠡᠭᠵᠢᠬᠦᠯᠦᠭᠰᠡᠨ ᠪᠠᠶᠢᠳᠠᠯ᠂   ᠤᠬᠠᠭᠤᠯᠭ᠎ᠠ  ᠬᠦᠮᠦᠵᠢᠯ ᠢ ᠦᠷᠨᠢᠬᠦᠯᠦᠭᠰᠡᠨ ᠪᠠᠶᠢᠳᠠᠯ᠂  ᠪᠠᠭᠠᠵᠢ ᠲᠦᠬᠦᠭᠡᠷᠦᠮᠵᠢ ᠶᠢ ᠪᠡᠯᠡᠳᠭᠡᠭᠰᠡᠨ ᠪᠠᠶᠢᠳᠠᠯ᠂  ᠵᠢᠵᠢᠬᠦᠷ ᠴᠠᠭᠳᠠᠭᠤᠯ ᠢ ᠲᠤᠬᠢᠷᠠᠭᠤᠯᠤᠭᠰᠠᠨ ᠪᠠᠶᠢᠳᠠᠯ ᠵᠡᠷᠭᠡ ᠳᠤ ᠪᠦᠬᠦ ᠲᠠᠯ᠎ᠠ ᠶᠢᠨ ᠱᠠᠭᠠᠷᠳᠠᠨ ᠪᠠᠶᠢᠴᠠᠭᠠᠯᠳᠠ ᠶᠠᠪᠤᠭᠤᠯᠵᠠᠢ᠃  
   
   ᠬᠤ᠋ ᠴᠧᠩ ᠳ᠋ᠦᠩ  ᠂  ᠯᠢ ᠵᠠᠨ ᠷᠦᠢ᠂  ᠯᠢ ᠵᠠᠨ ᠪᠤᠤ  ᠵᠡᠷᠭᠡ ᠤᠳᠤᠷᠢᠳᠤᠯᠭ᠎ᠠ ᠨᠠᠷᠢᠨ ᠪᠠᠶᠢᠳᠠᠯ ᠢ  ᠪᠠᠶᠢᠴᠠᠭᠠᠨ ᠤᠶᠢᠯᠠᠭᠠᠭᠰᠠᠨ ᠤ ᠲᠠᠷᠠᠭ᠎ᠠ  ᠂ ᠤᠳᠤ ᠪᠤᠯ ᠶᠠᠭ ᠬᠠᠪᠤᠷ ᠤᠨ ᠤᠯᠠᠷᠢᠯ ᠤᠨ ᠭᠠᠯ  ᠰᠡᠷᠭᠡᠶᠢᠯᠡᠬᠦ ᠵᠠᠩᠭᠢᠯᠠᠭ᠎ᠠ ᠶᠢᠨ ᠴᠠᠭ  ᠂  ᠢᠯᠠᠩᠭᠤᠶ᠎ᠠ ᠬᠠᠩᠰᠢ ᠶᠢᠨ ᠬᠤᠭᠤᠴᠠᠭᠠᠨ ᠤ ᠲᠠᠬᠢᠯᠭ᠎ᠠ ᠶᠢᠨ ᠠᠵᠢᠯᠯᠠᠭ᠎ᠠ ᠠᠴᠠ ᠪᠤᠯᠵᠤ ᠭᠠᠯ ᠤᠨ ᠠᠶᠤᠯ ᠨᠡᠮᠡᠭᠳᠡᠬᠦ ᠪᠤᠯᠤᠮᠵᠢ ᠲᠤᠶᠢᠯ ᠤᠨ ᠶᠡᠭᠡ ᠪᠠᠶᠢᠭ᠎ᠠ  ᠪᠤᠯᠬᠤᠷ  ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠨᠢ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ  ᠲᠡᠭᠡᠭᠰᠢᠯᠡᠬᠦᠯᠦᠨ᠂  ᠭᠠᠯ ᠰᠡᠷᠭᠡᠶᠢᠯᠡᠬᠦ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠨ ᠴᠢᠬᠤᠯᠠᠴᠢᠯᠠᠵᠤ  ᠂  ᠵᠠᠪᠰᠢᠵᠤ ᠬᠡᠯᠳᠦᠷᠢᠬᠦ ᠰᠡᠳᠬᠢᠯᠬᠡ ᠪᠠ ᠮᠢᠨᠴᠦᠬᠦᠷᠡᠵᠦ ᠠᠯᠮᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂  ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠬᠤ ᠭᠡᠷᠡᠭᠳᠡᠢ᠃  ᠴᠠᠭ ᠢᠮᠠᠭᠳᠠ ᠲᠡᠭᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠶᠢᠵᠤ᠂  ᠭᠠᠯ ᠰᠡᠷᠭᠡᠶᠢᠯᠡᠬᠦ ᠬᠠᠷᠢᠭᠤᠴᠠᠯᠭ᠎ᠠ   ᠶᠢᠨ ᠲᠦᠷᠢᠮ   ᠢ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠪᠠᠷᠢᠯ ᠢ ᠨᠠᠷᠢᠯᠢᠬᠵᠢᠭᠤᠯᠵᠤ᠂  ᠪᠠᠶᠢᠴᠠᠭᠠᠨ ᠵᠢᠯᠤᠭᠤᠳᠬᠤ ᠠᠵᠢᠯ ᠢ ᠴᠢᠩᠭᠠᠳᠬᠠᠨ  ᠂  ᠰᠤᠷᠢᠭ᠎ᠠ ᠪᠤᠯᠪᠠᠰᠤᠷᠠᠯ ᠢ ᠰᠠᠶᠢᠨ ᠬᠢᠵᠦ᠂  ᠪᠠᠴᠢᠮ ᠪᠠᠶᠢᠳᠠᠯ ᠢ  ᠠᠷᠭᠠᠴᠠᠭᠠᠵᠤ ᠰᠢᠢᠳᠪᠦᠷᠢᠯᠡᠬᠦ  ᠬᠢᠷᠢ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠡᠢ᠃  ᠤᠬᠠᠭᠤᠯᠭ᠎ᠠ ᠬᠦᠮᠦᠵᠢᠯ ᠤᠨ ᠡᠷᠴᠢᠮ ᠢ ᠴᠢᠩᠭᠠᠷᠠᠭᠤᠯᠤᠨ᠂  ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠲᠠᠨᠢᠯᠳᠠ ᠶᠢ ᠲᠡᠭᠡᠭᠰᠢᠯᠡᠬᠦᠯᠵᠦ᠂ ᠤᠯᠠᠨ ᠲᠦᠮᠡᠨ ᠢ  ᠵᠢᠯᠤᠭᠤᠳᠤᠨ ᠦᠵᠡᠯ ᠤᠬᠠᠮᠰᠠᠷ ᠢ ᠨᠢ ᠬᠤᠪᠢᠷᠠᠭᠤᠯᠵᠤ᠂  ᠪᠤᠯᠪᠠᠰᠤᠨ ᠲᠠᠬᠢᠯᠭ᠎ᠠ ᠶᠢ  ᠰᠤᠷᠳᠠᠯᠴᠢᠯᠠᠵᠤ ᠲᠡᠯᠬᠡᠷᠡᠬᠦᠯᠦᠨ᠂  ᠪᠦᠬᠦ ᠠᠷᠠᠳ ᠢᠶᠠᠷ  ᠢᠶᠠᠨ ᠭᠠᠯ ᠰᠡᠷᠭᠡᠶᠢᠯᠡᠬᠦ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ᠃ ᠵᠢᠵᠢᠬᠦᠷ ᠤᠨ ᠠᠵᠢᠯ ᠢ ᠴᠢᠩᠭᠠᠳᠬᠠᠵᠤ᠂  ᠪᠤᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂    ᠭᠠᠯ ᠰᠡᠷᠭᠡᠶᠢᠯᠡᠬᠦ ᠭᠠᠯ ᠤᠨᠳᠠᠷᠠᠭᠠᠬᠤ ᠠᠵᠢᠯᠳᠠᠳ ᠤᠨ ᠬᠤᠰᠢᠭᠤᠴᠢ  ᠶᠢᠨ ᠦᠢᠯᠡᠳᠦᠯ ᠢ ᠪᠠᠳᠠᠷᠠᠭᠤᠯᠤᠨ᠂  ᠤᠢ ᠰᠢᠭᠤᠢ ᠨᠤᠳᠤᠭ ᠪᠡᠯᠴᠢᠬᠡᠷ ᠤᠨ  ᠡᠬᠢ ᠪᠠᠶᠠᠯᠢᠭ ᠬᠢᠭᠡᠳ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠡᠢ ᠬᠡᠵᠦ  ᠱᠠᠭᠠᠷᠳᠠᠭᠰᠠᠨ ᠪᠠᠶᠢᠨ᠎ᠠ᠃   ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ  ᠲᠤᠪᠴᠢᠶ᠎ᠠ᠂  ᠵᠠᠰᠠᠭ ᠤᠨ ᠤᠷᠳᠤᠨ ᠤ ᠠᠯᠪᠠᠨ ᠭᠡᠷ᠂ ᠭᠠᠯ ᠰᠡᠷᠭᠡᠶᠢᠯᠡᠬᠦ ᠠᠯᠪᠠᠨ ᠭᠡᠷ ᠤᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号