4 ᠰᠠᠷ᠎ᠠ ᠶᠢᠨ 2 ᠤᠨ ᠡᠳᠦᠷ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠷᠢᠬᠦᠯᠡᠭᠴᠢ᠂ ᠬᠤᠰᠢᠭᠤ ᠨᠠᠮ | ᠤᠨ ᠬᠤᠷᠢᠶᠠᠨ ᠤ ᠱᠦᠵᠢ ᠪᠤᠷᠤᠬᠦᠦ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠳ᠋ᠦᠩ | ᠤᠨ ᠪᠠᠷ᠎ᠠ ᠪᠤᠯᠤᠯᠭ᠎ᠠ ᠲᠠᠢ ᠪᠠᠷ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃ ᠪᠤᠷᠤᠬᠦᠦ ᠤᠷᠢᠳ ᠬᠤᠵᠢᠳ ᠰᠠᠨ ᠵᠢᠶᠧ᠂ | ᠵᠢᠦ ᠶᠢᠩ ᠫᠠᠨ᠂ ᠮᠠ ᠹᠠᠩ ᠽᠢ ᠵᠡᠷᠭᠡ ᠲᠤᠰᠬᠤᠨ ᠤ ᠶᠠᠳᠠᠭᠤ ᠬᠦᠴᠢᠷᠳᠡᠯᠳᠡᠢ ᠡᠷᠦᠬᠡ ᠪᠠᠷ ᠤᠷᠤᠵᠤ᠂ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ᠂ ᠶᠠᠳᠠᠭᠤᠷᠠᠯ ᠤᠨ ᠰᠢᠯᠳᠠᠭᠠᠨ᠂ ᠬᠠᠪᠰᠤᠷᠤᠨ ᠲᠡᠳᠬᠦᠭᠰᠡᠨ ᠠᠷᠭ᠎ᠠ ᠭᠡᠮᠵᠢᠶ᠎ᠡ᠂ ᠤᠷᠤᠰᠢᠵᠤ | ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠳᠤ ᠨᠠᠷᠢᠨ ᠨᠢᠮᠪᠠᠢ ᠤᠶᠢᠯᠠᠭᠠᠨ ᠪᠠᠶᠢᠴᠠᠭᠠᠯᠳᠠ | ᠬᠢᠭᠰᠡᠨ ᠤ ᠲᠠᠷᠠᠭ᠎ᠠ ᠶᠠᠷᠢᠯᠴᠠᠬᠤ ᠬᠤᠷᠠᠯ ᠡᠷᠬᠢᠯᠡᠵᠦ ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠤᠨ ᠲᠤᠬᠠᠢ ᠬᠠᠷᠢᠭᠤ ᠮᠡᠳᠡᠬᠦᠯᠦᠯᠳᠡ ᠰᠤᠨᠤᠰᠴᠠᠢ᠃ | | ᠪᠤᠷᠤᠬᠦᠦ ᠱᠠᠭᠠᠷᠳᠠᠬᠤ ᠳᠠᠭᠠᠨ᠂ 2020 ᠤᠨ ᠳᠤ ᠦᠯᠡᠳᠡᠵᠦ ᠪᠠᠶᠢᠭ᠎ᠠ ᠬᠦᠮᠦᠨ ᠠᠮᠠ ᠶᠢ ᠲᠤᠭᠳᠠᠭᠤᠨ ᠢᠶᠠᠷ | ᠶᠠᠳᠠᠭᠤ ᠠᠴᠠ ᠠᠩᠭᠢᠵᠢᠷᠠᠭᠤᠯᠬᠤ ᠪᠤᠯ ᠭᠤᠤᠯ ᠠᠰᠠᠭᠤᠳᠠᠯ ᠪᠦᠬᠡᠳ ᠬᠦᠴᠢᠷ ᠲᠠᠢ ᠠᠰᠠᠭᠤᠳᠠᠯ ᠪᠤᠯᠤᠨ᠎ᠠ᠃ ᠡᠷᠭᠡᠪᠰᠢ | ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠪᠤᠭᠤᠮᠳᠠ ᠰᠢᠪᠳᠤᠯᠬᠤ ᠠᠵᠢᠯ ᠤᠨ | ᠬᠠᠳᠠᠭᠤ ᠪᠡᠷᠭᠡ ᠴᠢᠨᠠᠷ᠂ ᠪᠤᠳᠤᠯᠢᠶᠠᠨᠳᠤ ᠴᠢᠨᠠᠷ ᠤᠨ ᠲᠤᠬᠠᠢ ᠲᠠᠨᠢᠯᠳᠠ ᠪᠠᠨ ᠴᠢᠩᠭᠠᠳᠬᠠᠨ᠂ ᠪᠤᠭᠤᠮᠳᠠ ᠰᠢᠪᠳᠤᠯᠬᠤ | ᠠᠵᠢᠯ ᠢ ᠤᠳᠤᠬᠠᠨ ᠤ ᠬᠠᠮᠤᠭ ᠴᠢᠬᠤᠯᠠ ᠠᠵᠢᠯ ᠪᠤᠯᠭᠠᠵᠤ ᠰᠤᠯᠠᠷᠠᠰᠢ ᠦᠬᠡᠢ ᠠᠳᠬᠤᠬᠤ ᠭᠡᠷᠡᠭᠳᠡᠢ᠃ ᠶᠡᠭᠡ | ᠪᠠᠶᠢᠴᠠᠭᠠᠯᠳᠠ ᠶᠢᠨ ᠠᠵᠢᠯ ᠢ ᠬᠦᠨ ᠬᠦᠨᠵᠡᠬᠡᠢ ᠮᠦᠷᠳᠡᠭᠡᠨ ᠨᠠᠷᠢᠨ ᠨᠢᠮᠪᠠᠢ ᠠᠳᠬᠤᠵᠤ᠂ ᠡᠷᠦᠬᠡ ᠭᠡᠭᠡᠭᠳᠡᠬᠦᠯᠦᠯ ᠦᠬᠡᠢ | ᠲᠤᠭᠤᠷᠢᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠭᠡᠷᠡᠭᠳᠡᠢ᠂ | ᠦᠴᠦᠬᠡᠨ ᠲᠡᠳᠦᠢ ᠴᠤ ᠬᠦᠩᠭᠡᠪᠴᠢᠯᠡᠵᠦ ᠬᠠᠭᠤᠮᠠᠭᠠᠶᠢᠯᠠᠵᠤ ᠪᠤᠯᠬᠤ ᠦᠬᠡᠢ᠃ ᠡᠯ᠎ᠡ ᠱᠠᠳᠤᠨ ᠤ ᠺᠠᠳᠠᠷ ᠂ ᠢᠯᠠᠩᠭᠤᠶ᠎ᠠ | ᠭᠠᠴᠠᠭ᠎ᠠ ᠲᠤᠰᠬᠤᠨ ᠳᠤ ᠰᠠᠭᠤᠭ᠎ᠠ ᠺᠠᠳᠠᠷ ᠤᠨ ᠢᠳᠡᠪᠬᠢᠵᠢᠯ ᠢ ᠤᠯᠠᠮ ᠢᠯᠡᠬᠦᠦ ᠲᠠᠶᠢᠴᠢᠯᠠᠨ᠂ ᠡᠯ᠎ᠡ ᠲᠦᠷᠦᠯ ᠤᠨ | ᠠᠵᠢᠯ ᠢ ᠪᠠᠳᠤᠳᠠᠢ ᠰᠠᠶᠢᠨ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠦ | ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠪᠡ᠃ | | ᠬᠤᠷᠠᠯ ᠲᠡᠭᠡᠷ᠎ᠡ᠂ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠠᠴᠠ | ᠪᠠᠯᠭᠠᠰᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ | ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠢᠨᠠᠨ ᠪᠠᠶᠢᠴᠠᠭᠠᠬᠤ ᠲᠤᠪᠴᠢᠶ᠎ᠠ ᠵᠢᠴᠢ ᠴᠢᠶᠠᠨ ᠶᠢᠨ ᠭᠸᠦ | ᠪᠠᠯᠭᠠᠰᠤᠨ ᠤ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃ |