ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ ᠶᠢᠨ ᠠᠵᠢᠯ ᠢ ᠤᠯᠠᠮ ᠴᠢᠨᠠᠭᠰᠢᠳᠠ ᠲᠦᠷᠢᠮᠵᠢᠬᠦᠯᠦᠨ ᠠᠬᠢᠭᠤᠯᠵᠤ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠨᠦᠯᠦᠬᠡᠯᠡᠯ ᠠᠴᠠ ᠪᠤᠯᠤᠭᠠᠳ ᠨᠢᠬᠡ ᠪᠦᠯᠦᠭ ᠲᠡᠬᠦᠰᠦᠭᠰᠡᠨ ᠤᠶᠤᠳᠠᠨ ᠂ | ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ᠂ ᠠᠵᠢᠯ ᠤᠯᠬᠤ ᠳᠤ ᠬᠦᠴᠢᠷᠳᠡᠢ ᠬᠦᠮᠦᠰ | ᠪᠠ ᠬᠤᠪᠢ ᠶᠢᠨ ᠡᠵᠡᠩᠨᠡᠭᠴᠢᠳ ᠤᠨ ᠦᠢᠯᠡᠳᠪᠦᠷᠢᠯᠡᠯ ᠡᠵᠡᠩᠨᠡᠯᠳᠡ ᠳᠤ ᠲᠤᠯᠭᠠᠷᠠᠭᠰᠠᠨ ᠬᠦᠴᠢᠷᠳᠡᠯ ᠤᠨ ᠪᠠᠶᠢᠳᠠᠯ ᠢ | ᠨᠠᠮᠳᠠᠭᠤᠯᠤᠨ᠂ ᠠᠵᠢᠯ ᠤᠯᠵᠤ ᠦᠢᠯᠡᠰ ᠪᠦᠳᠦᠬᠡᠬᠦ ᠶᠢ ᠤᠯᠠᠮ ᠴᠢᠩᠭᠠᠳᠬᠠᠵᠤ᠂ ᠠᠵᠢᠯ ᠤᠯᠤᠯᠳᠠ ᠶᠢᠨ ᠲᠤᠭᠳᠠᠭᠤᠨ ᠢ | ᠪᠠᠳᠤᠯᠠᠬᠤ ᠶᠢᠨ ᠲᠤᠰᠠᠳᠠ᠂ ᠲᠠᠶᠢᠹᠤᠰᠧ ᠬᠤᠰᠢᠭᠤ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ ᠶᠢᠨ ᠠᠵᠢᠯ ᠢ | ᠢᠳᠡᠪᠬᠢᠳᠡᠢ ᠲᠦᠯᠬᠢᠨ ᠠᠬᠢᠭᠤᠯᠵᠤ ᠪᠠᠶᠢᠨ᠎ᠠ ᠃ | | ᠤᠶᠢᠷ᠎ᠠ ᠳᠤ᠂ ᠬᠤᠰᠢᠭᠤᠨ ᠤ ᠠᠵᠢᠯ ᠤᠯᠭᠤᠬᠤ ᠲᠤᠪᠴᠢᠶ᠎ᠠ ᠨᠢ ᠲᠤᠮᠳᠠᠳᠤ ᠤᠯᠤᠰ ᠤᠨ ᠰᠢᠤᠳᠠᠨ ᠪᠠᠩᠬᠢ ᠶᠢᠨ | ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠲᠠᠢ ᠬᠤᠯᠪᠤᠭᠠᠯᠠᠨ᠂ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ ᠠᠪᠬᠤ | ᠪᠠᠷ ᠡᠷᠡᠮᠡᠯᠵᠡᠯ ᠲᠡᠪᠰᠢᠬᠦᠯᠦᠭᠰᠡᠨ ᠬᠦᠮᠦᠰ ᠲᠤ ᠠᠬᠤᠢ ᠲᠠᠯᠠᠪᠠᠢ ᠶᠢᠨ ᠪᠠᠶᠢᠴᠠᠭᠠᠨ ᠬᠠᠷᠭᠤᠭᠤᠯᠤᠯᠳᠠ ᠬᠢᠵᠡᠢ᠃ ᠡᠨᠡ | ᠤᠳᠠᠭᠠᠨ ᠤ ᠬᠠᠷᠭᠤᠭᠤᠯᠤᠯᠳᠠ ᠨᠢ ᠬᠤᠭᠤᠯᠠ ᠤᠮᠳᠠ ᠶᠢᠨ ᠦᠢᠯᠡᠴᠢᠯᠡᠭᠡ᠂ ᠵᠢᠵᠢᠭᠯᠡᠨ ᠪᠤᠷᠤᠯᠠᠭᠤᠯᠵᠤ ᠪᠦᠬᠡᠮ ᠢᠶᠠᠷ | ᠬᠤᠳᠠᠯᠳᠤᠬᠤ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠠᠵᠢᠯ ᠲᠦᠷᠦᠯ ᠢᠶᠠᠷ ᠭᠤᠤᠯᠳᠠᠭᠰᠠᠨ 200 ᠡᠷᠦᠬᠡ ᠪᠤᠳᠠᠳᠤ | ᠴᠤᠭᠴᠠ ᠳᠤ ᠬᠤᠯᠪᠤᠭᠳᠠᠵᠤ᠂ ᠭᠤᠤᠯᠳᠠᠭᠤ ᠵᠢᠬᠡᠯᠡᠯᠬᠡ ᠠᠪᠤᠭᠴᠢ ᠶᠢᠨ ᠡᠵᠡᠩᠨᠡᠬᠦ ᠲᠦᠷᠦᠯ ᠵᠦᠢᠯ᠂ ᠡᠵᠡᠩᠨᠡᠬᠦ ᠬᠦᠷᠢᠶ᠎ᠡ | ᠬᠡᠪᠴᠢᠶ᠎ᠡ᠂ ᠡᠵᠡᠩᠨᠡᠯᠳᠡ ᠶᠢᠨ ᠲᠠᠯᠠᠪᠠᠢ ᠵᠢᠴᠢ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ᠂ ᠪᠡᠯᠡ ᠮᠦᠩᠬᠦᠨ ᠤ | ᠭᠡᠷᠡᠭᠯᠡᠭᠡ ᠵᠡᠷᠭᠡ ᠳᠤ ᠪᠠᠶᠢᠴᠠᠭᠠᠯᠳᠠ ᠬᠢᠭᠰᠡᠨ ᠪᠠᠶᠢᠨ᠎ᠠ᠃ | | ᠲᠤᠰ ᠬᠤᠰᠢᠭᠤ ᠨᠢ ᠵᠢᠬᠡᠯᠡᠯᠬᠡ ᠠᠪᠤᠭᠴᠢ ᠶᠢᠨ ᠨᠠᠷᠢᠨ ᠪᠠᠶᠢᠳᠠᠯ ᠢ ᠡᠶᠢᠨ ᠬᠦ᠋ ᠤᠶᠢᠯᠠᠭᠠᠨ ᠡᠵᠡᠮᠰᠢᠭᠰᠡᠨ ᠰᠠᠭᠤᠷᠢᠨ | ᠲᠡᠭᠡᠷ᠎ᠡ᠂ ᠨᠦᠬᠦᠴᠡᠯ ᠳᠤ ᠨᠡᠶᠢᠴᠡᠭᠰᠡᠳ ᠲᠤ ᠵᠢᠬᠡᠯᠡᠯᠬᠡ ᠶᠢ ᠴᠠᠭ ᠲᠤᠬᠠᠢ ᠳᠤᠨᠢ ᠤᠯᠭᠤᠨ᠂ ᠨᠦᠬᠦᠴᠡᠯ ᠳᠤ ᠬᠦᠷᠬᠦ ᠦᠬᠡᠢ | ᠪᠤᠯ ᠤᠴᠢᠷ ᠰᠢᠯᠳᠠᠭᠠᠨ ᠢ ᠨᠠᠷᠢᠨ ᠲᠤᠳᠤᠷᠬᠠᠢ ᠲᠠᠶᠢᠯᠪᠤᠷᠢᠯᠠᠨ ᠦᠭᠴᠦ᠂ ᠪᠠᠳᠤᠯᠠᠭᠠᠳᠤ ᠵᠢᠬᠡᠯᠡᠯᠬᠡ ᠶᠢᠨ ᠦᠢᠯᠡᠳᠦᠯ ᠢ | ᠪᠠᠳᠠᠷᠠᠭᠤᠯᠤᠨ᠂ ᠠᠵᠢᠯ ᠤᠯᠵᠤ ᠦᠢᠯᠡᠰ ᠪᠦᠳᠦᠬᠡᠬᠦ ᠶᠢ ᠠᠬᠢᠭᠤᠯᠵᠤ ᠪᠠᠶᠢᠨ᠎ᠠ᠃ | |