ᠤᠯᠤᠰ ᠲᠦᠷᠦ ᠶᠢᠨ ᠵᠦᠪᠯᠡᠯᠬᠡᠨ ᠤ ᠲᠠᠶᠢᠹᠤᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠎ ᠤ ᠭᠤᠷᠪᠠᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2020-05-14
   5 ᠰᠠᠷ᠎ᠠ ᠶᠢᠨ 13᠎ ᠤ ᠡᠳᠦᠷ᠂  ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠲᠠᠶᠢᠹᠤᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠬᠤᠰᠢᠭᠤᠨ ᠎ ᠤ ᠵᠠᠰᠠᠭ ᠵᠠᠬᠢᠷᠭᠠᠨ ᠤ ᠠᠯᠪᠠᠨ ᠠᠰᠠᠷ ᠤᠨ ᠵᠢᠷᠭᠤᠳᠤᠭᠠᠷ ᠲᠠᠪᠬᠤᠷᠭ᠎ᠠ ᠳᠤ ᠦᠪᠡᠳᠡᠭᠰᠢ ᠡᠬᠢᠯᠡᠪᠡ᠃
    ᠤᠯᠤᠰ ᠲᠦᠷᠦ ᠶᠢᠨ ᠵᠦᠪᠯᠡᠯᠬᠡᠨ ᠤ ᠲᠠᠶᠢᠹᠤᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ  ᠬᠤᠷᠢᠶᠠᠨ ᠎ ᠤ  ᠲᠡᠷᠢᠬᠦᠯᠡᠭᠴᠢ ᠡᠤ  ᠭᠧᠨ ᠸᠠ᠂  ᠲᠡᠳ᠋ ᠲᠡᠷᠢᠬᠦᠯᠡᠭᠴᠢ ᠲᠦᠩ ᠢᠤᠢ ᠴᠢᠨ᠂ ᠲᠡᠬᠦᠰ᠂   ᠸᠠᠩ ᠵᠢᠶᠠᠨ ᠵᠢᠶᠦ᠋ᠨ ᠲᠡᠷᠢᠬᠦᠯᠡᠭᠴᠢ ᠶᠢᠨ ᠲᠠᠶᠢᠰᠠᠨ ᠳᠤ  ᠰᠠᠭᠠᠳᠠᠵᠤ᠂ ᠠᠶᠢᠮᠠᠭ ᠤᠨ  ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ᠂  ᠬᠤᠰᠢᠭᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠶᠢᠨ ᠮᠢᠩ᠂ ᠬᠤᠰᠢᠭᠤ ᠨᠠᠮ ᠤᠨ ᠬᠤᠷᠢᠶᠠᠨ ᠎ ᠤ ᠲᠡᠳ᠋  ᠂ ᠬᠤᠰᠢᠭᠤ ᠲᠠᠷᠤᠭ᠎ᠠ ᠬᠤ᠋ ᠴᠧᠩ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂   ᠲᠡᠳ᠋ ᠬᠤᠰᠢᠭᠤ ᠲᠠᠷᠤᠭ᠎ᠠ ᠭᠤᠤ ᠯᠢᠶᠠᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂   ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠸᠧᠢ ᠬᠤᠩ  ᠂ ᠬᠤᠰᠢᠭᠤ ᠨᠠᠮ ᠤᠨ ᠬᠤᠷᠢᠶᠠᠨ ᠎ ᠤ ᠪᠠᠶᠢᠩᠭᠤ ᠶᠢᠨ ᠭᠡᠰᠢᠬᠦᠨ᠂ ᠨᠠᠮ ᠤᠨ ᠬᠤᠷᠢᠶᠠᠨ ᠤ  ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠵᠡᠪᠰᠡᠭᠳᠦ ᠬᠦᠴᠦᠨ ᠤ ᠭᠡᠯᠳᠡᠰ ᠤᠨ ᠲᠠᠷᠤᠭ᠎ᠠ ᠯᠢᠦ ᠰᠢᠨ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂   ᠤᠬᠠᠭᠤᠯᠬᠤ ᠬᠡᠯᠳᠡᠰ ᠤᠨ ᠲᠠᠷᠤᠭ᠎ᠠ  ᠯᠢ ᠴᠦᠨ ᠭᠤᠸᠠᠩ᠂  ᠰᠢᠬᠦᠬᠦ ᠬᠤᠷᠢᠶᠠᠨ ᠤ  ᠬᠤᠷᠢᠶᠠᠨ ᠲᠠᠷᠤᠭ᠎ᠠ ᠯᠢ ᠯᠢ ᠵᠢᠶᠦ᠋ᠨ  ᠂ ᠪᠠᠶᠢᠴᠠᠭᠠᠬᠤ ᠬᠤᠷᠢᠶᠠᠨ ᠎ ᠤ ᠪᠠᠶᠢᠴᠠᠭᠠᠴᠢ ᠲᠠᠷᠤᠭ᠎ᠠ  ᠨᠠᠷᠠᠰᠤ᠂  ᠵᠢᠷᠭᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠬᠤᠶᠠᠭᠳᠤ᠂  ᠠᠶᠢᠮᠠᠭ ᠤᠨ  ᠤᠯᠤᠰ ᠲᠦᠷᠦ ᠶᠢᠨ ᠵᠦᠪᠯᠡᠯᠬᠡᠨ ᠤ  ᠪᠠᠶᠢᠩᠭᠤ ᠶᠢᠨ ᠬᠡᠰᠢᠬᠦᠨ ᠮᠢᠩ ᠶᠤᠸᠠᠢ ᠵᠠᠩ᠂ ᠠᠶᠢᠮᠠᠭ ᠤᠨ  ᠤᠯᠤᠰ ᠲᠦᠷᠦ ᠶᠢᠨ ᠵᠦᠪᠯᠡᠯᠬᠡᠨ ᠤ  ᠭᠡᠰᠢᠬᠦᠨ ᠯᠢᠦ ᠷᠦᠨ ᠵᠢᠶᠦ᠋ᠨ᠂  ᠳ᠋ᠦ᠋ ᠰᠢᠤᠸᠠᠢ ᠯᠦᠩ᠂  ᠸᠠᠩ ᡁᠢ ᠬᠤᠸᠠ ᠤᠨᠴᠠ ᠤᠷᠢᠯᠭ᠎ᠠ ᠪᠠᠷ ᠬᠤᠷᠠᠯ ᠳᠤ ᠤᠷᠤᠯᠴᠠᠭᠰᠠᠨ ᠪᠦᠬᠡᠳ ᠲᠡᠷᠢᠬᠦᠯᠡᠭᠴᠢ ᠎ ᠶᠢᠨ ᠲᠠᠶᠢᠰᠠᠨ ᠳᠤ  ᠰᠠᠭᠠᠳᠠᠭᠰᠠᠨ ᠪᠠᠶᠢᠨ᠎ᠠ᠃     ᠤᠯᠤᠰ ᠲᠦᠷᠦ ᠶᠢᠨ ᠵᠦᠪᠯᠡᠯᠬᠡᠨ ᠤ ᠲᠠᠶᠢᠹᠤᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ  ᠎ ᠳᠤ ᠤᠷᠤᠯᠴᠠᠬᠤ ᠵᠤᠬᠢᠰᠳᠠᠢ ᠭᠡᠰᠢᠬᠦᠨ 114 ᠬᠦᠮᠦᠨ ᠪᠠᠶᠢᠵᠤ᠂  ᠪᠤᠳᠠᠳᠠᠢ ᠤᠷᠤᠯᠴᠠᠭᠰᠠᠨ ᠨᠢ 103 ᠬᠦᠮᠦᠨ ᠪᠠᠶᠢᠵᠤ᠂   ︽ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ  ᠲᠦᠷᠢᠮ︾᠎ ᠳᠤ ᠨᠡᠶᠢᠴᠡᠵᠡᠢ᠃
   ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠲᠡᠬᠦᠰ ᠬᠤᠷᠠᠯ ᠡᠷᠬᠢᠯᠡᠵᠦ᠂ ᠲᠡᠳ᠋ ᠲᠡᠷᠢᠬᠦᠯᠡᠭᠴᠢ ᠲᠦᠩ ᠢᠤᠢ ᠴᠢᠨ ᠤᠯᠤᠰ ᠲᠦᠷᠦ ᠶᠢᠨ ᠵᠦᠪᠯᠡᠯᠬᠡᠨ ᠤ ᠲᠠᠶᠢᠹᠤᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ   ᠪᠠᠶᠢᠩᠭᠤ ᠶᠢᠨ ᠬᠤᠷᠢᠶ᠎ᠠ ᠶᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠪᠡ᠃  ᠮᠡᠳᠡᠬᠦᠯᠦᠯᠳᠡ ᠎ ᠳᠤ᠂  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠎ ᠨᠢ ᠡᠯ᠎ᠡ ᠱᠠᠲᠤᠨ ᠤ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠬᠤ᠂ ᠭᠤᠷᠪᠠᠨ ᠶᠡᠭᠡ ᠪᠣᠭᠤᠮᠲᠠ ᠰᠢᠪᠲᠤᠯᠤᠯᠲᠠ ᠶᠢ ᠰᠠᠶᠢᠲᠤᠷ ᠬᠢᠬᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠲᠥᠪᠯᠡᠷᠡᠭᠦᠯᠦᠨ᠂ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠨᠠᠷᠢᠨ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠤ᠂ ᠡᠯ᠎ᠡ  ᠲᠦᠷᠦᠯ ᠤᠨ ᠠᠵᠢᠯ ᠢᠶᠠᠨ  ᠠᠯᠬᠤᠮ ᠲᠠᠷᠠᠭᠠᠯᠠᠯ ᠲᠠᠢ᠂ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃  ᠨᠢᠬᠡ ᠳᠤ᠂ ᠣᠨᠣᠯ ᠢᠶᠠᠷ ᠵᠡᠪᠰᠡᠭᠯᠡᠬᠦ ᠶᠢ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠷᠭᠡᠨ ᠣᠯᠠᠨ ᠭᠡᠰᠢᠭᠦᠳ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠎ ᠬᠢᠨ ᠢ ᠪᠦᠯᠬᠦᠮᠳᠡᠭᠦᠯᠦᠨ ᠵᠢᠯᠣᠭᠤᠳᠴᠤ᠂ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠪᠠ᠃  ᠬᠤᠶᠠᠷ ᠲᠤ᠂ ᠪᠦᠬᠦ ᠬᠤᠰᠢᠭᠤᠨ ᠤ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠠᠵᠢᠯ ᠤᠨ ᠤᠳᠤᠷᠢᠳᠤᠮᠵᠢ ᠶᠢ ᠲᠣᠭᠲᠠᠭᠠᠨ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠦᠨ᠎ᠡ ᠥᠷᠲᠡᠭ ᠲᠠᠢ ᠵᠥᠪᠯᠡᠯᠭᠡ ᠬᠢᠵᠦ ᠰᠠᠨᠠᠯ ᠳᠤᠷᠠᠳᠤᠭᠰᠠᠨ ᠦᠷ᠎ᠡ ᠪᠦᠲᠦᠭᠡᠯ ᠣᠯᠪᠠ᠃ ᠭᠤᠷᠪᠠ ᠳᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠲᠥᠪ ᠬᠤᠷᠢᠶᠠᠨ ᠤ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠬᠡᠷᠡᠭᠵᠢᠭᠦᠯᠬᠦ ᠰᠠᠨᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠨ ᠤ ᠵᠥᠪᠯᠡᠬᠦ ᠲᠥᠯᠥᠪᠯᠡᠭᠡ ᠳᠤ ᠲᠣᠭᠲᠠᠭᠠᠭᠰᠠᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠥᠪᠯᠡᠬᠦ ᠰᠡᠳᠦᠪ ᠤᠨ ᠲᠣᠭᠤᠷᠢᠨ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠬᠡᠯᠪᠡᠷᠢ ᠶᠢ ᠲᠠᠰᠤᠷᠠᠯᠲᠠ ᠤᠢᠭᠡᠢ ᠰᠢᠨᠡᠴᠢᠯᠡᠵᠦ᠂ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠲᠤᠰᠬᠠᠶ ᠲᠥᠷᠥᠯ ᠤᠨ ᠠᠷᠠᠳᠴᠢᠯᠠᠯ ᠢᠶᠠᠷ ᠦᠨᠡᠯᠡᠨ ᠵᠥᠪᠯᠡᠬᠦ ᠠᠵᠢᠯ ᠥᠷᠨᠢᠭᠦᠯᠦᠨ᠂ ᠬᠢᠨᠠᠯᠲᠠ ᠲᠠᠯᠪᠢᠬᠤ ᠴᠢᠨᠠᠷᠲᠠᠶ ᠪᠠᠶᠢᠴᠠᠭᠠᠨ ᠰᠤᠳᠤᠯᠤᠯᠲᠠ᠂ ᠪᠠᠶᠢᠴᠠᠭᠠᠨ ᠦᠵᠡᠬᠦ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠪᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠵᠠᠰᠠᠭ ᠤᠨ ᠰᠤᠷᠲᠠᠯ ᠠᠵᠢᠯ ᠲᠥᠷᠥᠯ ᠤᠨ ᠰᠤᠷᠲᠠᠯ ᠢ ᠦᠨᠡᠯᠡᠬᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠬᠤ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠶᠢᠴᠠᠭᠠᠬᠤ ᠵᠡᠷᠭᠡ ᠬᠢᠨᠠᠯᠲᠠ ᠲᠠᠯᠪᠢᠬᠤ ᠪᠠ ᠦᠨᠡᠯᠡᠬᠦ ᠠᠵᠢᠯᠯᠠᠭ᠎ᠠ ᠳᠤ ᠣᠷᠣᠯᠴᠠᠭᠤᠯᠪᠠ᠃ ᠤᠯᠤᠰ ᠲᠥᠷᠥ ᠶᠢᠨ ᠵᠥᠪᠯᠡᠯᠭᠡᠨ ᠤ 6 ᠭᠡᠰᠢᠭᠦᠨ ᠢ ᠠᠷᠠᠳ ᠤᠨ ᠬᠠᠪᠰᠤᠷᠤᠨ ᠰᠢᠭᠦᠭᠴᠢ ᠪᠠᠷ ᠲᠠᠨᠢᠯᠴᠠᠭᠤᠯᠵᠤ᠂ ᠬᠠᠤᠯᠢ ᠪᠠᠷᠢᠬᠤ ᠠᠷᠠᠳᠴᠢᠯᠠᠯ ᠢ ᠪᠠᠳᠠᠷᠠᠭᠤᠯᠤᠨ᠂ ᠬᠠᠤᠯᠢ ᠪᠠᠷᠢᠬᠤ ᠶᠢ ᠢᠯᠡ ᠪᠣᠯᠭᠠᠬᠤ ᠶᠢ ᠠᠬᠢᠭᠤᠯᠤᠨ᠂ ᠬᠠᠤᠯᠢ ᠪᠠᠷᠢᠬᠤ ᠲᠥᠪ ᠭᠤᠤᠯᠴᠢ ᠶᠢ ᠪᠠᠲᠤᠯᠠᠨ᠂ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢ ᠨᠡᠮᠡᠭᠳᠡᠭᠦᠯᠵᠦ᠂ ᠰᠢᠯᠢᠳᠡᠭ ᠰᠠᠶᠢᠨ ᠨᠡᠶᠢᠭᠡᠮ ᠤᠨ ᠦᠷ᠎ᠡ ᠨᠥᠯᠥᠭᠡ ᠣᠯᠪᠠ᠃ ᠲᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠢᠯᠠᠯᠲᠠ ᠶᠢ ᠣᠯᠬᠤ ᠪᠣᠯ ᠪᠦᠬᠦ ᠬᠤᠰᠢᠭᠤᠨ ᠤ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠥᠭᠵᠢᠯᠲᠡ ᠳᠤ ᠬᠦᠴᠦᠨ ᠢᠶᠠᠨ ᠨᠡᠮᠡᠷᠢᠯᠡᠬᠦ ︽ᠨᠢᠭᠡᠳᠦᠭᠡᠷ ᠹᠷᠣᠨᠲ︾᠎ ᠤᠨ ᠠᠵᠢᠯ ᠪᠣᠯᠤᠨ᠎ᠠ᠃ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠦᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠬᠦᠬᠦ ᠡᠲᠡᠭᠡᠳ ᠢ ᠨᠠᠷᠢᠯᠢᠭ ᠣᠨᠣᠪᠴᠢᠲᠠᠢ ᠪᠠᠶᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠠᠬᠢᠴᠠ ᠦᠷ᠎ᠡ ᠪᠦᠲᠦᠮᠵᠢ ᠵᠡᠷᠭᠡ ᠠᠭᠤᠯᠭ᠎ᠠ ᠲᠠᠢ ᠨᠢᠭᠲᠠ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠬᠢᠵᠦ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ᠂ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠢᠯᠠᠯᠲᠠ ᠶᠢ ᠣᠯᠬᠤ ᠳᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠬᠤᠷᠠᠮᠳᠤᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠤᠷᠢᠳ ᠬᠤᠵᠢᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠪᠠᠶᠢᠩᠭᠤ ᠶᠢᠨ ᠬᠤᠷᠢᠶ᠎ᠠ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠤᠨ ᠲᠤᠬᠠᠶ ᠲᠤᠰᠬᠠᠶ ᠰᠡᠳᠦᠪ ᠢᠶᠠᠷ ᠵᠠᠰᠠᠭ ᠤᠨ ᠶᠠᠪᠤᠳᠠᠯ ᠢ ᠵᠥᠪᠳᠡᠯᠴᠡᠵᠦ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠰᠠᠨᠠᠯ ᠰᠠᠨᠠᠭᠤᠯᠭ᠎ᠠ ᠳᠤᠷᠠᠳᠴᠤ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠰᠠᠶᠢᠨ ᠰᠠᠨᠠᠯ ᠰᠠᠨᠠᠭᠤᠯᠭ᠎ᠠ᠂ ᠠᠷᠭ᠎ᠠ ᠪᠣᠳᠣᠯᠭ᠎ᠠ ᠳᠡᠪᠰᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠬᠠᠩᠭᠠᠪᠠ᠃ ᠲᠠᠪᠤ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠡᠷᠢᠭᠦᠨ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠠᠭᠤᠷᠢ ᠪᠠᠨ ᠲᠠᠰᠤᠷᠠᠯᠲᠠ ᠤᠢᠭᠡᠢ ᠪᠠᠲᠤᠳᠬᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠬᠦᠴᠦᠯᠡᠨ ᠴᠢᠩᠭᠠᠳᠬᠠᠵᠤ᠂ ︽ᠶᠠᠭᠤ ᠬᠢᠭᠰᠡᠨ︾ ︽ᠬᠡᠳᠦᠶ ᠬᠢᠭᠰᠡᠨ︾᠎ ᠠᠴᠠ ︽ᠶᠠᠮᠠᠷ ᠦᠷ᠎ᠡ ᠪᠦᠲᠦᠮᠵᠢ ᠭᠠᠷᠭᠠᠭᠰᠠᠨ︾ ᠲᠡᠶᠢᠰᠢ ᠬᠤᠪᠢᠷᠠᠪᠠ  ᠭᠡᠵᠦ  ᠦᠩᠭᠡᠷᠡᠭᠰᠡᠨ ᠨᠢᠬᠡ ᠵᠢᠯ ᠤᠨ ᠠᠵᠢᠯ ᠢᠶᠠᠨ ᠨᠠᠷᠢᠨ ᠨᠢᠮᠪᠠᠢ ᠳ᠋ᠦᠩᠨᠡᠭᠰᠡᠨ ᠤ ᠬᠠᠮᠳᠤ  ᠂2020 ᠤᠨ ᠳᠤ  ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ  ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠠᠪᠤᠳᠠᠯ ᠢ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠬᠦ ᠭᠤᠤᠯ ᠲᠡᠩᠭᠡᠯᠢᠭ ᠪᠣᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠶᠢ ᠪᠣᠳᠠᠲᠠᠢ  ᠨᠠᠶᠢᠳᠠᠪᠤᠷᠢᠵᠢᠭᠤᠯᠤᠨ᠎ᠠ  ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠣᠯ ᠲᠤᠰᠬᠠᠶ ᠵᠥᠪᠯᠡᠬᠦ ᠪᠠᠶᠢᠭᠤᠯᠤᠮᠵᠢ ᠮᠥᠨ᠂ ᠵᠥᠪᠯᠡᠬᠦ ᠶᠠᠪᠤᠴᠠ ᠳᠠᠭᠠᠨ ᠥᠷᠭᠡᠨ ᠢᠶᠠᠷ ᠪᠦᠯᠬᠦᠮᠳᠡᠬᠦ ᠶᠢ ᠠᠬᠢᠭᠤᠯᠤᠨ᠂ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠶᠢ ᠠᠬᠢᠭᠤᠯᠤᠨ᠂ ᠣᠶᠤᠨ ᠤᠬᠠᠭᠠᠨ ᠪᠠ ᠬᠦᠴᠦᠨ ᠴᠢᠳᠠᠯ ᠢ  ᠨᠢᠬᠳᠠᠷᠠᠭᠤᠯᠵᠤ᠂ ᠨᠠᠮ ᠵᠠᠰᠠᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ᠂ ᠤᠯᠤᠰ ᠲᠥᠷᠥ ᠶᠢᠨ ᠵᠥᠪᠯᠡᠯᠭᠡᠨ ᠤ ᠴᠢᠳᠠᠯ ᠤᠨ ᠵᠠᠷᠴᠢᠮ ᠶᠣᠰᠣᠭᠠᠷ᠂ ᠦᠨᠳᠦᠰᠦᠨ ᠱᠠᠲᠤᠨ ᠠᠴᠠ ᠠᠷᠭ᠎ᠠ ᠪᠣᠳᠣᠯᠭ᠎ᠠ ᠠᠰᠠᠭᠤᠬᠤ᠂ ᠦᠢᠯᠡᠳᠦᠯᠭᠡ ᠠᠴᠠ ᠠᠷᠭ᠎ᠠ ᠪᠣᠳᠣᠯᠭ᠎ᠠ ᠡᠷᠢᠬᠦ᠂ ᠵᠥᠪᠳᠡᠨ ᠵᠥᠪᠳᠡᠯᠴᠡᠬᠦ ᠶᠢ ᠪᠠᠷᠢᠮᠲᠠᠯᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠪᠦᠬᠦ ᠬᠤᠰᠢᠭᠤᠨ ᠤ ᠬᠥᠭᠵᠢᠯᠲᠡ ᠲᠠᠢ ᠨᠢᠭᠡᠳᠦᠭᠦᠯᠬᠦ ᠪᠠᠷ ᠴᠢᠷᠮᠠᠶᠢᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ  ᠨᠡᠶᠢᠴᠡᠬᠦᠯᠦᠨ᠎ᠡ᠃ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠰᠢᠨᠵᠢᠯᠡᠨ ᠪᠠᠶᠢᠴᠠᠭᠠᠬᠤ᠂ ᠰᠤᠷᠤᠯᠴᠠᠵᠤ ᠪᠠᠶᠢᠴᠠᠭᠠᠨ ᠰᠤᠳᠤᠯᠬᠤ᠂ ᠵᠥᠪᠳᠡᠯᠴᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠯ᠎ᠡ ᠵᠦᠢᠯ ᠤᠨ ᠠᠵᠢᠯᠯᠠᠭ᠎ᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ ᠂ ᠰᠠᠨᠠᠯ ᠵᠥᠪᠯᠡᠯᠭᠡ ᠳᠤᠷᠠᠳᠤᠭᠰᠠᠨ ᠦᠷ᠎ᠡ ᠪᠦᠲᠦᠭᠡᠯ᠂ ᠦᠵᠡᠯ ᠰᠠᠨᠠᠭᠠᠨ ᠤ ᠣᠯᠤᠯᠲᠠ ᠳᠡᠭᠡᠷ᠎ᠡ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠵᠦ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠤᠨ ᠪᠠᠶᠢᠳᠠᠯ᠂ ᠠᠷᠠᠳ ᠤᠨ ᠰᠠᠨᠠᠭ᠎ᠠ ᠶᠢ ᠢᠮᠠᠭᠲᠠ ᠠᠵᠢᠯ ᠤᠨ ᠪᠦᠲᠦᠮᠵᠢ ᠶᠢᠨ ᠬᠡᠮᠵᠢᠭᠦᠷ ᠪᠣᠯᠭᠠᠵᠤ᠂ ᠠᠷᠠᠳ ᠤᠨ ᠪᠣᠳᠣᠵᠤ ᠪᠠᠶᠢᠭ᠎ᠠ ᠵᠦᠢᠯ ᠢ ᠮᠡᠳᠡᠵᠦ᠂ ᠠᠷᠠᠳ ᠤᠨ ᠬᠦᠰᠡᠵᠦ ᠪᠠᠶᠢᠭ᠎ᠠ ᠵᠦᠢᠯ ᠢ ᠰᠡᠷᠡᠵᠦ᠂ ᠠᠷᠠᠳ ᠤᠨ ᠵᠣᠪᠠᠵᠤ ᠪᠠᠶᠢᠭ᠎ᠠ ᠵᠦᠢᠯ ᠢ ᠰᠢᠢᠳᠪᠦᠷᠢᠯᠡᠵᠦ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠳᠤ ᠪᠣᠳᠠᠲᠠᠢ ᠠᠵᠢᠯ᠂ ᠰᠠᠶᠢᠨ ᠶᠠᠪᠤᠳᠠᠯ  ᠬᠢᠨ᠎ᠡ᠃ ︽ᠠᠮᠢᠵᠢᠷᠠᠯ ᠤᠨ ᠬᠦᠴᠦᠨ ᠪᠦᠬᠦᠢ ᠤᠯᠤᠰ ᠲᠥᠷᠥ ᠶᠢᠨ ᠵᠥᠪᠯᠡᠯᠭᠡᠨ᠂ ᠬᠦᠴᠦᠨ ᠴᠢᠳᠠᠪᠬᠢ ᠪᠦᠬᠦᠢ ᠤᠯᠤᠰ ᠲᠥᠷᠥ ᠶᠢᠨ ᠵᠥᠪᠯᠡᠯᠭᠡᠨ᠂ ᠠᠵᠢᠯ ᠦᠢᠯᠡᠰ ᠪᠦᠲᠦᠭᠡᠬᠦ ᠤᠯᠤᠰ ᠲᠥᠷᠥ ᠶᠢᠨ ᠵᠥᠪᠯᠡᠯᠭᠡᠨ︾᠎ ᠢ ᠪᠠᠶᠢᠭᠤᠯᠬᠤ ᠬᠠᠷᠠᠯᠲᠠ ᠳᠤ ᠰᠠᠭᠤᠷᠢᠯᠠᠨ᠂ ᠬᠠᠮᠢᠶᠠᠷᠤᠯᠲᠠ ᠪᠠᠨ ᠴᠢᠩᠭᠠᠳᠬᠠᠨ ᠵᠢᠷᠤᠮᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠎ᠡ ᠬᠡᠵᠦ ᠡᠨᠡ ᠵᠢᠯ ᠤᠨ ᠡᠬᠦᠷᠭᠡ ᠬᠠᠷᠠᠯᠳᠠ ᠶᠢ  ᠲᠤᠭᠳᠠᠵᠠᠢ᠃
ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠸᠠᠩ ᠵᠢᠶᠠᠨ ᠵᠢᠶᠦ᠋ᠨ ᠠᠷᠪᠠᠳᠤᠭᠠᠷ ᠬᠤᠭᠤᠴᠠᠭᠠᠨ ᠤ  ᠬᠤᠶᠠᠳᠤᠭᠠᠷ ᠬᠤᠷᠠᠯ ᠠᠴᠠ ᠨᠠᠰᠢᠬᠢ  ᠰᠠᠨᠠᠯ ᠲᠤᠷᠠᠳᠤᠯᠭ᠎ᠠ ᠶᠢᠨ ᠠᠵᠢᠯ ᠤᠨ ᠮᠡᠳᠡᠬᠦᠯᠦᠯᠳᠡ ᠬᠢᠪᠡ᠃  ᠮᠡᠳᠡᠬᠦᠯᠦᠯᠳᠡ ᠳᠤ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠦᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠪᠠ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠪᠠ ᠠᠷᠠᠳ ᠤᠨ ᠠᠮᠢᠳᠤᠷᠠᠯ ᠤᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠠᠨᠠᠯ ᠳᠤᠷᠠᠳᠤᠯᠭ᠎ᠠ ᠪᠠᠷ ᠳᠠᠮᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠰᠠᠨᠠᠯ ᠳᠤᠷᠠᠳᠤᠯᠭ᠎ᠠ ᠳᠤᠷᠠᠳᠴᠠᠢ᠃ ᠨᠢᠭᠡ ᠵᠢᠯ ᠤᠨ ᠲᠤᠷᠰᠢ᠂ ᠭᠡᠰᠢᠭᠦᠳ 113 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠡᠭᠦᠨ ᠤ ᠳᠣᠲᠣᠷ᠎ᠠ ᠭᠡᠰᠢᠭᠦᠨ ᠤ ᠬᠤᠪᠢ ᠬᠥᠮᠦᠨ ᠤ ᠰᠠᠨᠠᠯ ᠳᠤᠷᠠᠳᠤᠯᠭ᠎ᠠ 108 ᠬᠤᠪᠢ᠂ ᠨᠡᠷ᠎ᠡ ᠬᠤᠯᠪᠣᠭᠠᠯᠠᠭᠰᠠᠨ ᠰᠠᠨᠠᠯ ᠳᠤᠷᠠᠳᠤᠯᠭ᠎ᠠ 5 ᠬᠤᠪᠢ᠂ 111 ᠬᠤᠪᠢ ᠰᠠᠨᠠᠯ ᠳᠤᠷᠠᠳᠤᠯᠭ᠎ᠠ ᠶᠢ ᠨᠢ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠵᠤ᠂ 2 ᠬᠤᠪᠢ ᠶᠢ ᠨᠢ ᠬᠡᠷᠡᠭ ᠪᠣᠯᠭᠠᠨ ᠳᠠᠩᠰᠠᠯᠠᠭᠰᠠᠨ ᠦᠭᠡᠶ᠃ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶᠢᠨ ᠠᠭᠤᠯᠭ᠎ᠠ ᠨᠢ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠳᠤ ᠬᠤᠯᠪᠣᠭᠳᠠᠬᠤ ᠨᠢ 28 ᠬᠤᠪᠢ᠂ 24.8%᠎ ᠶᠢ ᠡᠵᠡᠯᠡᠨ᠎ᠡ︔ ᠰᠣᠶᠣᠯ ᠤᠨ ᠪᠠᠶᠢᠭᠤᠯᠤᠯᠲᠠ ᠳᠤ ᠬᠤᠯᠪᠣᠭᠳᠠᠬᠤ ᠨᠢ 32 ᠬᠤᠪᠢ᠂ 28.3%᠎ ᠶᠢ ᠡᠵᠡᠯᠡᠨ᠎ᠡ︔ ᠨᠡᠶᠢᠭᠡᠮ ᠤᠨ ᠪᠠᠶᠢᠭᠤᠯᠤᠯᠲᠠ ᠳᠤ ᠬᠤᠯᠪᠣᠭᠳᠠᠬᠤ ᠨᠢ 46 ᠬᠤᠪᠢ᠂ 40.7%᠎ ᠶᠢ ᠡᠵᠡᠯᠡᠨ᠎ᠡ︔ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠤᠯᠪᠣᠭᠳᠠᠬᠤ ᠨᠢ 7 ᠬᠤᠪᠢ᠂ 6.2%᠎ ᠢ ᠡᠵᠡᠯᠡᠨ᠎ᠡ᠃ ᠬᠡᠷᠡᠭ ᠪᠣᠯᠭᠠᠨ ᠳᠠᠩᠰᠠᠯᠠᠬᠤ ᠰᠠᠨᠠᠯ ᠳᠤᠷᠠᠳᠤᠯᠭ᠎ᠠ ᠶᠢ ᠱᠠᠲᠤ ᠬᠤᠪᠢᠶᠠᠨ ᠬᠠᠷᠢᠭᠤᠴᠠᠬᠤ᠂ ᠬᠠᠷᠢᠶᠠᠯᠠᠯ ᠳᠤᠨᠢ ᠲᠣᠬᠢᠷᠠᠭᠤᠯᠤᠨ ᠰᠢᠢᠳᠪᠦᠷᠢᠯᠡᠬᠦ ᠵᠠᠷᠴᠢᠮ ᠶᠣᠰᠣᠭᠠᠷ᠂ ᠴᠠᠭ ᠲᠤᠬᠠᠶ ᠳᠤᠨᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠰᠤᠳᠤᠯᠤᠨ ᠰᠢᠢᠳᠪᠦᠷᠢᠯᠡᠭᠦᠯᠪᠡ︔ ᠬᠡᠷᠡᠭ ᠪᠣᠯᠭᠠᠨ ᠳᠠᠩᠰᠠᠯᠠᠭᠰᠠᠨ ᠦᠭᠡᠢ ᠰᠠᠨᠠᠯ ᠳᠤᠷᠠᠳᠤᠯᠭ᠎ᠠ ᠶᠢ ᠴᠠᠭ ᠲᠤᠬᠠᠶ ᠳᠤᠨᠢ ᠵᠠᠬᠢᠳᠠᠯ ᠪᠠ ᠤᠲᠠᠰᠤᠳᠠᠬᠤ ᠠᠷᠭ᠎ᠠ ᠮᠠᠶ᠋ᠢᠭ ᠢᠶᠠᠷ ᠰᠠᠨᠠᠯ ᠳᠤᠷᠠᠳᠤᠯᠭ᠎ᠠ ᠳᠤᠷᠠᠳᠤᠭᠰᠠᠳ ᠲᠤ ᠮᠡᠳᠡᠭᠳᠡᠬᠦ ᠶᠢᠨ ᠬᠠᠮᠲᠤ ᠭᠡᠰᠢᠭᠦᠳ ᠤᠨ ᠵᠠᠬᠢᠳᠠᠯ ᠪᠠ ᠰᠠᠨᠠᠭᠤᠯᠭ᠎ᠠ ᠪᠣᠯᠭᠠᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠮᠵᠢᠭᠤᠯᠤᠨ ᠬᠦᠷᠭᠡᠵᠦ ᠰᠤᠳᠤᠯᠬᠤ ᠯᠠᠪᠯᠠᠯᠲᠠ ᠪᠣᠯᠭᠠᠨ᠎ᠠ᠃ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠪᠠ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠪᠥᠭᠡᠳ ᠰᠢᠢᠳᠪᠦᠷᠢᠯᠡᠭᠰᠡᠨ ᠨᠣᠷᠮ᠎ᠠ ᠨᠢ 100%᠎ ᠳᠤ ᠬᠦᠷᠴᠡᠶ᠃ ᠶᠡᠷᠦᠩᠬᠡᠶ ᠳᠤᠨᠢ ᠠᠪᠴᠤ ᠦᠵᠡᠪᠡᠯ᠂ ᠰᠠᠨᠠᠯ ᠳᠤᠷᠠᠳᠤᠯᠭ᠎ᠠ ᠶᠢᠨ ᠠᠭᠤᠯᠭ᠎ᠠ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠮᠠᠰᠢ ᠣᠯᠠᠨ ᠰᠠᠨᠠᠯ ᠰᠠᠨᠠᠭᠤᠯᠭ᠎ᠠ ᠶᠢ ᠬᠦᠯᠢᠶᠡᠨ ᠠᠪᠤᠭᠰᠠᠨ ᠪᠥᠭᠡᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ᠂ ᠴᠢᠬᠤᠯᠠ ᠪᠠᠶᠢᠷᠢᠯᠠᠭᠤᠯᠤᠯᠲᠠ ᠪᠣᠯᠤᠨ ᠰᠠᠯᠠᠭ᠎ᠠ ᠮᠥᠴᠢᠷ ᠤᠨ ᠠᠵᠢᠯ ᠳᠤ ᠨᠠᠶᠢᠳᠠᠪᠤᠷᠢᠵᠢᠭᠤᠯᠤᠭᠰᠠᠨ ᠪᠤᠶᠤ ᠢᠯᠡᠷᠡᠭᠦᠯᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ᠂ ᠰᠠᠨᠠᠯ ᠳᠤᠷᠠᠳᠤᠯᠭ᠎ᠠ ᠪᠠᠷ ᠳᠠᠮᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠵᠤ᠂ ᠮᠠᠰᠢ ᠣᠯᠠᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠠᠶ  ᠭᠡᠵᠦ 2019 ᠤᠨ ᠤ ᠰᠠᠨᠠᠯ ᠲᠤᠷᠠᠳᠤᠯᠭ᠎ᠠ ᠶᠢᠨ ᠠᠵᠢᠯ ᠢᠶᠠᠨ ᠳ᠋ᠦᠩᠨᠡᠭᠰᠡᠨ ᠤ ᠬᠠᠮᠳᠤ᠂ 2020 ᠤᠨ ᠳᠤ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠨᠢ ᠰᠠᠭᠤᠷᠢ ᠪᠠᠨ ᠴᠢᠩᠭᠠᠳᠬᠠᠨ᠂ ᠰᠠᠨᠠᠯ ᠳᠤᠷᠠᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂  ᠵᠠᠩᠭᠢᠯᠠᠭ᠎ᠠ ᠶᠢ ᠠᠳᠬᠤᠨ᠂ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ  ᠲᠡᠭᠡᠷ ᠬᠦᠴᠦ ᠲᠠᠯᠪᠢᠵᠤ᠂  ᠪᠠᠲᠤᠯᠠᠭ᠎ᠠ ᠶᠢ  ᠴᠢᠬᠤᠯᠠᠴᠢᠯᠠᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠲᠡᠭᠡᠷ ᠬᠦᠴᠦ ᠲᠠᠯᠪᠢᠵᠤ᠂ ᠬᠠᠮᠲᠤ ᠶᠢᠨ ᠲᠠᠨᠢᠯᠲᠠ ᠶᠢ  ᠲᠦᠪᠯᠡᠷᠡᠬᠦᠯᠦᠨ᠂ ᠡᠯ᠎ᠡ ᠲᠠᠯ᠎ᠠ ᠶᠢᠨ ᠬᠢᠨ ᠤ ᠨᠢᠭᠡᠳᠦᠯᠲᠡᠶ  ᠲᠦᠯᠦᠪᠵᠢᠬᠦᠯᠬᠡ ᠶᠢ ᠴᠢᠩᠭᠠᠳᠬᠠᠬᠤ  ᠲᠡᠭᠡᠷ᠎ᠡ ᠬᠦᠴᠦ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠠᠨᠠᠯ ᠳᠤᠷᠠᠳᠤᠯᠭ᠎ᠠ ᠶᠢᠨ ᠬᠡᠯᠪᠡᠷᠢ ᠶᠢ ᠭᠦᠢᠴᠡᠳ ᠠᠰᠢᠭᠯᠠᠵᠤ᠂ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠬᠦᠯᠦᠨ᠎ᠡ ᠬᠡᠵᠦ  ᠬᠠᠷᠠᠯᠳᠠ ᠵᠤᠷᠢᠯᠳᠠ ᠪᠠᠨ ᠢᠯᠡᠷᠭᠡᠶᠢᠯᠡᠭᠰᠡᠨ ᠪᠠᠶᠢᠨ᠎ᠠ᠃
     ᠪᠤᠷᠤᠬᠦᠦ ᠶᠡᠭᠡ ᠬᠤᠷᠠᠯ ᠲᠡᠭᠡᠷ᠎ᠡ  ᠶᠠᠷᠢᠶ᠎ᠠ ᠲᠠᠯᠪᠢᠬᠤ ᠳᠠᠭᠠᠨ᠂   ᠦᠩᠭᠡᠷᠡᠭᠰᠡᠨ ᠨᠢᠬᠡ ᠵᠢᠯ ᠪᠤᠯ ᠲᠠᠶᠢᠹᠤᠰᠧ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠎ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ ᠤᠯᠬᠤ ᠶᠠᠪᠤᠴᠠ ᠳᠠᠬᠢ  ᠯᠠᠪᠳᠠᠭᠤᠨ ᠪᠠᠳᠤᠳᠠᠢ ᠠᠯᠬᠤᠭᠰᠠᠨ ᠨᠢᠬᠡ ᠵᠢᠯ ᠪᠤᠯᠤᠨ᠎ᠠ᠃    ᠨᠢᠬᠡ ᠵᠢᠯ ᠤᠨ ᠲᠤᠷᠰᠢ᠂   ᠬᠤᠰᠢᠭᠤ ᠤᠯᠤᠰ ᠲᠦᠷᠦ ᠶᠢᠨ ᠵᠦᠪᠯᠡᠯᠬᠡᠨ ᠪᠠᠷ  ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠢᠮᠠᠭᠳᠠ ᠪᠠᠷᠢᠮᠳᠠᠯᠠᠨ᠂  ᠪᠦᠯᠬᠦᠮᠳᠡᠯ ᠪᠠ ᠠᠷᠠᠳᠴᠢᠯᠠᠯ ᠤᠨ ᠬᠤᠶᠠᠷ ᠲᠤᠮᠤ ᠰᠡᠳᠦᠪ  ᠎ ᠢ ᠪᠠᠳᠤ ᠡᠵᠡᠮᠳᠡᠵᠦ᠂ ᠬᠤᠰᠢᠭᠤ ᠨᠠᠮ ᠤᠨ ᠬᠤᠷᠢᠶᠠᠨ ᠤ ᠭᠤᠤᠯᠳᠠᠯᠭᠠᠳᠤ ᠠᠵᠢᠯ ᠤᠨ ᠲᠤᠭᠤᠷᠢᠨ ᠳᠤ᠂ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ᠂ ᠬᠦᠴᠦᠨ ᠴᠢᠳᠠᠯ ᠢ  ᠲᠦᠪᠯᠡᠷᠡᠬᠦᠯᠬᠦ᠂   ᠰᠠᠨᠠᠯ ᠲᠡᠪᠰᠢᠬᠦᠯᠵᠦ ᠪᠤᠳᠤᠯᠭ᠎ᠠ ᠡᠷᠬᠦᠬᠦ ᠴᠢᠬᠤᠯᠠ  ᠦᠢᠯᠡᠳᠦᠯ ᠢᠶᠠᠨ ᠪᠠᠳᠠᠷᠠᠭᠤᠯᠤᠨ᠂  ᠤᠯᠤᠰ ᠲᠦᠷᠦ ᠶᠢᠨ ᠵᠦᠪᠯᠡᠯᠬᠡᠨ ᠤ  ᠠᠵᠢᠯ ᠦᠢᠯᠡᠰ ᠤᠨ ᠰᠢᠨ᠎ᠡ ᠪᠠᠶᠢᠳᠠᠯ ᠢ ᠡᠬᠦᠳᠦᠭᠰᠡᠨ ᠪᠠᠶᠢᠨ᠎ᠠ  ᠬᠡᠵᠦ ᠵᠢᠭᠠᠵᠤ ᠭᠠᠷᠭᠠᠭᠰᠠᠨ ᠪᠦᠬᠡᠳ 2020 ᠤᠨ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ ᠤᠯᠬᠤ ᠪᠠ  ︽ᠠᠷᠪᠠᠨ ᠭᠤᠷᠪᠠᠳᠤᠭᠠᠷ  ᠲᠠᠪᠤᠨ ᠵᠢᠯ︾᠎ ᠤᠨ ᠲᠦᠯᠦᠪᠵᠢᠬᠦᠯᠬᠡ ᠶᠢ ᠠᠮᠵᠢᠯᠳᠠᠳᠠᠢ ᠪᠡᠶᠡᠯᠡᠬᠦᠯᠬᠦ  ᠵᠠᠩᠭᠢᠯᠠᠭ᠎ᠠ ᠶᠢᠨ ᠵᠢᠯ  ᠪᠦᠬᠡᠳ ᠮᠠᠨ ᠤ ᠬᠤᠰᠢᠭᠤᠨ ᠤ ᠠᠵᠤ ᠦᠢᠯᠡᠰ ᠤᠨ ᠬᠡᠯᠪᠡᠷᠢ  ᠎ ᠶᠢ ᠬᠤᠪᠢᠷᠠᠭᠤᠯᠤᠨ ᠲᠡᠰ ᠲᠡᠪᠰᠢᠬᠦᠯᠬᠦ  ᠎ ᠪᠠᠨ ᠲᠦᠷᠭᠡᠳᠬᠡᠵᠦ᠂  ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠴᠢᠬᠤᠯᠠ  ᠨᠢᠬᠡᠨ ᠵᠢᠯ  ᠪᠤᠯᠬᠤᠷ᠂ ᠡᠨᠡ  ᠵᠢᠯ ᠤᠨ ᠡᠯ᠎ᠡ ᠲᠦᠷᠦᠯ ᠤᠨ ᠠᠵᠢᠯ ᠢ ᠰᠠᠶᠢᠨ ᠬᠢᠬᠦ ᠨᠢ  ᠴᠢᠬᠤᠯᠠ  ᠶᠡᠭᠡ ᠠᠴᠢ ᠬᠤᠯᠪᠤᠭᠳᠠᠯ ᠎ ᠲᠠᠢ ᠶᠤᠮ᠃  ᠵᠢᠯ ᠤᠨ ᠡᠬᠢᠨ ᠳᠤ ᠬᠤᠰᠢᠭᠤ ᠨᠠᠮ ᠤᠨ ᠬᠤᠷᠢᠶᠠᠨ ᠤ ᠦᠷᠭᠡᠳᠭᠡᠭᠰᠡᠨ ᠬᠤᠷᠠᠯ ᠵᠢᠴᠢ  ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ  ᠲᠡᠭᠡᠷ᠎ᠡ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠪᠠ ᠨᠠᠮ ᠤᠨ ᠪᠠᠶᠢᠭᠤᠯᠤᠯᠳᠠ ᠶᠢᠨ ᠡᠯ᠎ᠡ ᠲᠦᠷᠦᠯ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃  ᠮᠠᠷᠭᠠᠰᠢ ᠡᠬᠢᠯᠡᠬᠦ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ  ᠡᠨᠡ  ᠵᠢᠯ ᠤᠨ ᠵᠠᠰᠠᠭ ᠤᠨ ᠤᠷᠳᠤᠨ ᠤ ᠠᠵᠢᠯ ᠢ ᠤᠯᠠᠮ ᠨᠢᠬᠡ ᠠᠯᠬᠤᠮ ᠨᠠᠷᠢᠯᠢᠬᠵᠢᠭᠤᠯᠤᠨ ᠲᠤᠳᠤᠷᠬᠠᠶᠢᠯᠠᠬᠤ ᠪᠤᠯᠤᠨ᠎ᠠ᠃ ᠰᠢᠨ᠎ᠡ ᠪᠠᠶᠢᠳᠠᠯ᠂ ᠰᠢᠨ᠎ᠡ ᠡᠬᠦᠷᠭᠡ ᠶᠢᠨ ᠡᠮᠦᠨ᠎ᠡ  ᠪᠢᠳᠡ ᠪᠠᠰᠠ ᠮᠠᠰᠢ ᠤᠯᠠᠨ  ᠬᠦᠴᠢᠷ  ᠎ ᠢ  ᠲᠠᠪᠠᠵᠤ᠂   ᠮᠠᠰᠢ ᠤᠯᠠᠨ ᠠᠰᠠᠭᠤᠳᠠᠯ ᠎ ᠢ  ᠰᠢᠢᠳᠪᠦᠷᠢᠯᠡᠨ᠂  ᠡᠯ᠎ᠡ ᠡᠳᠡᠭᠡᠳ ᠤᠨ ᠤᠶᠤᠨ ᠤᠬᠠᠭᠠᠨ ᠢ ᠲᠦᠪᠯᠡᠷᠡᠬᠦᠯᠵᠦ᠂  ᠡᠯ᠎ᠡ ᠡᠳᠡᠭᠡᠳ ᠤᠨ ᠬᠦᠴᠦᠨ ᠴᠢᠳᠠᠯ ᠢ  ᠨᠢᠬᠳᠠᠷᠠᠭᠤᠯᠬᠤ ᠴᠢᠬᠤᠯᠠᠳᠠᠢ ᠪᠠᠶᠢᠭ᠎ᠠ᠃    ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠤᠨ ᠬᠠᠷᠢᠭᠤᠴᠠᠯᠭ᠎ᠠ ᠪᠠᠨ ᠤᠯᠠᠮ ᠴᠢᠩᠭᠠᠳᠬᠠᠵᠤ᠂ ᠡᠬᠦᠷᠭᠡ ᠬᠠᠷᠠᠯᠳᠠ ᠪᠠᠨ ᠲᠤᠳᠤᠷᠬᠠᠶᠢᠯᠠᠨ᠂  ᠰᠡᠳᠬᠢᠯ ᠨᠢᠬᠡᠳᠡᠢ ᠠᠵᠢᠯᠯᠠᠵᠤ᠂ ᠭᠠᠷ ᠬᠤᠯᠪᠤᠵᠤ ᠤᠷᠤᠭᠰᠢᠯᠠᠨ᠂ ᠮᠠᠨ ᠤ ᠬᠤᠰᠢᠭᠤᠨ ᠤ ᠪᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠦᠷᠭᠡᠳᠭᠡᠬᠦ᠂   ᠠᠵᠤ ᠠᠬᠤᠢ  ᠎ ᠶᠢᠨ ᠴᠢᠨᠠᠷ ᠰᠠᠶᠢᠳᠠᠢ ᠬᠦᠭᠵᠢᠯᠳᠡ ᠎ ᠶᠢ ᠠᠬᠢᠭᠤᠯᠬᠤ ᠶᠢᠨ ᠲᠦᠯᠦᠬᠡ ᠦᠷᠬᠦᠯᠵᠢᠯᠡᠨ ᠲᠡᠮᠡᠴᠡᠵᠦ᠂ ᠤᠯᠤᠰ ᠲᠦᠷᠦ ᠶᠢᠨ ᠵᠦᠪᠯᠡᠯᠬᠡᠨ ᠤ ᠬᠦᠴᠦᠨ ᠢᠶᠠᠨ ᠰᠢᠪᠬᠠᠵᠤ᠂ ᠤᠯᠤᠰ ᠲᠦᠷᠦ ᠶᠢᠨ ᠵᠦᠪᠯᠡᠯᠬᠡᠨ ᠤ ᠲᠠᠪᠠᠭᠤᠯᠢᠭ ᠢᠶᠠᠨ ᠪᠠᠳᠠᠷᠠᠭᠤᠯᠤᠨ᠂ ᠤᠯᠤᠰ ᠲᠦᠷᠦ ᠶᠢᠨ ᠵᠦᠪᠯᠡᠯᠬᠡᠨ ᠤ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠦᠰᠡᠵᠦ ᠪᠠᠶᠢᠨ᠎ᠠ ᠬᠡᠵᠦ ᠴᠢᠬᠤᠯᠠᠴᠢᠯᠠᠨ ᠱᠠᠭᠠᠷᠳᠠᠪᠠ᠃  ᠤᠯᠤᠰ ᠲᠦᠷᠦ ᠶᠢᠨ ᠵᠦᠪᠯᠡᠯᠬᠡᠨ ᠤ ᠠᠵᠢᠯ ᠢ ᠠᠬᠢᠭᠤᠯᠬᠤ ᠲᠠᠯ᠎ᠠ ᠪᠠᠷ ᠪᠤᠷᠤᠬᠦᠦ ᠪᠠᠰᠠ᠂  ᠨᠢᠬᠡ ᠳᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠵᠦᠪ ᠤᠨᠤᠪᠴᠢᠳᠠᠢ ᠴᠢᠭᠯᠡᠯ ᠢ ᠪᠠᠷᠢᠮᠳᠠᠯᠠᠨ᠂ ᠬᠤᠶᠠᠷ ᠲᠤ  ᠢᠳᠡᠪᠬᠢᠳᠡᠢ ᠪᠠᠷ ᠵᠢᠳᠬᠦᠨ ᠴᠢᠷᠮᠠᠶᠢᠵᠤ᠂   ᠴᠢᠨᠠᠷ ᠰᠠᠶᠢᠳᠠᠢ ᠲᠠᠪᠠᠯᠳᠠᠳᠤ ᠬᠦᠭᠵᠢᠯᠳᠡ  ᠎ ᠶᠢ ᠪᠦᠬᠦ ᠬᠦᠴᠦᠨ ᠢᠶᠠᠷ ᠠᠬᠢᠭᠤᠯᠤᠨ᠂   ᠭᠤᠷᠪᠠ ᠳᠤ ︽ᠬᠤᠶᠠᠷ ᠲᠤᠮᠤ︾ ᠭᠤᠤᠯ ᠰᠡᠳᠦᠪ ᠢ ᠪᠠᠳᠤ  ᠡᠵᠡᠮᠳᠡᠵᠦ᠂ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠰᠢᠨ᠎ᠡ ᠪᠦᠳᠦᠮᠵᠢ ᠶᠢ ᠲᠡᠮᠡᠴᠡᠨ ᠤᠯᠬᠤ ᠭᠡᠷᠡᠭᠳᠡᠢ ᠬᠡᠵᠦ ᠭᠤᠷᠪᠠᠨ ᠲᠠᠯ᠎ᠠ ᠶᠢᠨ ᠰᠠᠨᠠᠯ ᠎ ᠢᠶᠠᠨ  ᠲᠤᠷᠠᠳᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号