ᠲᠠᠶᠢᠹᠤᠰᠧ ᠬᠤᠰᠢᠭᠤᠨ ᠤ ᠨᠡᠶᠢᠬᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠠᠮᠤᠷ ᠲᠤᠭᠳᠠᠭᠤᠨ ᠪᠠᠶᠢᠳᠠᠯ ᠎ ᠢᠶᠠᠨ ᠬᠠᠳᠠᠭᠠᠯᠠᠪᠠ
ᠨᠡᠶᠢᠲᠡᠯᠡᠭᠰᠡᠨ ᠴᠠᠭ᠄
2020/5/15
  2019 ᠤᠨ ᠳᠤ᠂ ᠲᠠᠶᠢᠹᠤᠰᠧ ᠬᠤᠰᠢᠭᠤ ︽ ᠠᠮᠤᠷ ᠠᠮᠤᠭᠤᠯᠠᠩ ᠲᠠᠶᠢᠹᠤᠰᠧ ᠬᠤᠰᠢᠭᠤᠨ︾᠎ ᠤ ᠪᠠᠶᠢᠭᠤᠯᠤᠯᠳᠠ ᠶᠢ ᠯᠠᠪᠳᠠᠭᠤᠨ ᠵᠨᠷ  ᠠᠬᠢᠭᠤᠯᠵᠤ᠂  ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠦᠷᠨᠢᠬᠦᠯᠦᠨ᠂    ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ 10 ᠭᠡᠷᠡᠭ ᠎ ᠢ ᠪᠠᠶᠢᠴᠠᠭᠠᠨ ᠢᠯᠡᠷᠡᠬᠦᠯᠵᠦ᠂ 46  ᠭᠡᠷᠡᠭᠳᠡᠨ ᠢ ᠪᠠᠷᠢᠪᠴᠢᠯᠠᠭᠰᠠᠨ ᠪᠦᠬᠡᠳ ᠡᠯ᠎ᠡ ᠲᠦᠷᠦᠯ ᠤᠨ ᠬᠠᠤᠯᠢ ᠪᠤᠰᠤ ᠶᠠᠯᠠᠳᠤ ᠠᠵᠢᠯᠯᠠᠭ᠎ᠠ ᠳᠤ ᠴᠢᠩᠭ᠎ᠠ  ᠴᠤᠬᠢᠯᠳᠠ ᠦᠭᠴᠦ᠂   ︽ᠤᠶᠤᠨᠴᠢ ᠲᠤᠳᠤᠭᠠᠳᠤ ᠶᠢ ᠬᠠᠮᠠᠭᠠᠯᠠᠬᠤ︾ ᠠᠵᠢᠯ ᠎ ᠢ ᠪᠦᠬᠦ ᠲᠠᠯᠠᠪᠠᠷ ᠡᠬᠢᠯᠡᠬᠦᠯᠦᠨ᠂  213 ᠤᠳᠠᠭᠠᠨ ᠤ ᠡᠷᠡᠬᠦᠦ ᠶᠢᠨ ᠭᠡᠷᠡᠭ ᠢ ᠢᠯᠡᠷᠡᠬᠦᠯᠵᠦ᠂  198 ᠤᠳᠠᠭᠠᠨ ᠎ ᠤ ᠠᠮᠤᠷ ᠲᠦᠪᠰᠢᠨ ᠤ ᠭᠡᠷᠡᠭ ᠢ ᠰᠢᠢᠳᠪᠦᠷᠢᠯᠡᠨ᠂  ᠰᠢᠬᠦᠬᠦ ᠬᠤᠷᠢᠶᠠᠨ ᠤ ᠰᠢᠬᠦᠨ ᠲᠠᠰᠤᠯᠬᠤ ᠲᠢᠩᠬᠢᠮ  ᠪᠤᠯᠤᠨ ᠬᠤᠰᠢᠭᠤᠨ ᠤ ᠬᠤᠷᠢᠭᠤᠯ ᠤᠨ ᠭᠠᠵᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠡᠬᠦᠰᠭᠡᠵᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠭᠳᠠᠴᠠ ᠶᠢ ᠲᠠᠰᠤᠷᠠᠯᠳᠠ ᠦᠬᠡᠢ  ᠰᠢᠨᠡᠴᠢᠯᠡᠨ᠂  ᠪᠦᠬᠦ ᠵᠢᠯ ᠳᠤ 99 ᠪᠦᠯᠦᠭ 634 ᠬᠦᠮᠦᠨ ᠤ  ᠵᠠᠬᠢᠳᠠᠯ ᠰᠤᠷᠪᠤᠯᠵᠢᠯᠠᠭ᠎ᠠ ᠶᠢ  ᠬᠦᠯᠢᠶᠡᠨ ᠠᠪᠴᠤ᠂  87 ᠪᠦᠯᠦᠭ 527 ᠬᠦᠮᠦᠨ ᠤ ᠵᠠᠬᠢᠳᠠᠯ ᠰᠤᠷᠪᠤᠯᠵᠢᠯᠠᠭ᠎ᠠ ᠶᠢ  ᠰᠢᠢᠳᠪᠦᠷᠢᠯᠡᠭᠰᠡᠨ ᠤ ᠬᠠᠮᠳᠤ᠂ 142 ᠤᠳᠠᠭᠠᠨ ᠤ ᠵᠦᠷᠢᠴᠡᠯ ᠵᠢᠭᠤᠷᠠᠭᠠᠨ ᠢ  ᠤᠶᠢᠯᠠᠭᠠᠨ ᠪᠠᠶᠢᠴᠠᠭᠠᠵᠤ᠂  131᠎ ᠶᠢ ᠨᠢ ᠰᠢᠢᠳᠪᠦᠷᠢᠯᠡᠨ᠂  ᠬᠠᠤᠯᠢ ᠴᠠᠭᠠᠵᠠ ᠶᠢᠨ ᠲᠤᠰᠠᠯᠠᠮᠵᠢ ᠶᠢᠨ ᠭᠡᠷᠡᠭ 258᠎ ᠶᠢ ᠬᠦᠢᠴᠡᠳᠭᠡᠵᠦ᠂  ᠮᠠᠨ ᠤ ᠬᠤᠰᠢᠭᠤᠨ ᠤ ᠵᠦᠷᠢᠴᠡᠯ ᠵᠢᠭᠤᠷᠠᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠲᠤᠭᠳᠠᠴᠠ ᠨᠢ ᠪᠦᠬᠦ ᠠᠶᠢᠮᠠᠭ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠵᠢᠴᠢ ᠦᠨᠳᠦᠰᠦᠨ ᠱᠠᠳᠤᠨ ᠤ ᠨᠡᠶᠢᠬᠡᠮ ᠤᠨ ᠵᠠᠰᠠᠯᠳᠠ ᠶᠢ ᠰᠢᠨᠡᠴᠢᠯᠡᠬᠦ ᠠᠬᠤᠢ ᠲᠠᠯᠠᠪᠠᠢ ᠶᠢᠨ ᠬᠤᠷᠠᠯ ᠲᠡᠭᠡᠷ᠎ᠡ  ᠦᠨᠳᠦᠷ ᠦᠨᠡᠯᠡᠯᠳᠡ ᠤᠯᠵᠤ᠂  ᠠᠷᠭ᠎ᠠ ᠲᠤᠷᠰᠢᠯᠭ᠎ᠠ ᠶᠢ ᠲᠡᠯᠬᠡᠷᠡᠬᠦᠯᠦᠨ ᠭᠡᠷᠡᠭᠵᠢᠬᠦᠯᠬᠦ ᠪᠠᠷ ᠪᠤᠯᠤᠭᠰᠠᠨ ᠪᠠᠶᠢᠨ᠎ᠠ᠃ ᠠᠶᠤᠯᠬᠦᠢ ᠦᠢᠯᠡᠳᠪᠦᠷᠢᠯᠡᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯ ᠤᠨ ᠡᠷᠴᠢᠮ ᠢ  ᠴᠢᠩᠭᠠᠷᠠᠭᠤᠯᠵᠤ᠂ ᠬᠦᠨᠳᠦ ᠶᠡᠭᠡ ᠠᠶᠤᠯᠬᠦᠢ ᠦᠢᠯᠡᠳᠪᠦᠷᠢᠯᠡᠯ ᠤᠨ ᠤᠰᠤᠯ ᠠᠳᠡᠯ ᠠᠴᠠ ᠰᠡᠷᠭᠡᠶᠢᠯᠡᠵᠦ ᠲᠡᠶᠢᠯᠵᠡᠢ᠃  ᠪᠡᠭᠡᠵᠢᠩ ᠤᠨ ᠲᠤᠭᠤᠷᠢᠨ ᠳᠠᠬᠢ ︽ᠬᠠᠮᠠᠭᠠᠯᠠᠯᠳᠠ ᠶᠢᠨ ᠭᠤᠤᠯ︾᠎ ᠤᠨ ᠢᠨᠵᠧᠨᠧᠷᠢᠩ ᠢ  ᠨᠠᠷᠢᠨ ᠨᠢᠮᠪᠠᠢ ᠭᠡᠷᠡᠭᠵᠢᠬᠦᠯᠵᠦ᠂  3 ᠰᠠᠭᠤᠷᠢ ᠠᠮᠤᠷ ᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂   ᠤᠯᠤᠰ ᠪᠠᠶᠢᠭᠤᠯᠤᠭᠳᠠᠭᠰᠠᠨ 70 ᠵᠢᠯ ᠤᠨ ᠤᠢ  ᠪᠠ  ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠢᠷᠡᠵᠦ ᠶᠠᠪᠤᠬᠤ ᠰᠡᠷᠭᠡᠶᠢᠯᠡᠯᠳᠡ ᠶᠢᠨ ᠠᠵᠢᠯ ᠢ ᠰᠠᠶᠢᠨ ᠬᠢᠵᠦ᠂  ᠠᠮᠤᠷ ᠢ ᠬᠠᠮᠠᠭᠠᠯᠠᠬᠤ ᠡᠬᠦᠷᠭᠡ ᠶᠢ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号