ᠲᠠᠶᠢᠹᠤᠰᠧ ᠬᠤᠰᠢᠭᠤ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ  ᠴᠢᠩᠭᠠᠳᠬᠠᠪᠠ
ᠨᠡᠶᠢᠲᠡᠯᠡᠭᠰᠡᠨ ᠴᠠᠭ᠄
2020/5/15
   2019 ᠤᠨ ᠳᠤ᠂ ᠲᠠᠶᠢᠹᠤᠰᠧ ᠬᠤᠰᠢᠭᠤ ︽ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠎ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠬᠦᠨᠵᠡᠬᠡᠢ ᠦᠷᠨᠢᠬᠦᠯᠵᠦ᠂  ᠵᠠᠰᠠᠭ ᠤᠨ ᠤᠷᠳᠤᠨ ᠤᠨ ᠰᠢᠰᠲ᠋ᠧᠮ ᠤᠨ ᠨᠠᠮ ᠤᠨ ᠭᠡᠰᠢᠬᠦᠨ ᠺᠠᠳᠠᠷᠴᠤᠳ  ᠎ ᠤᠨ ᠢᠳᠡᠭᠡᠯ ᠪᠢᠰᠢᠷᠡᠯ ᠪᠠ  ᠵᠤᠷᠢᠯᠳᠠ ᠶᠢᠨ ᠤᠬᠠᠮᠰᠠᠷ ᠤᠯᠠᠮ ᠨᠢᠬᠡ ᠠᠯᠬᠤᠮ ᠲᠡᠭᠡᠭᠰᠢᠯᠡᠭᠰᠡᠨ ᠪᠠᠶᠢᠨ᠎ᠠ᠃   ᠲᠦᠪ ᠬᠤᠷᠢᠶᠠᠨ ᠤ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂   ︽ᠲᠦᠷᠪᠡᠨ ᠰᠤᠷᠳᠠᠯ︾᠎ ᠢ  ᠴᠡᠭᠴᠡᠯᠡᠨ ᠵᠠᠯᠠᠷᠠᠭᠤᠯᠵᠤ᠂  ︽ ᠭᠤᠷᠪᠠᠨ ᠴᠢᠬᠤᠯᠠ ᠨᠢᠬᠡ ᠲᠤᠮᠤ  ᠶᠠᠪᠤᠳᠠᠯ︾  ᠎ ᠢ ᠬᠠᠮᠳᠤ ᠪᠠᠷ ᠰᠢᠢᠳᠦᠨ ᠲᠤᠭᠳᠠᠭᠠᠬᠤ ᠲᠦᠷᠢᠮ ᠢ ᠨᠢᠮᠪᠠᠢ ᠭᠡᠷᠡᠭᠵᠢᠬᠦᠯᠦᠨ᠂   ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ 162 ᠬᠤᠪᠢ ᠰᠠᠨᠠᠭᠤᠯᠭ᠎ᠠ᠂  111 ᠬᠤᠪᠢ ᠰᠠᠨᠠᠯ ᠲᠤᠷᠠᠳᠤᠯᠭ᠎ᠠ ᠶᠢ ᠰᠢᠢᠳᠪᠦᠷᠢᠯᠡᠭᠡᠳ  ᠂  ᠰᠢᠢᠳᠪᠦᠷᠢᠯᠡᠭᠰᠡᠨ ᠨᠤᠷᠮ᠎ᠠ 100%᠎ ᠳᠤ ᠬᠦᠷᠴᠡᠢ᠃  ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠤ᠂   ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ  ᠎ ᠳᠤ ᠰᠠᠭᠤᠭ᠎ᠠ ᠨᠢᠬᠡᠴᠡ 30 ᠪᠤᠯᠵᠤ ᠨᠡᠮᠡᠭᠳᠡᠨ᠂  ᠦᠢᠯᠡᠴᠢᠯᠡᠬᠡᠨ ᠤ  ᠲᠠᠪᠴᠠᠩ 114 ᠪᠤᠯᠵᠤ ᠨᠡᠮᠡᠭᠳᠡᠭᠡᠳ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠪᠠ ᠬᠦᠢᠴᠡᠳᠭᠡᠨ ᠰᠢᠢᠳᠪᠦᠷᠢᠯᠡᠬᠦ ᠠᠯᠬᠤᠮ ᠶᠠᠪᠤᠴᠠ ᠨᠢ ᠠᠳᠠᠯᠢ ᠬᠤᠭᠤᠴᠠᠭᠠᠨ ᠤ ᠬᠢ ᠠᠴᠠ 35% ᠪᠠ 20%᠎ ᠪᠠᠷ ᠪᠤᠭᠤᠨᠢᠰᠪᠠ᠃  ᠵᠠᠰᠠᠭ ᠤᠨ ᠤᠷᠳᠤᠨ ᠤ  ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠢᠵᠦ᠂ ᠰᠤᠮᠤ ᠰᠢᠶᠠᠩ ᠪᠠᠯᠭᠠᠰᠤᠨ ᠤ  ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ  ᠲᠦᠪ᠂   ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ᠂   ᠶᠡᠷᠦᠩᠬᠡᠶᠢᠯᠡᠭᠰᠡᠨ ᠪᠠᠳᠤᠯᠠᠭ᠎ᠠ ᠪᠠ ᠮᠡᠷᠭᠡᠵᠢᠯ ᠲᠡᠯᠬᠡᠷᠡᠬᠦᠯᠬᠦ ᠲᠦᠪ  ᠎ ᠨᠢ ᠵᠢᠩᠬᠢᠨᠢ ᠪᠠᠷ ᠡᠷᠦᠬᠡ ᠰᠡᠬᠦᠵᠦ ᠠᠵᠢᠯ ᠎ ᠢᠶᠠᠨ ᠡᠬᠢᠯᠡᠬᠦᠯᠪᠡ  ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠬᠡᠷᠡᠴᠢᠯᠡᠯᠳᠡ ᠬᠦᠨᠵᠡᠬᠡᠢ ᠠᠬᠢᠵᠤ᠂  ᠤᠯᠠᠨ ᠲᠠᠯᠠᠪᠠᠷ ᠬᠠᠤᠯᠢ ᠭᠡᠷᠡᠭᠵᠢᠬᠦᠯᠬᠦ᠂ ᠲᠠᠬᠢᠨ ᠲᠠᠪᠳᠠᠨ ᠬᠠᠤᠯᠢ ᠭᠡᠷᠡᠭᠵᠢᠬᠦᠯᠬᠦ ᠠᠰᠠᠭᠤᠳᠠᠯ ᠪᠦᠳᠦᠮᠵᠢᠳᠡᠢ ᠰᠢᠢᠳᠪᠦᠷᠢᠯᠡᠭᠳᠡᠭᠰᠡᠨ ᠪᠠᠶᠢᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠲᠠᠰᠤᠷᠠᠯᠳᠠ ᠦᠬᠡᠢ ᠬᠦᠨᠵᠡᠭᠡᠶᠢᠷᠡᠨ᠂  ᠡᠯ᠎ᠡ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ 10458 ᠡᠷᠦᠬᠡ ᠳᠤ ᠬᠦᠷᠴᠦ᠂  ᠲᠠᠩᠰᠠᠯᠠᠭᠤᠯᠤᠭᠰᠠᠨ ᠬᠦᠷᠦᠩᠬᠡ ᠮᠦᠩᠬᠦ  106 ᠳ᠋ᠦᠩᠰᠢᠭᠤᠷ ᠲᠦᠬᠦᠷᠢᠭ ᠲᠤ ᠬᠦᠷᠴᠡᠢ᠃  ᠠᠷᠠᠳ ᠠᠴᠠ ᠡᠵᠡᠩᠨᠡᠭᠰᠡᠨ ᠠᠵᠤ ᠠᠬᠤᠶᠢᠯᠠᠯ  ᠎ ᠢ ᠲᠡᠳᠬᠦᠨ ᠬᠦᠭᠵᠢᠬᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂  ᠪᠦᠬᠦ ᠵᠢᠯ ᠳᠤ 2616 ᠲᠦᠮᠡᠨ ᠲᠦᠬᠦᠷᠢᠭ  ᠎ ᠤᠨ ᠭᠠᠶᠢᠯᠢ ᠰᠦᠢᠳᠭᠡᠯ ᠢ ᠬᠠᠰᠤᠨ ᠬᠡᠯᠳᠦᠷᠢᠬᠦᠯᠵᠦ᠂   ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠱᠠᠩᠨᠠᠯ ᠤᠨ ᠮᠦᠩᠬᠦ 110 ᠲᠦᠮᠡᠨ ᠲᠦᠬᠦᠷᠢᠭ ᠢ  ᠲᠠᠷᠬᠠᠭᠠᠭᠰᠠᠨ ᠪᠠᠶᠢᠨ᠎ᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠎ ᠤᠨ ᠪᠦᠳᠦᠮᠵᠢ  ᠎ ᠶᠢ ᠦᠷᠬᠦᠯᠵᠢᠯᠡᠨ ᠪᠠᠳᠤᠳᠬᠠᠵᠤ᠂   ︽ᠲᠤᠯᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠯᠬᠦ ᠠᠵᠢᠯ ᠢ ᠯᠠᠪᠳᠠᠭᠤᠨ ᠦᠷᠨᠢᠬᠦᠯᠦᠨ᠂   ᠲᠦᠷᠪᠡᠳᠦᠬᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠦᠬᠦ ᠲᠠᠯᠠᠪᠠᠷ ᠪᠡᠶᠡᠯᠡᠬᠦᠯᠪᠡ᠃ ᠵᠡᠮᠳᠡᠭᠴᠤᠳ ᠤᠨ ᠬᠤᠯᠪᠤᠭ᠎ᠠ᠂ ᠡᠮᠡᠭᠳᠡᠶᠢᠴᠤᠳ ᠤᠨ ᠬᠤᠯᠪᠤᠭ᠎ᠠ᠂  ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠠᠵᠢᠯᠴᠢᠨ ᠎ ᠤ  ᠡᠪᠯᠡᠯ᠂ ᠵᠠᠯᠠᠭᠤᠴᠤᠳ ᠤᠨ  ᠡᠪᠯᠡᠯ᠂  ᠬᠤᠶᠢᠴᠢ ᠦᠶ᠎ᠡ ᠶᠢ ᠬᠠᠯᠠᠮᠵᠢᠯᠠᠬᠤ ᠵᠦᠪᠯᠡᠯ ᠵᠡᠷᠭᠡ  ᠪᠦᠯᠬᠦᠮ ᠬᠠᠮᠳᠤ ᠎ ᠶᠢᠨ ᠵᠤᠬᠢᠶᠠᠨ ᠪᠠᠶᠢᠭᠤᠯᠤᠯᠳᠠ ᠨᠢ ᠦᠢᠯᠡᠳᠦᠯ ᠴᠢᠳᠠᠮᠵᠢ ᠪᠠᠨ ᠢᠳᠡᠪᠬᠢᠳᠡᠢ ᠪᠠᠳᠠᠷᠠᠭᠤᠯᠵᠤ᠂  ᠡᠯ᠎ᠡ ᠲᠦᠷᠦᠯ ᠤᠨ ᠠᠵᠢᠯ ᠦᠢᠯᠡᠰ ᠮᠡᠳᠡᠭᠳᠡᠮ᠎ᠡ ᠲᠠᠪᠰᠢᠯᠳᠠ ᠲᠠᠢ  ᠪᠤᠯᠵᠤ ᠢᠷᠡᠪᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号