ᠲᠠᠶᠢᠹᠤᠰᠧ ᠬᠤᠰᠢᠭᠤᠨ ᠤ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠦᠷᠨᠢᠬᠦᠨ ᠬᠦᠭᠵᠢᠪᠡ
ᠨᠡᠶᠢᠲᠡᠯᠡᠭᠰᠡᠨ ᠴᠠᠭ᠄
2020/5/15
2019 ᠤᠨ ᠳᠤ᠂ ᠲᠠᠶᠢᠹᠤᠰᠧ ᠬᠤᠰᠢᠭᠤ ᠵᠢᠭᠤᠯᠴᠢᠯᠠᠯ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠵᠤ᠂   ᠬᠠᠭᠠᠨ ᠤ ᠠᠳᠤᠭᠤᠨ ᠵᠤᠰᠠᠭᠠᠯ  ᠂  ᠪᠢᠶᠠᠨ ᠴᠢᠶᠠᠩ  ᠵᠢᠭᠤᠯᠴᠢᠯᠠᠯ ᠤᠨ ᠲᠤᠰᠬᠤᠨ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠵᠦ᠂  ᠲᠠᠯ᠎ᠠ ᠨᠤᠳᠤᠭ ᠤᠨ ᠦᠵᠡᠮᠵᠢ ᠶᠢᠨ ᠱᠤᠭᠤᠮ ᠤᠨ ᠨᠢᠬᠡᠳᠦᠭᠡᠷ ᠲᠡᠰ ᠤᠨ  ᠦᠷᠳᠡᠭᠡ 3᠂     ᠭᠠᠵᠠᠷ  ᠤᠷᠤᠨ ᠤ ᠢᠯᠡᠷᠭᠡᠶᠢᠯᠡᠯ   ᠤᠨ ᠱᠤᠭᠤᠮᠠᠯ 1᠂ ᠤᠳᠤᠨ ᠲᠡᠰ ᠤᠨ ᠪᠠᠭᠤᠳᠠᠯ 3᠂   ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ  ᠬᠤᠳᠠ ᠤᠰᠤ 1᠂  ᠵᠢᠭᠤᠯᠴᠢᠯᠠᠯ ᠳᠤ ᠭᠡᠷᠡᠭᠯᠡᠬᠦ ᠵᠤᠷᠯᠤᠩ  5 ᠶᠢ  ᠪᠠᠶᠢᠭᠤᠯᠤᠭᠠᠳ᠂   ᠪᠦᠬᠦ ᠬᠤᠰᠢᠭᠤᠨ ᠤ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭᠳᠦ  ᠦᠵᠡᠮᠵᠢ ᠶᠢᠨ ᠤᠷᠤᠨ 9  ᠪᠤᠯᠵᠤ ᠬᠦᠭᠵᠢᠨ᠂   ᠬᠦᠳᠡᠭᠡ ᠲᠤᠰᠬᠤᠨ ᠤ ᠵᠢᠭᠤᠯᠴᠢᠯᠠᠯ  ᠡᠷᠬᠢᠯᠡᠭᠴᠢ  90 ᠡᠷᠦᠬᠡ ᠳᠤ ᠬᠦᠷᠴᠡᠢ᠃  ᠲᠤᠮᠳᠠᠳᠤ ᠤᠯᠤᠰ ᠤᠨ ᠲᠠᠯ᠎ᠠ ᠨᠤᠳᠤᠭ ᠤᠨ ᠮᠤᠩᠭᠤᠯ ᠠᠳᠤᠭᠤᠨ ᠤ ᠰᠤᠶᠤᠯ ᠤᠨ ᠨᠠᠶᠢᠷ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠷᠠᠳ ᠤᠨ ᠨᠠᠭᠠᠳᠤᠮ᠂   ᠮᠦᠩᠬᠦᠨ ᠡᠪᠦᠯ ᠤᠨ ᠴᠠᠰᠤ ᠮᠦᠰᠦᠨ ᠤ ᠲᠠᠮᠢᠷ ᠤᠨ ᠴᠤᠭᠯᠠᠭᠠᠨ ᠵᠡᠷᠭᠡ  ᠰᠤᠶᠤᠯ ᠵᠢᠭᠤᠯᠴᠢᠯᠠᠯ ᠤᠨ ᠬᠦᠳᠡᠯᠪᠦᠷᠢ ᠠᠵᠢᠯᠯᠠᠭ᠎ᠠ ᠶᠢ ᠦᠨᠳᠦᠷ ᠴᠢᠨᠰᠠᠭ᠎ᠠ ᠲᠠᠢ ᠡᠷᠬᠢᠯᠡᠨ ᠶᠠᠪᠤᠭᠳᠠᠭᠤᠯᠵᠤ᠂   ᠪᠦᠬᠦ ᠵᠢᠯ ᠳᠤ ᠨᠡᠶᠢᠳᠡ  50 ᠲᠦᠮᠡᠨ ᠵᠢᠭᠤᠯᠴᠢᠯᠠᠭᠴᠢ ᠶᠢ ᠤᠭᠳᠤᠨ ᠵᠤᠴᠢᠯᠠᠵᠤ᠂  ᠵᠢᠭᠤᠯᠴᠢᠯᠠᠯ ᠤᠨ ᠤᠷᠤᠯᠭ᠎ᠠ 1.65 ᠳ᠋ᠦᠩᠰᠢᠭᠤᠷ ᠲᠦᠬᠦᠷᠢᠭ   ᠲᠤ ᠬᠦᠷᠪᠡ᠃ ᠤᠯᠤᠰ ᠤᠷᠤᠨ ᠤ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ  ᠬᠦᠳᠡᠭᠡ ᠤᠷᠤᠭᠤᠯᠬᠤ  ᠬᠤᠤᠰ ᠵᠢᠱᠢᠶᠡᠨ ᠤ  ᠲᠦᠷᠦᠯ ᠵᠦᠢᠯ ᠯᠠᠪᠳᠠᠭᠤᠨ ᠢᠶᠠᠷ ᠠᠬᠢᠵᠤ᠂   ᠲᠦᠷᠭᠡᠨ ᠲᠠᠮᠵᠢᠭᠤᠯᠭ᠎ᠠ ᠶᠢᠨ ᠠᠵᠤ ᠠᠬᠤᠶᠢᠯᠠᠯ 10 ᠡᠷᠦᠬᠡ  ᠂  ᠡᠯᠧᠺᠲᠷᠤᠨ ᠬᠤᠳᠠᠯᠳᠤᠭᠠᠨ ᠤ  ᠠᠵᠤ ᠠᠬᠤᠶᠢᠯᠠᠯ 37 ᠡᠷᠦᠬᠡ᠂  ᠰᠦᠯᠵᠢᠶᠡᠨ   ᠤ ᠠᠷᠠᠯᠵᠢᠶ᠎ᠠ ᠡᠵᠡᠩᠨᠡᠭᠴᠢ 820 ᠡᠷᠦᠬᠡ ᠪᠤᠯᠵᠤ ᠬᠦᠭᠵᠢᠨ᠂  ᠪᠡᠭᠡᠵᠢᠩ ᠬᠤᠳᠠ ᠳᠤ  ᠪᠦᠳᠦᠭᠡᠭᠳᠡᠬᠦᠨ ᠢᠶᠠᠨ ᠲᠡᠯᠬᠡᠨ ᠪᠤᠷᠤᠯᠠᠭᠤᠯᠬᠤ ᠭᠠᠵᠠᠷ 11 ᠪᠠᠶᠢᠭᠤᠯᠤᠭᠳᠠᠵᠤ᠂  ᠰᠤᠯᠢᠯᠴᠠᠭᠠᠨ ᠤ ᠦᠷᠳᠡᠭ 3.97 ᠳ᠋ᠦᠩᠰᠢᠭᠤᠷ ᠲᠦᠬᠦᠷᠢᠭ   ᠲᠤ ᠬᠦᠷᠦᠭᠰᠡᠨ ᠪᠠᠶᠢᠨ᠎ᠠ᠃ 4 ᠵᠤᠷᠪᠤᠰ ᠪᠤᠳᠠᠰ ᠤᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠱᠤᠭᠤᠮ  ᠪᠦᠬᠦ ᠲᠠᠯ᠎ᠠ ᠪᠠᠷ ᠨᠡᠪᠳᠡᠷᠡᠵᠦ᠂ ᠭᠠᠴᠠᠭ᠎ᠠ ᠲᠤᠰᠬᠤᠨ ᠱᠠᠳᠤᠨ ᠤ  ᠡᠯᠧᠺᠲᠷᠤᠨ ᠬᠤᠳᠠᠯᠳᠤᠭᠠᠨ ᠤ  ᠦᠢᠯᠡᠴᠢᠯᠡᠬᠡᠨ ᠤ ᠦᠷᠳᠡᠭᠡ 125  ᠪᠠᠶᠢᠭᠤᠯᠤᠭᠳᠠᠭᠠᠳ᠂  ᠤᠯᠤᠰ ᠤᠨ ᠲᠡᠰ  ᠤᠨ  ᠡᠯᠧᠺᠲᠷᠤᠨ ᠬᠤᠳᠠᠯᠳᠤᠭᠠᠨ ᠤ  ᠶᠠᠪᠤᠳᠠᠯ ᠢ ᠬᠦᠳᠡᠭᠡ ᠤᠷᠤᠭᠤᠯᠬᠤ  ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ  ᠲᠡᠰ ᠲᠡᠪᠰᠢᠬᠦᠯᠦᠯᠳᠡ ᠶᠢᠨ ᠤᠷᠤᠨ   ᠢᠶᠠᠷ ᠦᠨᠡᠯᠡᠭᠳᠡᠭᠰᠡᠨ ᠪᠠᠶᠢᠨ᠎ᠠ᠃  ᠪᠦᠬᠦ ᠵᠢᠯ ᠳᠤ᠂  ᠪᠠᠷᠠᠭ᠎ᠠ ᠲᠠᠸᠠᠷ ᠤᠨ ᠵᠦᠬᠡᠬᠡᠪᠦᠷᠢ ᠶᠢᠨ ᠬᠡᠮᠵᠢᠶ᠎ᠡ 287.3 ᠲᠦᠮᠡᠨ  ᠲᠤᠨ᠂   ᠠᠶᠠᠨᠴᠢᠨ ᠤ ᠵᠦᠬᠡᠬᠡᠪᠦᠷᠢ ᠶᠢᠨ ᠬᠡᠮᠵᠢᠶ᠎ᠡ 236.5 ᠲᠦᠮᠡᠨ ᠬᠦᠮᠦᠨ ︵ᠤᠳᠠᠭ᠎ᠠ  ︶ ᠳᠤ ᠬᠦᠷᠴᠦ᠂  ᠲᠤᠰᠪᠤᠷᠢ  10% ᠪᠠ 17% ᠪᠠᠷ  ᠨᠡᠮᠡᠭᠳᠡᠪᠡ᠃  ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ  ᠬᠠᠳᠠᠭᠠᠯᠠᠮᠵᠢ ᠪᠠ ᠵᠢᠬᠡᠯᠯᠡᠭᠡ ᠶᠢᠨ ᠦᠯᠡᠳᠡᠪᠦᠷᠢ ᠲᠤᠰᠪᠤᠷᠢ 70.4 ᠳ᠋ᠦᠩᠰᠢᠭᠤᠷ ᠲᠦᠬᠦᠷᠢᠭ  ᠪᠠ 44.8 ᠳ᠋ᠦᠩᠰᠢᠭᠤᠷ ᠲᠦᠬᠦᠷᠢᠭ   ᠳᠤ ᠬᠦᠷᠴᠦ᠂  ᠲᠤᠰᠪᠤᠷᠢ12.1% ᠪᠠ 16.4% ᠪᠠᠷ  ᠨᠡᠮᠡᠭᠳᠡᠨ᠂   ᠦᠪᠦᠷ ᠮᠤᠩᠭᠤᠯ ᠪᠠᠩᠬᠢ ᠶᠢᠨ ᠲᠠᠶᠢᠹᠤᠰᠧ ᠬᠤᠰᠢᠭᠤᠨ  ᠳᠠᠬᠢ ᠰᠠᠯᠪᠤᠷᠢ ᠪᠠᠩᠬᠢ  ᠡᠷᠦᠬᠡ ᠰᠡᠬᠦᠵᠦ ᠡᠵᠡᠩᠨᠡᠯᠳᠡ ᠪᠠᠨ ᠡᠬᠢᠯᠡᠪᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号