| | ᠠᠷᠠᠳ ᠲᠦᠮᠡᠨ ᠤ ᠠᠵᠤ ᠠᠬᠤᠢ ᠶᠢᠨ ᠶᠠᠯᠠᠳᠤ ᠭᠡᠷᠡᠭ ᠢ ᠢᠯᠭᠠᠨ ᠲᠠᠨᠢᠬᠤ ᠪᠠ ᠰᠡᠷᠡᠮᠵᠢᠯᠡᠨ ᠰᠡᠷᠭᠡᠶᠢᠯᠡᠬᠦ | ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠭᠡ ᠲᠠᠯ᠎ᠠ ᠳᠤ | ᠢᠳᠡᠪᠬᠢᠳᠡᠢ ᠦᠢᠯᠡᠴᠢᠯᠡᠬᠦᠯᠬᠦ ᠶᠢᠨ ᠲᠦᠯᠦᠬᠡ᠂ ᠲᠠᠶᠢᠹᠤᠰᠧ ᠬᠤᠰᠢᠭᠤᠨ ᠤ ᠲᠤᠳᠤᠭᠠᠳᠤ ᠶᠢ ᠬᠠᠮᠠᠭᠠᠯᠠᠬᠤ | ᠲᠤᠪᠴᠢᠶ᠎ᠠ ᠨᠢ ︽5.15︾ ᠤ ᠪᠦᠬᠦ ᠤᠯᠤᠰ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ | ᠠᠬᠤᠢ ᠶᠢᠨ ᠶᠠᠯᠠᠳᠤ ᠭᠡᠷᠡᠭ ᠢ ᠰᠡᠷᠭᠡᠶᠢᠯᠡᠨ ᠵᠠᠯᠬᠠᠭᠠᠬᠤ ᠤᠬᠠᠭᠤᠯᠭ᠎ᠠ ᠶᠢᠨ ᠡᠳᠦᠷ ᠢ ᠲᠤᠬᠢᠶᠠᠯᠳᠤᠭᠤᠯᠤᠨ ᠂ | ᠬᠤᠰᠢᠭᠤᠨ ᠤ ᠵᠠᠬ᠎ᠠ ᠲᠡᠯᠬᠡᠬᠦᠷ ᠬᠢᠨᠠᠨ ᠬᠠᠮᠢᠶᠠᠷᠬᠤ ᠲᠤᠪᠴᠢᠶ᠎ᠠ ᠪᠤᠯᠤᠨ ᠡᠯ᠎ᠡ ᠮᠦᠩᠬᠦᠨ ᠬᠦᠢᠯᠬᠡᠬᠡᠨ ᠤ | ᠪᠠᠶᠢᠭᠤᠯᠤᠮᠵᠢ ᠵᠡᠷᠭᠡ ᠠᠷᠪᠠᠭᠠᠳ ᠨᠢᠬᠡᠴᠡ ᠲᠠᠢ ᠬᠤᠯᠪᠤᠭᠠᠯᠠᠵᠤ᠂ ᠠᠵᠤ ᠠᠬᠤᠢ ᠶᠢᠨ ᠶᠠᠯᠠᠳᠤ ᠭᠡᠷᠡᠭ ᠢ | ᠰᠡᠷᠭᠡᠶᠢᠯᠡᠨ ᠵᠠᠯᠬᠠᠭᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ ᠠᠵᠢᠯᠯᠠᠭᠠᠨ ᠤ ᠬᠤᠭᠤᠴᠠᠭᠠᠨ ᠳᠤ᠂ | ᠴᠠᠭᠳᠠᠭ᠎ᠠ ᠠᠵᠢᠯᠳᠠᠳ ᠠᠴᠠ ᠤᠶᠢᠷ᠎ᠠ ᠶᠢᠨ ᠵᠢᠯ ᠳᠤ ᠡᠬᠦᠰᠦᠭᠰᠡᠨ ᠠᠵᠤ ᠠᠬᠤᠢ ᠶᠢᠨ ᠶᠠᠯᠠᠳᠤ ᠭᠡᠷᠡᠭ ᠤᠨ | ᠤᠨᠴᠠᠯᠢᠭ ᠰᠢᠨᠵᠢ ᠲᠠᠢ ᠤᠶᠠᠯᠳᠤᠭᠤᠯᠤᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠬᠤᠢ ᠲᠠᠯᠠᠪᠠᠢ ᠳᠤ | ᠶᠠᠷᠢᠵᠤ ᠲᠠᠶᠢᠯᠪᠤᠷᠢᠯᠠᠬᠤ ᠵᠡᠷᠭᠡ ᠭᠡᠯᠪᠡᠷᠢ ᠪᠠᠷ ᠂ ᠬᠠᠤᠯᠢ ᠪᠤᠰᠤ ᠪᠡᠯᠡ ᠬᠤᠮᠠᠳᠤᠭᠤᠯᠬᠤ᠂ ᠲᠠᠮᠵᠢᠭᠤᠯᠤᠨ | ᠪᠤᠷᠤᠯᠠᠭᠤᠯᠬᠤ᠂ ᠪᠠᠩᠬᠢ ᠶᠢᠨ ᠺᠠᠷᠲ ᠪᠠᠷ ᠭᠡᠷᠡᠭ ᠦᠢᠯᠡᠳᠬᠦ ᠵᠡᠷᠭᠡ ᠶᠠᠯᠠᠳᠤ ᠠᠵᠢᠯᠯᠠᠭᠠᠨ ᠤ ᠠᠷᠭ᠎ᠠ ᠪᠠᠰᠢᠷ ᠢ | ᠠᠮᠢᠳᠤ ᠲᠦᠷᠰᠦᠯᠢᠭ ᠢᠶᠠᠷ ᠢᠯᠡᠳᠭᠡᠵᠦ ᠬᠠᠷᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠤᠬᠠᠭᠤᠯᠭ᠎ᠠ ᠶᠢᠨ | ᠠᠵᠢᠯᠯᠠᠭ᠎ᠠ ᠨᠢ ᠤᠯᠠᠨ ᠲᠦᠮᠡᠨ ᠤ ᠮᠡᠭᠡᠯᠡᠯ ᠬᠠᠭᠤᠷᠳᠠᠯ ᠠᠴᠠ ᠰᠡᠷᠭᠡᠶᠢᠯᠡᠬᠦ ᠤᠬᠠᠮᠰᠠᠷ ᠴᠢᠳᠠᠪᠤᠷᠢ ᠶᠢ ᠤᠯᠠᠮ ᠨᠢᠬᠡ | ᠠᠯᠬᠤᠮ ᠴᠢᠩᠭᠠᠷᠠᠭᠤᠯᠤᠭᠰᠠᠨ ᠪᠦᠬᠡᠳ ᠲᠠᠶᠢᠹᠤᠰᠧ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ | ᠠᠵᠤ ᠠᠬᠤᠢ ᠶᠢᠨ ᠶᠠᠯᠠᠳᠤ ᠭᠡᠷᠡᠭ ᠳᠤ ᠴᠢᠩᠭ᠎ᠠ ᠴᠤᠬᠢᠯᠳᠠ ᠦᠭᠬᠦ ᠢᠳᠡᠭᠡᠯ ᠵᠤᠷᠢᠭ ᠢ ᠬᠠᠷᠠᠭᠤᠯᠵᠤ᠂ ᠠᠵᠤ | ᠠᠬᠤᠢ ᠶᠢᠨ ᠶᠠᠯᠠᠳᠤ ᠭᠡᠷᠡᠭ ᠢ ᠰᠡᠷᠭᠡᠶᠢᠯᠡᠨ ᠵᠠᠯᠬᠠᠭᠠᠬᠤ ᠠᠵᠢᠯ ᠳᠤ ᠪᠦᠬᠦ ᠨᠡᠶᠢᠬᠡᠮ ᠢᠶᠠᠷ ᠢᠶᠠᠨ ᠢᠳᠡᠪᠬᠢᠳᠡᠢ | ᠤᠷᠤᠯᠴᠠᠬᠤ ᠶᠢ ᠲᠦᠯᠬᠢᠨ ᠠᠬᠢᠭᠤᠯᠵᠠᠢ᠃ | | | | | | | | |