ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵14︶ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠲᠠᠶᠢᠹᠤᠰᠧ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ | ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ︵ | 2020 ᠣᠨ ᠤ 5 ᠰᠠᠷᠠᠶᠢᠨ 14 ᠤ ᠡᠳᠦᠷ︶ | | | ᠬᠤ᠋ | ᠴᠧᠩ ᠳ᠋ᠦᠩ | ᠲᠦᠯᠦᠭᠡᠯᠡᠭᠴᠢᠳ ᠡ ᠄ | ᠳᠣᠣᠷ᠎ᠠ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ ᠂ ᠬᠢᠨᠠᠨ ᠵᠥᠪᠯᠡᠬᠦ ᠪᠣᠯᠪᠠᠤ ᠃ ᠮᠦᠨ ᠴᠤ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠣᠨ ᠬᠤᠷᠠᠯ ᠳᠤ ᠰᠤᠯᠨ ᠣᠷᠣᠯᠴᠠᠭᠰᠠᠨ ᠨᠦᠬᠦᠳ ᠠᠴᠠ ᠰᠠᠨᠠᠯ ᠢᠶᠠᠨ ᠲᠤᠷᠠᠳᠬᠤ ᠶᠢ | ᠬᠦᠰᠡᠵᠦ ᠪᠠᠶᠢᠨ᠎ᠠ ᠃ | ᠨᠢᠭᠡ ᠂ 2019 ᠤᠨ ᠤ ᠠᠵᠢᠯ ᠤᠨ ᠡᠷᠬᠢᠴᠡᠬᠦᠯᠦᠯ | 2019 ᠤᠨ ᠪᠤᠯ ᠲᠠᠶᠢᠹᠤᠰᠧ ᠬᠤᠰᠢᠭᠤᠨ ᠤ ᠦᠬᠡᠷᠡᠴᠢᠯᠡᠯᠳᠡ ᠬᠦᠭᠵᠢᠯᠳᠡ ᠶᠢᠨ ᠶᠠᠪᠤᠴᠠ ᠳᠠᠬᠢ ᠡᠭᠡᠯ | ᠪᠤᠰᠤ ᠨᠢᠬᠡᠨ ᠵᠢᠯ᠂ ᠬᠤᠰᠢᠭᠤ ᠲᠠᠶᠠᠭᠠᠷ ᠶᠠᠳᠠᠭᠤ ᠠᠴᠠ ᠠᠩᠬᠢᠵᠢᠷᠠᠨ ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ | ᠡᠬᠦᠷᠭᠡ ᠬᠠᠷᠠᠯᠳᠠ ᠶᠢ ᠪᠡᠶᠡᠯᠡᠬᠦᠯᠵᠦ ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ | ᠢᠯᠠᠯᠳᠠ ᠶᠢ ᠤᠯᠬᠤ ᠶᠢᠨ ᠲᠦᠯᠦᠬᠡ ᠭᠠᠷ ᠬᠤᠯᠪᠤᠨ ᠬᠠᠳᠠᠭᠤᠵᠢᠯᠳᠠᠢ ᠲᠡᠮᠡᠴᠡᠭᠰᠡᠨ ᠵᠠᠩᠭᠢᠯᠠᠭ᠎ᠠ ᠶᠢᠨ ᠵᠢᠯ ᠪᠤᠯᠤᠨ᠎ᠠ | ᠃ ᠨᠢᠬᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ᠂ ᠬᠤᠰᠢᠭᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠠ ᠲᠡᠮᠵᠢᠯᠬᠡ | ᠲᠤᠤᠷ᠎ᠠ᠂ ᠬᠤᠰᠢᠭᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠬᠦᠯᠦᠨ | ᠲᠠᠶᠢᠴᠢᠯᠠᠵᠤ ᠂ ᠦᠨᠡᠨ ᠰᠠᠨᠠᠭᠠᠨ ᠠᠴᠠ ᠪᠠᠨ ᠴᠢᠷᠮᠠᠶᠢᠨ᠂ ᠯᠠᠪᠳᠠᠭᠤᠨ ᠪᠠᠳᠤᠳᠠᠢ ᠠᠵᠢᠯᠯᠠᠭᠰᠠᠨ ᠢᠶᠠᠷ ᠠᠵᠤ | ᠠᠬᠤᠢ ᠨᠡᠶᠢᠬᠡᠮ ᠨᠢ ᠲᠤᠭᠳᠠᠭᠤᠨ ᠤ ᠲᠤᠮᠳᠠ ᠤᠷᠤᠭᠰᠢᠯᠠᠬᠤ᠂ ᠤᠷᠤᠭᠰᠢᠯᠠᠬᠤ ᠶᠢᠨ ᠲᠤᠮᠳᠠ ᠰᠠᠶᠢᠵᠢᠷᠠᠬᠤ ᠤᠬᠢ | ᠰᠠᠶᠢᠨ ᠪᠠᠶᠢᠳᠠᠯ ᠢᠶᠠᠨ ᠬᠠᠳᠠᠭᠠᠯᠠᠭᠰᠠᠨ ᠪᠠᠶᠢᠨ᠎ᠠ᠃ ᠪᠦᠬᠦ ᠵᠢᠯ ᠳᠤ᠂ ᠣᠷᠣᠨ ᠨᠤᠲᠤᠭ ᠤᠨ ᠦᠢᠯᠡᠳᠪᠦᠷᠢᠯᠡᠯ | ᠤᠨ ᠶᠡᠷᠦᠩᠬᠡᠢ ᠥᠷᠲᠡᠭ 43.4 ᠳ᠋ᠦᠩᠰᠢᠭᠤᠷ ᠲᠦᠬᠦᠷᠢᠭ ᠲᠤ ᠬᠦᠷᠴᠦ᠂ 6.1 % ᠪᠠᠷ ᠨᠡᠮᠡᠭᠳᠡᠨ ᠂ | ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 30.8 ᠳ᠋ᠦᠩᠰᠢᠭᠤᠷ ᠲᠦᠬᠦᠷᠢᠭ ᠲᠤ ᠬᠦᠷᠴᠦ᠂ 28.8% | ᠪᠠᠷ ᠨᠡᠮᠡᠭᠳᠡᠨ᠂ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 9.2 | ᠳ᠋ᠦᠩᠰᠢᠭᠤᠷ ᠲᠦᠬᠦᠷᠢᠭ ᠲᠤ ᠬᠦᠷᠴᠦ᠂ 2.6 % ᠪᠠᠷ ᠨᠡᠮᠡᠭᠳᠡᠨ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠲᠤᠰᠪᠤᠷᠢ 37573 | ᠲᠦᠬᠦᠷᠢᠭ ᠪᠠ 12956 ᠲᠦᠬᠦᠷᠢᠭ ᠲᠤ ᠬᠦᠷᠴᠦ᠂ 6 % ᠪᠠ 11% ᠪᠠᠷ ᠨᠡᠮᠡᠭᠳᠡᠪᠡ᠃ ᠠᠵᠤ ᠠᠬᠤᠢ | ᠶᠢᠨ ᠤᠷᠤᠭᠤᠳᠠᠯ᠂ ᠶᠡᠭᠡ ᠬᠡᠮᠵᠢᠶᠡᠨ ᠤ ᠭᠠᠶᠢᠯᠢ ᠰᠦᠢᠳᠭᠡᠯ ᠤᠨ ᠬᠡᠯᠳᠦᠷᠢᠬᠦᠯᠦᠯᠳᠡ ᠵᠡᠷᠭᠡ ᠠᠴᠠ ᠪᠤᠯᠤᠭᠰᠠᠨ | ᠨᠦᠯᠦᠬᠡᠯᠡᠯ ᠤᠨ ᠲᠤᠤᠷ᠎ᠠ ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 1.84 ᠳ᠋ᠦᠩᠰᠢᠭᠤᠷ | ᠲᠦᠬᠦᠷᠢᠭ ᠢ ᠪᠡᠶᠡᠯᠡᠬᠦᠯᠦᠨ᠂ 10.7% ᠪᠠᠷ ᠨᠡᠮᠡᠭᠳᠡᠵᠡᠢ ᠃ ᠭᠤᠤᠯ ᠪᠤᠯᠬᠤ ᠪᠤᠬᠢᠷᠳᠤᠯ ᠭᠠᠳᠠᠭᠰᠢᠯᠠᠭᠤᠯᠤᠯᠳᠠ | ᠶᠢᠨ ᠬᠡᠮᠵᠢᠶ᠎ᠡ ᠪᠦᠷ ᠪᠠᠷᠢᠮᠵᠢᠶᠠᠨ ᠤ ᠲᠤᠳᠤᠷ᠎ᠠ ᠴᠢᠩᠭ᠎ᠠ ᠬᠢᠵᠠᠭᠠᠷᠯᠠᠭᠳᠠᠵᠤ᠂ ᠭᠤᠤᠯ ᠪᠤᠯᠬᠤ ᠠᠵᠤ ᠠᠬᠤᠢ ᠶᠢᠨ | ᠵᠢᠭᠠᠯᠳᠠ ᠲᠤᠭᠠᠨ ᠤ ᠨᠡᠮᠡᠭᠳᠡᠯ ᠤᠨ ᠬᠤᠷᠳᠤᠴᠠ ᠪᠦᠬᠦ ᠠᠶᠢᠮᠠᠭ ᠲᠠᠭᠠᠨ ᠪᠦᠷ ᠲᠡᠷᠢᠬᠦᠨ ᠪᠠᠶᠢᠷᠢ ᠳᠤ ᠵᠢᠬᠰᠠᠭᠰᠠᠨ | ᠪᠠᠶᠢᠨ᠎ᠠ᠃ | ︵ᠨᠢᠭᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠮᠡᠳᠡᠭᠳᠡᠮ᠎ᠡ ᠠᠮᠵᠢᠯᠳᠠ ᠤᠯᠪᠠ᠃ | ᠶᠠᠳᠠᠭᠤ ᠠᠴᠠ ᠠᠩᠬᠢᠵᠢᠷᠠᠨ ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ ᠬᠠᠷᠠᠯᠳᠠ ᠲᠤᠭᠳᠠᠭᠰᠠᠨ | ᠬᠤᠭᠤᠴᠠᠭᠠᠨ ᠳᠤ ᠪᠡᠶᠡᠯᠡᠭᠳᠡᠭᠰᠡᠨ᠃ ᠪᠦᠬᠦ ᠬᠤᠰᠢᠭᠤᠨ ᠤ ᠬᠦᠴᠦᠨ ᠢ ᠪᠤᠭᠤᠮᠳᠠ ᠰᠢᠪᠳᠤᠯᠬᠤ ᠲᠡᠭᠡᠷ᠎ᠡ | ᠲᠦᠪᠯᠡᠷᠡᠬᠦᠯᠵᠦ᠂ 20 ᠭᠠᠷᠤᠢ ᠬᠠᠷᠢᠭᠤᠴᠠᠬᠤ ᠰᠠᠯᠠᠭ᠎ᠠ ᠮᠦᠴᠢᠷ᠂ 176 ᠭᠠᠴᠠᠭ᠎ᠠ ᠲᠤᠰᠬᠤᠨ ᠳᠤ ᠰᠠᠭᠤᠭ᠎ᠠ | ᠠᠵᠢᠯᠯᠠᠬᠤ ᠠᠩᠬᠢ᠂ 1785 ᠬᠠᠪᠰᠤᠷᠤᠨ ᠲᠡᠳᠬᠦᠬᠦ ᠠᠵᠢᠯᠳᠠᠨ ᠭᠠᠴᠠᠭ᠎ᠠ ᠲᠤᠰᠬᠤᠨ ᠤ ᠤᠳᠤᠷᠢᠳᠬᠤ ᠪᠠᠭ | ᠲᠠᠢ ᠬᠠᠮᠳᠤ ᠪᠠᠷ ᠰᠡᠳᠬᠢᠯ ᠨᠢᠬᠡᠳᠦᠨ ᠠᠵᠢᠯᠯᠠᠵᠤ᠂ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠤ ᠡᠴᠦᠰ | ᠤᠨ ᠪᠤᠭᠤᠮᠳᠠ ᠵᠦᠭ ᠰᠢᠪᠳᠤᠯᠤᠯᠳᠠ ᠬᠢᠭᠰᠡᠨ ᠪᠠᠶᠢᠨ᠎ᠠ᠃ ︽ᠡᠪᠦᠯ ᠬᠠᠪᠤᠷ ᠤᠨ ᠤᠯᠠᠷᠢᠯ ᠳᠤ ᠲᠤᠳᠠᠭᠤᠳᠠᠯ ᠢᠶᠠᠨ | ᠨᠦᠬᠦᠪᠦᠷᠢᠯᠡᠬᠦ︾᠂ ︽ ᠠᠰᠠᠭᠤᠳᠠᠯ ᠢ ᠰᠡᠬᠦᠵᠦ ᠴᠡᠭᠴᠡᠯᠡᠨ ᠰᠠᠶᠢᠵᠢᠷᠠᠭᠤᠯᠬᠤ︾᠂ ︽ᠬᠠᠯᠠᠭᠤᠨ ᠵᠤᠭᠤᠭ ᠲᠡᠯᠬᠡᠵᠦ | ᠪᠤᠳᠠᠳᠠᠢ ᠠᠵᠢᠯ ᠬᠢᠬᠦ︾ ᠵᠡᠷᠭᠡ ᠠᠷᠭ᠎ᠠ ᠭᠡᠯᠪᠡᠷᠢ ᠪᠠᠷ ︽ᠠᠷᠬᠠᠭ ᠲᠤᠨᠢ ᠲᠤᠬᠢᠷᠠᠭᠤᠯᠤᠨ ᠡᠮ ᠨᠠᠶᠢᠷᠠᠵᠤ︾ | ᠠᠯᠬᠤᠮ ᠪᠦᠷᠢ ᠳᠤ ᠬᠦᠨᠵᠡᠬᠡᠶᠢᠷᠡᠬᠦᠯᠦᠨ᠂ ᠲᠤᠰᠬᠠᠢ ᠲᠦᠷᠦᠯ ᠤᠨ ᠲᠡᠳᠬᠦᠮᠵᠢ᠂ ᠠᠵᠢᠯ ᠲᠦᠷᠦᠯ ᠤᠨ | ᠲᠡᠳᠬᠦᠮᠵᠢ᠂ ᠨᠡᠶᠢᠬᠡᠮ ᠤᠨ ᠲᠡᠳᠬᠦᠮᠵᠢ ᠂ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠲᠠᠪᠠᠭᠤᠯᠢᠭ ᠢ | ᠪᠠᠳᠠᠷᠠᠭᠤᠯᠵᠤ᠂ ᠤᠨᠢᠨ ᠲᠡᠭᠡᠷ᠎ᠡ ᠨᠢ ᠲᠡᠳᠬᠦᠬᠦ ᠦᠨᠳᠦᠰᠦᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ︽ ᠭᠤᠷᠪᠠ ᠳᠤ ᠦᠯᠦ ᠵᠤᠪᠠᠭ᠋ᠤ᠂ ᠬᠤᠶᠠᠷ ᠢ ᠵᠠᠪᠠᠯ ᠪᠠᠳᠤᠯᠠᠬᠤ᠂ ᠨᠢᠬᠡ ᠶᠢ ᠪᠠᠷᠢᠮᠵᠢᠶ᠎ᠠ | ᠳᠤ ᠬᠦᠷᠭᠡᠬᠦ︾ ᠳᠤ ᠤᠷᠤᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠲᠤᠶᠢᠯᠪᠤᠷᠢᠳᠠᠢ ᠰᠢᠢᠳᠪᠦᠷᠢᠯᠡᠵᠦ᠂ | ᠨᠠᠷᠠᠨ ᠤ ᠡᠨᠧᠷᠬᠢ ᠶᠢᠨ ᠴᠠᠬᠢᠯᠭᠠᠨ ᠦᠷᠳᠡᠭᠡ᠂ ᠠᠯᠳᠠᠨ ᠲᠠᠬᠢᠶᠠᠨ ᠤ ᠠᠵᠤ ᠦᠢᠯᠡᠰ᠂ ᠵᠠᠭᠤᠨ ᠲᠤᠰᠬᠤᠨ ᠤ | ᠶᠠᠳᠠᠭᠤ ᠶᠢ ᠳᠡᠳᠬᠦᠬᠦ ᠠᠵᠤ ᠦᠢᠯᠡᠰ ᠤᠨ ᠬᠦᠷᠢᠶᠡᠯᠡᠩ᠂ ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ | ᠵᠡᠷᠭᠡ ᠨᠢᠬᠡ ᠪᠦᠯᠦᠭ ᠶᠠᠳᠠᠭᠤ ᠶᠢ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠪᠠ ᠡᠳ᠋ ᠬᠦᠷᠦᠩᠬᠡ ᠪᠠᠷ ᠠᠰᠢᠭ | ᠬᠦᠷᠳᠡᠭᠡᠬᠦ ᠲᠦᠷᠦᠯ ᠵᠦᠢᠯ ᠵᠠᠯᠭᠠᠪᠠᠷ ᠠᠰᠢᠭᠯᠠᠯᠳᠠ ᠳᠤ ᠤᠷᠤᠵᠤ ᠦᠢᠯᠡᠳᠪᠦᠷᠢᠯᠡᠯ ᠡᠬᠢᠯᠡᠭᠡᠳ᠂ ᠮᠠᠯᠵᠢᠬᠤ | ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠡ᠂ ᠤᠯᠠᠨ | ᠨᠡᠶᠢᠳᠡ ᠶᠢᠨ ᠦᠢᠯᠡᠴᠢᠯᠡᠭᠡ᠂ ᠬᠤᠳᠠ ᠤᠰᠤᠨ ᠤ ᠦᠩᠬᠡ ᠲᠦᠷᠬᠦ᠂ ᠠᠮᠢ ᠠᠬᠤᠢ ᠤᠷᠴᠢᠨ ᠲᠤᠭᠤᠷᠢᠨ ᠳᠤ | ᠯᠤᠳᠤ ᠶᠡᠭᠡ ᠬᠤᠪᠢᠷᠠᠯᠳᠠ ᠭᠠᠷᠤᠭᠰᠠᠨ ᠪᠠᠶᠢᠨ᠎ᠠ᠃ ᠲᠤᠰ ᠵᠢᠯ ᠳᠤ 1170 ᠡᠷᠦᠬᠡ 2096 ᠬᠦᠮᠦᠨ ᠶᠠᠳᠠᠭᠤ | ᠠᠴᠠ ᠠᠩᠬᠢᠵᠢᠷᠠᠵᠤ᠂ ᠶᠠᠳᠠᠭᠤᠷᠠᠯ ᠡᠬᠦᠰᠬᠦ ᠨᠤᠷᠮ᠎ᠠ 0.07 % ᠪᠤᠯᠤᠨ ᠲᠤᠷᠤᠭᠰᠢᠯᠠᠵᠤ᠂ 73 ᠶᠠᠳᠠᠭᠤ | ᠬᠦᠴᠢᠷᠳᠡᠯᠳᠡᠢ ᠭᠠᠴᠠᠭ᠎ᠠ ᠲᠤᠰᠬᠤᠨ ᠪᠦᠷ ᠶᠠᠳᠠᠭᠤ ᠶᠢᠨ ᠡᠩᠨᠡᠬᠡᠨ ᠠᠴᠠ ᠭᠠᠷᠴᠤ᠂ ᠪᠤᠢ ᠪᠦᠬᠦᠢ ᠭᠠᠴᠠᠭ᠎ᠠ | ᠲᠤᠰᠬᠤᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠨᠢ 3 ᠲᠦᠮᠡᠨ ᠲᠦᠬᠦᠷᠢᠭ ᠢ ᠲᠠᠪᠠᠵᠤ᠂ 73 | ᠭᠤᠤᠯᠳᠠᠯᠭ᠎ᠠ ᠲᠠᠢ ᠭᠠᠴᠠᠭ᠎ᠠ ᠲᠤᠰᠬᠤᠨ ᠤ ᠤᠷᠤᠯᠭ᠎ᠠ ᠪᠦᠷ 20 ᠲᠦᠮᠡ ᠶᠢ ᠲᠠᠪᠠᠭᠠᠳ᠂ ᠤᠯᠠᠨ ᠵᠢᠯ ᠤᠨ | ᠲᠤᠷᠰᠢᠬᠢ ᠠᠵᠢᠯ ᠬᠢᠶ᠎ᠡ ᠬᠡᠳ ᠠᠷᠭ᠎ᠠ ᠮᠤᠬᠤᠷᠳᠠᠳᠠᠭ ᠠᠰᠠᠭᠤᠳᠠᠯ ᠦᠨᠳᠦᠰᠦᠨ ᠳᠡᠭᠡᠨ ᠰᠢᠢᠳᠪᠦᠷᠢᠯᠡᠭᠳᠡᠭᠰᠡᠨ | ᠪᠠᠶᠢᠨ᠎ᠠ᠃ ᠦᠨᠳᠦᠷ ᠴᠢᠨᠰᠠᠭ᠎ᠠ ᠪᠠᠷ ᠭᠤᠷᠪᠠᠳᠠᠬᠢ ᠡᠳᠡᠭᠡᠳ ᠤᠨ ᠰᠢᠯᠭᠠᠨ ᠪᠠᠶᠢᠴᠠᠭᠠᠯᠳᠠ ᠶᠢ ᠦᠩᠭᠡᠷᠡᠭᠡᠵᠦ᠂ | 25 ᠵᠢᠯ ᠡᠮᠦᠰᠦᠭᠰᠡᠨ ᠶᠠᠳᠠᠭᠤ ᠶᠢᠨ ᠮᠠᠯᠠᠭᠠᠢ ᠪᠠᠨ ᠠᠪᠴᠤ ᠲᠠᠶᠠᠭᠳᠠᠭᠰᠠᠨ ᠶᠠᠪᠤᠳᠠᠯ ᠨᠢ ᠮᠠᠨ ᠤ ᠬᠤᠰᠢᠭᠤᠨ ᠤ | ᠬᠦᠭᠵᠢᠯᠳᠡ ᠶᠢᠨ ᠲᠡᠦᠬᠡᠨ ᠲᠡᠭᠡᠷᠡᠬᠢ ᠴᠠᠭ ᠦᠶ᠎ᠡ ᠶᠢ ᠵᠠᠭᠠᠭᠯᠠᠭᠰᠠᠨ ᠤᠳᠬ᠎ᠠ ᠠᠭᠤᠯᠭ᠎ᠠ ᠲᠠᠢ ᠶᠠᠪᠤᠳᠠᠯ ᠪᠤᠯᠵᠠᠢ᠃ | ᠡᠨᠡ ᠬᠦ᠋ ᠲᠡᠦᠬᠡᠨ ᠶᠠᠪᠤᠴᠠ ᠶᠢ ᠪᠡᠶ᠎ᠡ ᠪᠠᠷ ᠢᠶᠠᠨ ᠦᠩᠭᠡᠷᠡᠭᠡᠭᠰᠡᠨ ᠪᠦᠬᠡᠳ ᠡᠬᠦᠨ ᠤ ᠲᠦᠯᠦᠬᠡ ᠵᠢᠳᠬᠦᠯ | ᠴᠢᠷᠮᠠᠶᠢᠯᠭ᠎ᠠ ᠪᠠᠨ ᠭᠠᠷᠭᠠᠵᠤ ᠬᠤᠪᠢ ᠨᠡᠮᠡᠷᠢ ᠪᠠᠨ ᠡᠷᠬᠦᠭᠰᠡᠨ ᠬᠦᠮᠦᠨ ᠨᠢᠬᠡᠪᠦᠷᠢ ᠡᠨᠡ ᠮᠦᠴᠡ ᠳᠤ ᠤᠮᠤᠭᠰᠢᠨ | ᠪᠠᠶᠠᠰᠬᠤ ᠨᠢ ᠵᠦᠪ ᠪᠢᠯᠡ ᠃ ᠪᠠᠶᠢᠭᠠᠯᠢ ᠤᠷᠴᠢᠨ ᠤ ᠴᠢᠨᠠᠷ ᠴᠢᠨᠰᠠᠭ᠎ᠠ ᠮᠡᠳᠡᠭᠳᠡᠮ᠎ᠡ ᠰᠠᠶᠢᠵᠢᠷᠠᠭᠰᠠᠨ᠃ | ᠤᠯᠤᠰ ᠤᠷᠤᠨ ᠤ ᠱᠠᠭᠠᠷᠳᠠᠨ ᠪᠠᠶᠢᠴᠠᠭᠠᠯᠳᠠ ᠳᠤ ᠲᠤᠰᠬᠠᠭᠰᠠᠨ ᠠᠰᠠᠭᠤᠳᠠᠯ ᠢ ᠦᠷᠬᠦᠯᠵᠢᠯᠡᠨ ᠴᠡᠭᠴᠡᠯᠡᠨ | ᠰᠠᠶᠢᠵᠢᠷᠠᠭᠤᠯᠵᠤ᠂ ᠠᠭᠠᠷ ᠂ ᠤᠰᠤ᠂ ᠬᠦᠷᠦᠰᠦᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠬᠦᠨᠵᠡᠬᠡᠢ | ᠠᠬᠢᠭᠰᠠᠨ ᠪᠠᠶᠢᠨ᠎ᠠ᠃ ᠪᠤᠤᠴᠠᠩ ᠪᠠᠯᠭᠠᠰᠤᠨ ᠤ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ | ᠠᠰᠢᠭᠯᠠᠯᠳᠠ ᠳᠤ ᠤᠷᠤᠵᠤ᠂ 20 ᠡᠷᠦᠬᠡ ᠲᠤᠰᠤ ᠨᠡᠮᠡᠬᠦ ᠦᠷᠳᠡᠭᠡᠨ ᠤ 87 ᠰᠠᠭᠤᠷᠢ ᠭᠠᠵᠠᠷ ᠲᠤᠤᠷᠠᠬᠢ ᠲᠤᠰᠤᠨ | ᠤ ᠰᠠᠪᠠ ᠳᠤ ᠭᠤᠭᠤᠵᠢᠬᠤ ᠶᠢ ᠰᠡᠷᠭᠡᠶᠢᠯᠡᠬᠦ ᠦᠬᠡᠷᠡᠴᠢᠯᠡᠯᠳᠡ ᠬᠢᠪᠡ᠃ ︽ ᠨᠠᠭᠤᠷ ᠭᠤᠤᠯ ᠤᠨ ᠲᠠᠷᠤᠭ᠎ᠠ︾ ᠶᠢᠨ | ᠲᠦᠷᠢᠮ ᠢ ᠬᠦᠨᠵᠡᠬᠡᠢ ᠨᠠᠶᠢᠳᠠᠪᠤᠷᠢᠵᠢᠭᠤᠯᠵᠤ᠂ ᠨᠠᠭᠤᠷ ᠭᠤᠤᠯ ᠤᠨ ᠡᠷᠬᠢᠨ ᠲᠤᠭᠤᠷᠢᠨ ᠳᠠᠬᠢ ︽ ᠲᠦᠷᠪᠡᠨ | ᠲᠢᠭᠯᠡᠮ ᠦᠬᠡᠢ ᠦᠵᠡᠭᠳᠡᠯ︾ ᠳᠤ ᠲᠤᠰᠬᠠᠢ ᠴᠡᠭᠴᠡᠯᠡᠯᠳᠡ ᠶᠠᠪᠤᠭᠤᠯᠪᠠ᠃ ᠲᠠᠷᠢᠶᠠᠯᠠᠩ ᠤᠨ ᠪᠤᠬᠢᠷᠳᠤᠯ ᠤᠨ ︽ | ᠲᠦᠷᠪᠡ ᠶᠢ ᠡᠵᠡᠮᠳᠡᠬᠦ︾ ᠠᠵᠢᠯᠯᠠᠭ᠎ᠠ ᠡᠮᠬᠢ ᠲᠢᠭᠯᠡᠮ ᠲᠠᠢ ᠶᠠᠪᠤᠭᠳᠠᠨ᠂ ᠬᠢᠮᠢ ᠶᠢᠨ ᠪᠤᠷᠳᠤᠭᠤᠷ᠂ ᠲᠠᠷᠢᠶᠠᠨ | ᠡᠮ ᠭᠡᠷᠡᠭᠯᠡᠬᠦ ᠬᠡᠮᠵᠢᠶ᠎ᠡ ᠦᠷᠬᠦᠯᠵᠢᠯᠡᠨ ᠪᠠᠭᠤᠷᠠᠵᠤ᠂ ᠮᠠᠯ ᠵᠢᠬᠦᠷᠳᠡᠨ ᠤ ᠢᠯᠭᠠᠳᠠᠰᠤ ᠶᠢ ᠡᠬᠢ ᠪᠠᠶᠠᠯᠢᠭ ᠪᠤᠯᠭᠠᠵᠤ | ᠠᠰᠢᠭᠯᠠᠬᠤ ᠲᠦᠷᠦᠯ ᠵᠦᠢᠯ ᠠᠯᠬᠤᠮ ᠲᠠᠷᠠᠭᠠᠯᠠᠯ ᠲᠠᠢ ᠶᠠᠪᠤᠭᠳᠠᠪᠠ᠃ ᠪᠤᠬᠢᠷᠳᠤᠯ ᠦᠬᠡᠢ ᠠᠭᠤᠯᠠ ᠠᠭᠤᠷᠬᠠᠢ | ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ 2 ᠰᠠᠭᠤᠷᠢ ᠡᠵᠡᠬᠦᠢ ᠠᠭᠤᠯᠠ ᠠᠭᠤᠷᠬᠠᠢ ᠶᠢ ᠵᠠᠰᠠᠭᠰᠠᠨ | ᠪᠠᠶᠢᠨ᠎ᠠ᠃ ᠮᠠᠯᠵᠢᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢᠨ ᠲᠦᠷᠢᠮ ᠂ ᠲᠠᠷᠢᠶᠠᠯᠠᠬᠤ ᠤᠷᠤᠨ ᠤ | ᠪᠡᠯᠴᠢᠬᠡᠷᠯᠡᠬᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ 4 ᠲᠦᠮᠡᠨ ᠮᠤ᠋ ᠭᠤᠤᠯᠳᠠᠯᠭ᠎ᠠ | ᠲᠠᠢ ᠠᠮᠢ ᠠᠬᠤᠢ ᠶᠢᠨ ᠢᠨᠵᠧᠨᠧᠷᠢᠩ ᠢ ᠭᠡᠷᠡᠭᠵᠢᠬᠦᠯᠵᠦ᠂ ᠪᠠᠷᠢᠮᠵᠢᠶᠠᠳᠤ ᠵᠢᠮᠢᠰ ᠤᠨ ᠮᠤᠳᠤᠨ ᠤ ᠠᠵᠤ ᠠᠬᠤᠢ | ᠶᠢᠨ ᠰᠢᠭᠤᠢ 1600 ᠮᠤ᠋ ᠶᠢ ᠪᠠᠶᠢᠭᠤᠯᠵᠠᠢ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠯᠡᠭᠡ | ᠶᠢ ᠨᠠᠶᠢᠷᠠᠭᠤᠯᠬᠤ ᠲᠦᠷᠦᠬᠦᠴᠢ ᠬᠤᠭᠤᠴᠠᠭᠠᠨ ᠤ ᠠᠵᠢᠯ ᠢ ᠶᠠᠪᠤᠭᠳᠠᠭᠤᠯᠵᠤ᠂ ᠠᠮᠢ ᠠᠬᠤᠢ ᠶᠢᠨ ᠬᠠᠮᠠᠭᠠᠯᠠᠯᠳᠠ | ᠶᠢᠨ ᠬᠤᠷᠢᠭ᠎ᠠ ᠱᠤᠭᠤᠮ ᠢ ᠲᠤᠭᠳᠠᠭᠠᠨ᠂ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠤᠢ ᠶᠢᠨ | ᠪᠠᠶᠢᠴᠠᠭᠠᠯᠳᠠ ᠶᠢᠨ ᠦᠷ᠎ᠡ ᠳ᠋ᠦᠩ ᠢ ᠰᠢᠯᠭᠠᠨ ᠪᠠᠶᠢᠴᠠᠭᠠᠯᠭᠠᠬᠤ ᠪᠠᠷ ᠤᠯᠤᠰ ᠲᠤ ᠨᠢᠬᠡᠨᠳᠡ ᠮᠡᠳᠡᠬᠦᠯᠦᠭᠰᠡᠨ ᠪᠠᠶᠢᠨ᠎ᠠ | ᠃ ᠡᠳ᠋ ᠤᠨ ᠵᠠᠰᠠᠭ ᠮᠦᠩᠬᠦᠨ ᠬᠦᠢᠯᠬᠡᠬᠡᠨ ᠤ ᠲᠦᠭᠰᠢᠬᠦᠷᠢ ᠠᠯᠭᠤᠷ ᠰᠢᠢᠳᠪᠦᠷᠢᠯᠡᠭᠳᠡᠭᠰᠡᠨ ᠃ ᠡᠳ᠋ ᠤᠨ ᠵᠠᠰᠠᠭ | ᠤᠨ ᠪᠡᠯᠡ ᠮᠦᠩᠬᠦᠨ ᠤ ᠬᠠᠮᠢᠶᠠᠷᠤᠯᠳᠠ ᠶᠢ ᠴᠢᠩᠭ᠎ᠠ ᠲᠦᠷᠢᠮᠵᠢᠬᠦᠯᠦᠨ᠂ ᠤᠷᠤᠨ ᠨᠤᠳᠤᠭ ᠤᠨ ᠵᠠᠰᠠᠭ ᠤᠨ | ᠤᠷᠳᠤᠨ ᠤ ᠦᠯᠦ ᠦᠵᠡᠭᠳᠡᠬᠦ ᠦᠷᠢ ᠦᠭᠴᠡᠭᠡ 1.75 ᠳ᠋ᠦᠩᠰᠢᠭᠤᠷ ᠲᠦᠬᠦᠷᠢᠭ ᠢ ᠰᠢᠢᠳᠪᠦᠷᠢᠯᠡᠵᠦ᠂ ᠡᠬᠦᠨ | ᠳᠤ᠂ ᠠᠷᠠᠳ ᠠᠴᠠ ᠡᠵᠡᠩᠨᠡᠭᠰᠡᠨ ᠲᠤᠮᠳᠠ ᠪᠠᠭ᠎ᠠ ᠠᠵᠤ ᠠᠬᠤᠶᠢᠯᠠᠯ ᠤᠨ ᠦᠷᠢ ᠦᠭᠴᠡᠭᠡ 1.26 ᠳ᠋ᠦᠩᠰᠢᠭᠤᠷ | ᠲᠦᠬᠦᠷᠢᠭ ᠢ ᠲᠦᠯᠦᠬᠡᠳ᠂ ᠵᠢᠯ ᠤᠨ ᠡᠬᠦᠷᠭᠡ ᠪᠠᠨ ᠲᠠᠪᠠᠭᠤᠯᠤᠨ ᠪᠡᠶᠡᠯᠡᠬᠦᠯᠵᠡᠢ᠃ ᠬᠠᠤᠯᠢ ᠪᠤᠰᠤ ᠪᠡᠯᠡ | ᠬᠤᠷᠠᠮᠳᠤᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ 8200 ᠲᠦᠮᠡᠨ ᠲᠦᠬᠦᠷᠢᠭ ᠤᠨ ᠡᠷᠡᠬᠦᠯ ᠪᠤᠰᠤ | ᠵᠢᠭᠡᠯᠡᠯᠬᠡ ᠶᠢ ᠰᠢᠢᠳᠪᠦᠷᠢᠯᠡᠨ᠂ ᠡᠯ᠎ᠡ ᠲᠦᠷᠦᠯ ᠤᠨ ᠠᠵᠤ ᠠᠬᠤᠢ ᠶᠢᠨ ᠭᠡᠷᠡᠭ ᠢ 56 ᠤᠳᠠᠭ᠎ᠠ ᠪᠠᠶᠢᠴᠠᠭᠠᠨ | ᠰᠢᠢᠳᠪᠦᠷᠢᠯᠡᠵᠦ᠂ ᠮᠦᠩᠬᠦᠨ ᠬᠦᠢᠯᠬᠡᠬᠡᠨ ᠤ ᠵᠠᠬ᠎ᠠ ᠲᠡᠯᠬᠡᠬᠦᠷ ᠤᠨ ᠡᠮᠬᠢ ᠲᠢᠭᠯᠡᠮ ᠢ ᠪᠦᠳᠦᠮᠵᠢᠳᠡᠢ ᠬᠠᠮᠠᠭᠠᠯᠠᠪᠠ᠃ | | ︵ᠬᠤᠶᠠᠷ︶ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠬᠠᠨᠳᠤᠰᠢ ᠰᠠᠶᠢᠨ ᠪᠠᠶᠢᠭ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠲᠠᠰᠤᠷᠠᠯᠳᠠ ᠦᠬᠡᠢ ᠪᠠᠬᠢᠵᠢᠭ᠍ᠰᠡᠨ᠃ ︽ᠲᠦᠮᠦᠰᠦ | ᠶᠢ ᠪᠠᠭᠠᠰᠬᠠᠵᠤ᠂ ᠢᠳᠡᠰᠢᠨ ᠨᠤᠭᠤᠭ᠎ᠠ᠂ ᠡᠮ ᠤᠨ ᠮᠠᠲ᠋ᠧᠷᠢᠶᠠᠯ᠂ ᠡᠪᠡᠰᠦ ᠪᠤᠷᠳᠤᠭ᠎ᠠ ᠶᠢ ᠨᠡᠮᠡᠭᠳᠡᠬᠦᠯᠬᠦ︾ ᠪᠠ ︽ | ᠮᠠᠯᠵᠢᠬᠤ ᠶᠢᠨ ᠲᠦᠯᠦᠬᠡ ᠲᠠᠷᠢᠵᠤ᠂ ᠲᠠᠷᠢᠵᠤ ᠮᠠᠯᠵᠢᠬᠤ ᠶᠢ ᠤᠶᠠᠯᠳᠤᠭᠤᠯᠬᠤ︾ ᠶᠢ ᠪᠠᠷᠢᠮᠳᠠᠯᠠᠨ᠂ ᠲᠦᠮᠦᠰᠦ᠂ | ᠨᠤᠭᠤᠭ᠎ᠠ᠂ ᠰᠢᠬᠢᠷ ᠯᠤᠤᠪᠠᠩ᠂ ᠡᠮ ᠤᠨ ᠮᠠᠲ᠋ᠧᠷᠢᠶᠠᠯ᠂ ᠡᠪᠡᠰᠦ ᠪᠤᠷᠳᠤᠭ᠎ᠠ ᠵᠡᠷᠭᠡ ᠤᠨᠴᠠᠯᠢᠭᠳᠤ ᠠᠵᠤ ᠠᠬᠤᠢ | ᠶᠢᠨ ᠲᠠᠷᠢᠮᠠᠯ ᠤᠨ ᠲᠠᠯᠠᠪᠠᠢ ᠤᠯᠠᠮ ᠨᠢᠬᠡ ᠠᠯᠬᠤᠮ ᠨᠡᠮᠡᠭᠳᠡᠭᠡᠳ᠂ ᠪᠦᠬᠦ ᠵᠢᠯ ᠳᠤ ᠠᠮᠤ ᠪᠤᠳᠠᠭᠠᠨ ᠤ ᠶᠡᠷᠦᠩᠬᠡᠢ | ᠤᠨᠠᠯᠳᠠ 21.66 ᠲᠦᠮᠡᠨ ᠲᠤᠨ ᠳᠤ ᠬᠦᠷᠴᠦ᠂ ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ ᠲᠦᠪᠰᠢᠨ 97% | ᠳᠤ ᠬᠦᠷᠪᠡ᠃ ᠢᠳᠡᠯᠬᠡᠨ ᠳᠤ ᠭᠡᠷᠡᠭᠯᠡᠬᠦ ᠰᠠᠷᠠᠨ᠎ᠠ ᠴᠡᠴᠡᠭ 50 ᠮᠤ᠋ ᠲᠤᠷᠰᠢᠨ ᠲᠠᠷᠢᠭᠰᠠᠨ ᠪᠦᠬᠡᠳ 228 ᠪᠤᠳᠠ | ᠬᠦᠵᠡᠯᠵᠡᠬᠡᠨ᠎ᠡ ᠶᠢᠨ ᠮᠤᠳᠤ ᠲᠠᠷᠢᠵᠤ᠂ 4 ᠲᠦᠮᠡᠨ ᠮᠤ᠋ ᠲᠦᠮᠦᠰᠦ ᠲᠠᠷᠢᠬᠤ ᠲᠠᠯᠠᠪᠠᠢ ᠳᠤ ᠪᠤᠷᠳᠤᠭᠤᠷ | ᠪᠠᠭᠠᠰᠬᠠᠵᠤ ᠠᠰᠢᠭ ᠨᠡᠮᠡᠭᠳᠡᠬᠦᠯᠬᠦ ᠲᠤᠷᠰᠢᠯᠳᠠ ᠬᠢᠭᠰᠡᠨ ᠪᠠᠶᠢᠨ᠎ᠠ᠃ ︽ᠬᠤᠨᠢ ᠶᠢ ᠴᠦᠭᠡᠳᠭᠡᠵᠦ ᠦᠬᠡᠷ ᠢ | ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠠᠩᠬᠢᠰ ᠂ ᠰᠢᠮᠧᠨ᠋ᠲ᠋ᠠᠷ ᠵᠡᠷᠭᠡ | ᠰᠠᠶᠢᠨ ᠡᠬᠦᠯᠳᠡᠷ ᠤᠨ ᠮᠢᠬᠠᠨ ᠤ ᠦᠬᠡᠷ 10 ᠲᠦᠮᠡᠨ ᠲᠤᠯᠤᠭᠠᠢ᠂ ᠴᠠᠬᠠᠷ ᠬᠤᠨᠢ 5800 ᠶᠢ ᠮᠠᠯᠵᠢᠵᠤ᠂ | ᠮᠠᠯ ᠤᠨ ᠲᠤᠭ᠎ᠠ ᠲᠤᠯᠤᠭᠠᠢ 32 ᠲᠦᠮᠡ ᠳᠤ ᠬᠦᠷᠴᠦ᠂ ᠮᠠᠯ ᠤᠨ ᠵᠠᠷᠤᠴᠠᠭᠤᠯᠤᠯᠳᠠ 15 ᠲᠦᠮᠡ ᠳᠤ | ᠬᠦᠷᠴᠡᠢ᠃ ᠲᠠᠷᠢᠶᠠᠯᠠᠩ ᠮᠠᠯᠵᠢᠯ ᠤᠨ ᠠᠵᠤ ᠦᠢᠯᠡᠰᠵᠢᠭᠰᠡᠨ᠂ ᠡᠷᠴᠢᠮᠵᠢᠭᠰᠡᠨ᠂ ᠪᠤᠬᠢᠷᠳᠤᠯ ᠦᠬᠡᠶᠢᠵᠢᠭᠰᠡᠨ | ᠬᠢᠷᠢ ᠲᠦᠪᠰᠢᠨ ᠢ ᠬᠦᠴᠦ ᠲᠠᠯᠪᠢᠨ ᠲᠡᠭᠡᠭᠰᠢᠯᠡᠬᠦᠯᠵᠦ ᠂ ᠪᠦᠬᠦ ᠬᠤᠰᠢᠭᠤᠨ ᠤ ᠲᠠᠷᠢᠶᠠᠯᠠᠩ ᠮᠠᠯᠵᠢᠯ ᠤᠨ | ᠲᠤᠯᠤᠭᠠᠶᠢᠯᠠᠭᠴᠢ ᠠᠵᠤ ᠠᠬᠤᠶᠢᠯᠠᠯ 7 ᠡᠷᠦᠬᠡ ᠂ ᠲᠦᠷᠢᠮᠵᠢᠭᠰᠡᠨ ᠡᠵᠡᠩᠨᠡᠯᠳᠡ ᠲᠠᠢ ᠬᠤᠷᠰᠢᠶᠠᠵᠢᠯ 300 | ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 336 ᠡᠷᠦᠬᠡ ᠪᠤᠯᠵᠤ ᠬᠦᠭᠵᠢᠵᠡᠢ᠃ ᠳ᠋ᠧ ᠴᠢᠩ | ᠶᠤᠸᠠᠨ ᠠᠯᠳᠠᠨ ᠲᠠᠬᠢᠶᠠᠨ ᠤ ᠺᠤᠮᠫᠠᠨᠢ ᠡᠳᠦᠷ ᠲᠤ 30 ᠲᠦᠮᠡᠨ ᠦᠨᠳᠡᠭᠡᠨ ᠤ ᠬᠤᠷᠢᠶᠠᠯᠳᠠ ᠲᠠᠢ ᠪᠤᠯᠵᠤ᠂ ᠡᠤ | ᠹᠧᠩ ᠮᠠᠯᠵᠢᠯ ᠤᠨ ᠺᠤᠮᠫᠠᠨᠢ 1700 ᠠᠩᠬᠢᠰ ᠦᠬᠡᠷ ᠮᠠᠯᠵᠢᠨ᠂ ᠴᠠᠩ ᠱᠧᠩ ᠨᠠᠷᠠᠨ ᠤ ᠡᠨᠧᠷᠬᠢ ᠶᠢᠨ ᠲᠦᠷᠦᠯ | ᠵᠦᠢᠯ ᠨᠢ 260 ᠮᠤ᠋ ᠲᠠᠷᠢᠶ᠎ᠠ ᠲᠠᠷᠢᠵᠤ ᠪᠠᠶᠢᠨ᠎ᠠ᠃ ᠪᠦᠬᠦ ᠬᠤᠰᠢᠭᠤᠨ ᠤ ᠤᠷᠭᠠᠨᠢᠭ ᠲᠠᠷᠢᠶ᠎ᠠ ᠪᠤᠯᠭᠠᠵᠤ | ᠦᠬᠡᠷᠡᠴᠢᠯᠡᠬᠦ ᠲᠠᠯᠠᠪᠠᠢ 1742 ᠮᠤ᠋᠂ ᠤᠷᠭᠠᠨᠢᠭ ᠢᠶᠠᠷ ᠭᠡᠷᠡᠴᠢᠯᠡᠬᠦᠯᠦᠭᠰᠡᠨ ᠲᠠᠯᠠᠪᠠᠢ 520 ᠮᠤ᠋ ᠂ ᠬᠤᠤᠷᠳᠠᠯ | ᠦᠬᠡᠢ ᠲᠠᠷᠢᠶ᠎ᠠ ᠪᠠᠷ ᠭᠡᠷᠡᠴᠢᠯᠡᠬᠦᠯᠦᠭᠰᠡᠨ ᠲᠠᠯᠠᠪᠠᠢ 2320 ᠮᠤ᠋ ᠳᠤ ᠬᠦᠷᠪᠡ᠃ ᠨᠠᠷᠠᠨ ᠤ ᠡᠨᠧᠷᠬᠢ ᠪᠠᠷ ᠶᠠᠳᠠᠭᠤ | ᠶᠢ ᠳᠡᠳᠬᠦᠬᠦ ᠲᠦᠷᠦᠯ ᠵᠦᠢᠯ ᠤᠨ ᠠᠰᠢᠭ ᠤᠷᠤᠯᠭ᠎ᠠ ᠶᠢ ᠬᠤᠪᠢᠶᠠᠷᠢᠯᠠᠬᠤ ᠬᠠᠮᠢᠶᠠᠷᠤᠯᠳᠠ ᠶᠢᠨ ᠲᠤᠭᠳᠠᠴᠠ ᠶᠢ | ᠰᠢᠨᠡᠴᠢᠯᠡᠵᠦ᠂ ᠭᠠᠴᠠᠭ᠎ᠠ ᠲᠤᠰᠬᠤᠨ ᠤ ︽ᠡᠳ᠋ ᠬᠦᠷᠦᠩᠬᠡ᠂ ᠡᠬᠢ ᠪᠠᠶᠠᠯᠢᠭ᠂ ᠪᠡᠯᠡ ᠮᠦᠩᠬᠦ︾ ᠶᠢᠨ | ᠬᠠᠮᠢᠶᠠᠷᠤᠯᠳᠠ ᠶᠢᠨ ᠲᠦᠷᠢᠮ ᠳᠤ ᠦᠬᠡᠷᠡᠴᠢᠯᠡᠯᠳᠡ ᠬᠢᠵᠦ ᠡᠬᠢᠯᠡᠭᠰᠡᠨ ᠪᠠᠶᠢᠨ᠎ᠠ᠃ ᠠᠵᠤ ᠦᠢᠯᠡᠳᠪᠦᠷᠢ ᠶᠢᠨ ᠠᠵᠤ | ᠠᠬᠤᠢ ᠲᠡᠦᠬᠡᠳᠦ ᠴᠢᠨᠠᠷᠳᠠᠢ ᠲᠠᠪᠠᠯᠳᠠ ᠶᠢ ᠪᠡᠶᠡᠯᠡᠬᠦᠯᠦᠭᠰᠡᠨ᠃ ᠪᠦᠬᠦ ᠬᠦᠴᠦᠨ ᠢᠶᠠᠷ ᠲᠦᠷᠦᠯ ᠵᠦᠢᠯ ᠢ ᠠᠳᠬᠤᠨ | ᠂ ᠠᠵᠤ ᠦᠢᠯᠡᠰ ᠢ ᠪᠤᠶᠢᠵᠢᠭᠤᠯᠵᠤ᠂ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ 13 ᠶᠢ | ᠭᠡᠷᠡᠭᠵᠢᠬᠦᠯᠦᠨ᠂ 55 ᠠᠵᠤ ᠠᠬᠤᠶᠢᠯᠠᠯ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ | ᠲᠤ ᠨᠤᠳᠤᠭᠰᠢᠵᠤ᠂ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ 1 ᠡᠷᠦᠬᠡ ᠨᠡᠮᠡᠭᠳᠡᠨ᠂ ᠭᠡᠪᠴᠢᠶᠡᠵᠢᠯ | ᠠᠴᠠ ᠲᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠳᠡᠭ 15 ᠳ᠋ᠦᠩᠰᠢᠭᠤᠷ | ᠲᠦᠬᠦᠷᠢᠭ ᠲᠤ ᠬᠦᠷᠴᠦ 6.4% ᠪᠠᠷ ᠨᠡᠮᠡᠭᠳᠡᠨ᠂ ᠭᠠᠶᠢᠯᠢ ᠶᠢᠨ ᠤᠷᠤᠯᠭ᠎ᠠ 1.85 ᠳ᠋ᠦᠩᠰᠢᠭᠤᠷ ᠲᠦᠬᠦᠷᠢᠭ | ᠲᠤ ᠬᠦᠷᠴᠦ ᠂ ᠡᠵᠡᠯᠡᠬᠦ ᠬᠠᠷᠢᠴᠠᠯ 50 % ᠶᠢ ᠲᠠᠪᠠᠨ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ | ᠪᠦᠳᠦᠭᠡᠭᠳᠡᠬᠦᠨ 23 ᠲᠦᠷᠦᠯ ᠳᠤ ᠬᠦᠷᠴᠦ᠂ ᠰᠢᠨ᠎ᠡ ᠪᠠᠷ ᠠᠵᠢᠯ ᠤᠯᠤᠭᠰᠠᠨ ᠬᠦᠮᠦᠨ ᠤ ᠲᠤᠭ᠎ᠠ 1138 ᠳᠤ | ᠬᠦᠷᠦᠭᠡᠳ᠂ ᠠᠵᠤ ᠦᠢᠯᠡᠳᠪᠦᠷᠢ ᠶᠢᠨ ᠬᠦᠭᠵᠢᠯᠳᠡ ᠶᠢᠨ ᠨᠦᠬᠡᠴᠡ ᠬᠦᠴᠦᠨ ᠮᠡᠳᠡᠭᠳᠡᠮ᠎ᠡ ᠴᠢᠩᠭᠠᠷᠠᠭᠰᠠᠨ | ᠪᠠᠶᠢᠨ᠎ᠠ᠃ ᠴᠠᠭᠠᠰᠤ ᠰᠦᠯᠢᠶᠤᠤ ᠪᠦᠳᠦᠭᠡᠭᠳᠡᠬᠦᠨ ᠤ ᠦᠢᠯᠡᠳᠪᠦᠷᠢ᠂ ᠪᠠᠢ ᠬᠤᠢ ᠱᠧᠩ ᠰᠢᠬᠢᠷ ᠤᠨ | ᠦᠢᠯᠡᠳᠪᠦᠷᠢ᠂ ᠱᠧᠩ ᠲᠠᠢ ᠡᠯ ᠺᠤᠮᠫᠠᠨᠢ ᠶᠢᠨ ᠨᠢᠬᠡᠳᠦᠭᠡᠷ ᠬᠤᠭᠤᠴᠠᠭ᠎ᠠ ᠂ ᠵᠦᠩ ᠪᠧᠨ ᠼᠦᠩ ᠡᠬᠦᠯᠡᠨ | ᠪᠤᠳᠤᠯᠳᠠ ᠶᠢᠨ ᠲᠦᠪ ᠵᠡᠷᠭᠡ ᠲᠦᠷᠦᠯ ᠵᠦᠢᠯ ᠨᠢ ᠡᠷᠬᠢᠯᠳᠦᠯ ᠢᠶᠠᠷ ᠰᠠᠶᠢᠨ ᠪᠠᠶᠢᠵᠤ᠂ ᠲᠠᠯ᠎ᠠ ᠨᠤᠳᠤᠭ ᠺᠤᠮᠫᠠᠨᠢ | ᠶᠢᠨ ᠶᠡᠷᠦᠩᠬᠡᠶᠢᠯᠡᠭᠰᠡᠨ ᠠᠯᠪᠠᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠲᠡᠬᠦᠰᠴᠦ᠂ ᠭᠠᠵᠠᠷ ᠲᠤᠤᠷᠠᠬᠢ | ᠠᠷᠢᠬᠢᠨ ᠵᠤᠭᠤᠷᠢ ᠶᠢᠨ ᠪᠦᠳᠦᠭᠡᠨ ᠪᠠᠶᠢᠭᠤᠯᠤᠯᠳᠠ ᠲᠦᠷᠭᠡᠨ ᠶᠠᠪᠤᠭᠳᠠᠵᠤ ᠂ ︽ᠪᠦᠬᠦ ᠤᠯᠤᠰ ᠤᠨ ᠬᠦᠳᠡᠯᠮᠦᠷᠢ | ᠶᠢᠨ ᠬᠠᠷᠢᠴᠠᠭ᠎ᠠ ᠨᠢ ᠡᠶ᠎ᠡ ᠵᠤᠬᠢᠴᠠᠯᠳᠠᠢ ᠵᠢᠱᠢᠶᠡᠴᠢ ᠠᠵᠤ ᠠᠬᠤᠶᠢᠯᠠᠯ︾᠂ ︽ᠦᠪᠦᠷ ᠮᠤᠩᠭᠤᠯ ᠤᠨ ᠦᠨᠳᠦᠰᠦᠳᠡᠨ | ᠤ ᠨᠡᠷᠡᠳᠦ ᠲᠡᠮᠳᠡᠭ ᠤᠨ ᠪᠠᠶᠢᠭᠤᠯᠤᠯᠳᠠ ᠶᠢᠨ ᠲᠠᠭᠤᠷᠢᠶᠠᠯ ᠪᠤᠯᠤᠭᠴᠢ ᠠᠵᠤ ᠠᠬᠤᠶᠢᠯᠠᠯ︾᠂ ︽ ᠦᠪᠦᠷ ᠮᠤᠩᠭᠤᠯ | ᠤᠨ ᠨᠡᠷᠡᠳᠦ ᠲᠡᠮᠳᠡᠭ ᠢ ᠪᠤᠶᠢᠵᠢᠭᠤᠯᠤᠭᠰᠠᠨ ᠵᠢᠱᠢᠶ᠎ᠡ ᠦᠵᠡᠬᠦᠯᠬᠦ ᠨᠢᠬᠡᠴᠡ︾ ᠪᠠᠷ ᠦᠨᠡᠯᠡᠭᠳᠡᠨ᠂ ᠬᠤᠩ ᠵᠢᠩ | ᠶᠤᠸᠠᠨ ᠺᠤᠮᠫᠠᠨᠢ ᠶᠢᠨ ᠬᠢᠨ ᠵᠢᠩ ᠯᠢᠶᠠᠩ ᠪᠦᠯᠦᠭᠯᠡᠯ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠭᠡᠷ᠎ᠡ | ᠲᠤᠭᠳᠠᠵᠤ᠂ ᠪᠦᠳᠦᠭᠡᠭᠳᠡᠬᠦᠨ ᠤ ᠦᠷᠢᠰᠦᠯᠳᠦᠬᠦ ᠬᠦᠴᠦᠨ ᠪᠠ ᠵᠠᠬ᠎ᠠ ᠵᠡᠬᠡᠯᠢ ᠡᠵᠡᠯᠡᠬᠦ ᠨᠤᠷᠮ᠎ᠠ ᠤᠯᠠᠮ ᠨᠢᠬᠡ | ᠠᠯᠬᠤᠮ ᠲᠡᠭᠡᠭᠰᠢᠯᠡᠭᠡᠳ᠂ ︽ᠲᠠᠯ᠎ᠠ ᠨᠤᠳᠤᠭ ᠤᠨ ᠸᠠᠩ︾᠂ ︽ᠬᠤᠩ ᠵᠢᠩ ᠶᠤᠸᠠᠨ︾ ᠲᠡᠮᠳᠡᠭ ᠦᠪᠦᠷ | ᠮᠤᠩᠭᠤᠯ ᠤᠨ ᠵᠠᠭᠤᠨ ᠬᠦᠴᠦᠷᠭᠡᠭ ᠨᠡᠷᠡᠳᠦ ᠲᠡᠮᠳᠡᠭ ᠲᠤ ᠵᠢᠬᠰᠠᠭᠠᠭᠳᠠᠭᠰᠠᠨ ᠪᠠᠶᠢᠨ᠎ᠠ᠃ ᠬᠤᠸᠠ ᠷᠦᠨ᠂ ᠱᠧᠨ | ᠨᠧᠨ᠂ ᠵᠢᠶᠠᠨ ᠠᠨ ᠴᠧᠩ ᠂ ᠵᠦᠩ ᠴᠧ ᠵᠡᠷᠭᠡ ᠲᠦᠷᠦᠯ ᠵᠦᠢᠯ ᠤᠨ ᠪᠠᠶᠢᠭᠤᠯᠤᠯᠳᠠ ᠪᠦᠬᠦ ᠲᠠᠯ᠎ᠠ ᠪᠠᠷ | ᠤᠷᠤᠭᠰᠢᠳᠠᠢ ᠶᠠᠪᠤᠭᠳᠠᠵᠤ᠂ ᠱᠧᠩ ᠲᠠᠢ ᠡᠯ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠡᠵᠢᠬᠡᠯ | ᠪᠤᠷᠳᠤᠭᠠᠨ ᠤ ᠦᠢᠯᠡᠳᠪᠦᠷᠢ ᠶᠢᠨ ᠲᠠᠰᠤᠭ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠺᠧ ᠲᠠᠢ ᠯᠦᠩ ᠳ᠋ᠠ | ᠺᠤᠮᠫᠠᠨᠢ ᠶᠢᠨ ᠬᠤᠶᠠᠳᠤᠭᠠᠷ ᠬᠤᠭᠤᠴᠠᠭ᠎ᠠ᠂ ᠡᠤ ᠹᠧᠩ ᠺᠤᠮᠫᠠᠨᠢ ᠶᠢᠨ 10 ᠲᠦᠮᠡᠨ ᠮᠢᠬᠠᠨ ᠤ ᠦᠬᠡᠷ | ᠡᠳ᠋ᠰᠢᠬᠦᠯᠦᠨ ᠪᠤᠯᠪᠠᠰᠤᠷᠠᠭᠤᠯᠬᠤ ᠲᠦᠷᠦᠯ ᠵᠦᠢᠯ ᠨᠢ ᠭᠤᠤᠯ ᠴᠤᠭᠴᠠ ᠶᠢᠨ ᠪᠠᠷᠢᠯᠭ᠎ᠠ ᠪᠠᠨ ᠲᠠᠭᠤᠰᠬᠠᠪᠠ᠃ | ᠬᠠᠳᠠᠭᠤ ᠮᠠᠲ᠋ᠧᠷᠢᠶᠠᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠬᠦᠭᠵᠢᠯᠳᠡ ᠶᠢᠨ ᠲᠦᠯᠦᠪᠵᠢᠬᠦᠯᠬᠡ ᠨᠢ | ᠲᠤᠰᠬᠠᠢ ᠮᠡᠷᠭᠡᠵᠢᠯᠳᠡᠨ ᠤ ᠬᠢᠨᠠᠨ ᠰᠢᠯᠭᠠᠯᠳᠠ ᠶᠢ ᠦᠩᠭᠡᠷᠡᠭᠡᠵᠦ᠂ ᠵᠤᠬᠢᠶᠠᠮᠠᠯ ᠠᠯᠮᠠᠰ ᠴᠢᠯᠠᠭᠤᠨ ᠤ ᠲᠦᠷᠦᠯ | ᠵᠦᠢᠯ ᠤᠨ 10 ᠲᠦᠮᠡᠨ ᠬᠠᠪᠳᠠᠭᠠᠢ ᠲᠦᠷᠪᠡᠯᠵᠢᠨ ᠮᠧᠲᠷ ᠪᠠᠷᠢᠮᠵᠢᠶᠠᠳᠤ ᠦᠢᠯᠡᠳᠪᠦᠷᠢ ᠶᠢᠨ ᠲᠠᠰᠤᠭ ᠤᠨ | ᠪᠦᠳᠦᠬᠡᠨ ᠪᠠᠶᠢᠭᠤᠯᠤᠯᠳᠠ ᠦᠨᠳᠦᠰᠦᠨ ᠳᠡᠭᠡᠨ ᠲᠠᠭᠤᠰᠤᠭᠠᠳ ᠂ ᠲᠤᠨᠤᠭ ᠲᠦᠬᠦᠭᠡᠷᠦᠮᠵᠢ ᠪᠠᠨ ᠤᠷᠤᠭᠤᠯᠤᠨ | ᠤᠭᠰᠠᠷᠠᠵᠤ ᠪᠠᠶᠢᠨ᠎ᠠ᠃ ᠠᠵᠤ ᠦᠢᠯᠡᠰ ᠤᠨ ᠤᠷᠤᠨ ᠲᠤᠭᠤᠷᠢᠭ ᠤᠨ ᠲᠦᠪ ᠭᠡᠰᠡᠭ ᠲᠤ 1400 ᠮᠤ᠋ ᠭᠠᠵᠠᠷ | ᠰᠢᠷᠤᠢ ᠨᠦᠬᠡᠴᠡᠯᠡᠵᠦ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠤᠳᠠᠯ ᠦᠬᠡᠢ ᠠᠰᠢᠭᠯᠠᠯᠳᠠ | ᠳᠤ ᠤᠷᠤᠬᠤ ᠪᠠᠷ ᠪᠤᠯᠤᠭᠠᠳ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠡᠬᠢᠯᠡᠵᠦ᠂ | ᠦᠵᠡᠬᠦᠯᠦᠯᠬᠡ ᠶᠢᠨ ᠲᠢᠩᠬᠢᠮ ᠨᠢ ᠨᠢᠬᠡᠨᠳᠡ ᠠᠰᠢᠭᠯᠠᠯᠳᠠ ᠳᠤ ᠤᠷᠤᠵᠠᠢ᠃ ᠤᠳᠤ ᠦᠶ᠎ᠡ ᠶᠢᠨ ᠦᠢᠯᠡᠴᠢᠯᠡᠬᠡᠨ ᠤ | ᠦᠢᠯᠡᠰ ᠦᠷᠨᠢᠬᠦᠨ ᠬᠦᠭᠵᠢᠭᠰᠡᠨ᠃ ᠵᠢᠭᠤᠯᠴᠢᠯᠠᠯ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠲᠦᠯᠬᠢᠨ | ᠠᠬᠢᠭᠤᠯᠵᠤ᠂ ᠬᠠᠭᠠᠨ ᠤ ᠠᠳᠤᠭᠤᠨ ᠵᠤᠰᠠᠭᠠᠯ ᠂ ᠪᠢᠶᠠᠨ ᠴᠢᠶᠠᠩ ᠵᠢᠭᠤᠯᠴᠢᠯᠠᠯ ᠤᠨ ᠲᠤᠰᠬᠤᠨ ᠵᠡᠷᠭᠡ | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠵᠦ᠂ ᠲᠠᠯ᠎ᠠ ᠨᠤᠳᠤᠭ ᠤᠨ | ᠦᠵᠡᠮᠵᠢ ᠶᠢᠨ ᠱᠤᠭᠤᠮ ᠤᠨ ᠨᠢᠬᠡᠳᠦᠭᠡᠷ ᠲᠡᠰ ᠤᠨ ᠦᠷᠳᠡᠭᠡ 3᠂ ᠭᠠᠵᠠᠷ ᠤᠷᠤᠨ ᠤ ᠢᠯᠡᠷᠭᠡᠶᠢᠯᠡᠯ ᠤᠨ | ᠱᠤᠭᠤᠮᠠᠯ 1᠂ ᠤᠳᠤᠨ ᠲᠡᠰ ᠤᠨ ᠪᠠᠭᠤᠳᠠᠯ 3᠂ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠬᠤᠳᠠ | ᠤᠰᠤ 1᠂ ᠵᠢᠭᠤᠯᠴᠢᠯᠠᠯ ᠳᠤ ᠭᠡᠷᠡᠭᠯᠡᠬᠦ ᠵᠤᠷᠯᠤᠩ 5 ᠶᠢ ᠪᠠᠶᠢᠭᠤᠯᠤᠭᠠᠳ᠂ ᠪᠦᠬᠦ ᠬᠤᠰᠢᠭᠤᠨ ᠤ ᠰᠤᠶᠤᠯ | ᠵᠢᠭᠤᠯᠴᠢᠯᠠᠯ ᠤᠨ ᠨᠡᠷᠡᠳᠦ ᠲᠡᠮᠳᠡᠭᠳᠦ ᠦᠵᠡᠮᠵᠢ ᠶᠢᠨ ᠤᠷᠤᠨ 9 ᠪᠤᠯᠵᠤ ᠬᠦᠭᠵᠢᠨ᠂ ᠬᠦᠳᠡᠭᠡ ᠲᠤᠰᠬᠤᠨ ᠤ | ᠵᠢᠭᠤᠯᠴᠢᠯᠠᠯ ᠡᠷᠬᠢᠯᠡᠭᠴᠢ 90 ᠡᠷᠦᠬᠡ ᠳᠤ ᠬᠦᠷᠴᠡᠢ᠃ ᠲᠤᠮᠳᠠᠳᠤ ᠤᠯᠤᠰ ᠤᠨ ᠲᠠᠯ᠎ᠠ ᠨᠤᠳᠤᠭ ᠤᠨ ᠮᠤᠩᠭᠤᠯ | ᠠᠳᠤᠭᠤᠨ ᠤ ᠰᠤᠶᠤᠯ ᠤᠨ ᠨᠠᠶᠢᠷ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠬᠡᠯᠡᠬᠦ ᠠᠷᠠᠳ ᠤᠨ ᠨᠠᠭᠠᠳᠤᠮ᠂ ᠮᠦᠩᠬᠦᠨ ᠡᠪᠦᠯ ᠤᠨ ᠴᠠᠰᠤ ᠮᠦᠰᠦᠨ ᠤ ᠲᠠᠮᠢᠷ ᠤᠨ ᠴᠤᠭᠯᠠᠭᠠᠨ ᠵᠡᠷᠭᠡ | ᠰᠤᠶᠤᠯ ᠵᠢᠭᠤᠯᠴᠢᠯᠠᠯ ᠤᠨ ᠬᠦᠳᠡᠯᠪᠦᠷᠢ ᠠᠵᠢᠯᠯᠠᠭ᠎ᠠ ᠶᠢ ᠦᠨᠳᠦᠷ ᠴᠢᠨᠰᠠᠭ᠎ᠠ ᠲᠠᠢ ᠡᠷᠬᠢᠯᠡᠨ ᠶᠠᠪᠤᠭᠳᠠᠭᠤᠯᠵᠤ᠂ | ᠪᠦᠬᠦ ᠵᠢᠯ ᠳᠤ ᠨᠡᠶᠢᠳᠡ 50 ᠲᠦᠮᠡᠨ ᠵᠢᠭᠤᠯᠴᠢᠯᠠᠭᠴᠢ ᠶᠢ ᠤᠭᠳᠤᠨ ᠵᠤᠴᠢᠯᠠᠵᠤ᠂ ᠵᠢᠭᠤᠯᠴᠢᠯᠠᠯ ᠤᠨ ᠤᠷᠤᠯᠭ᠎ᠠ | 1.65 ᠳ᠋ᠦᠩᠰᠢᠭᠤᠷ ᠲᠦᠬᠦᠷᠢᠭ ᠲᠤ ᠬᠦᠷᠪᠡ᠃ ᠤᠯᠤᠰ ᠤᠷᠤᠨ ᠤ ᠲᠡᠰ ᠤᠨ ᠡᠯᠧᠺᠲᠷᠤᠨ ᠬᠤᠳᠠᠯᠳᠤᠭᠠᠨ ᠤ | ᠶᠠᠪᠤᠳᠠᠯ ᠢ ᠬᠦᠳᠡᠭᠡ ᠤᠷᠤᠭᠤᠯᠬᠤ ᠬᠤᠤᠰ ᠵᠢᠱᠢᠶᠡᠨ ᠤ ᠲᠦᠷᠦᠯ ᠵᠦᠢᠯ ᠯᠠᠪᠳᠠᠭᠤᠨ ᠢᠶᠠᠷ ᠠᠬᠢᠵᠤ᠂ | ᠲᠦᠷᠭᠡᠨ ᠲᠠᠮᠵᠢᠭᠤᠯᠭ᠎ᠠ ᠶᠢᠨ ᠠᠵᠤ ᠠᠬᠤᠶᠢᠯᠠᠯ 10 ᠡᠷᠦᠬᠡ ᠂ ᠡᠯᠧᠺᠲᠷᠤᠨ ᠬᠤᠳᠠᠯᠳᠤᠭᠠᠨ ᠤ ᠠᠵᠤ | ᠠᠬᠤᠶᠢᠯᠠᠯ 37 ᠡᠷᠦᠬᠡ᠂ ᠰᠦᠯᠵᠢᠶᠡᠨ ᠤ ᠠᠷᠠᠯᠵᠢᠶ᠎ᠠ ᠡᠵᠡᠩᠨᠡᠭᠴᠢ 820 ᠡᠷᠦᠬᠡ ᠪᠤᠯᠵᠤ ᠬᠦᠭᠵᠢᠨ᠂ | ᠪᠡᠭᠡᠵᠢᠩ ᠬᠤᠳᠠ ᠳᠤ ᠪᠦᠳᠦᠭᠡᠭᠳᠡᠬᠦᠨ ᠢᠶᠠᠨ ᠲᠡᠯᠬᠡᠨ ᠪᠤᠷᠤᠯᠠᠭᠤᠯᠬᠤ ᠭᠠᠵᠠᠷ 11 ᠪᠠᠶᠢᠭᠤᠯᠤᠭᠳᠠᠵᠤ᠂ | ᠰᠤᠯᠢᠯᠴᠠᠭᠠᠨ ᠤ ᠦᠷᠳᠡᠭ 3.97 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ 4 ᠵᠤᠷᠪᠤᠰ ᠪᠤᠳᠠᠰ ᠤᠨ | ᠬᠦᠢᠯᠬᠡᠬᠡᠨ ᠤ ᠲᠤᠬᠢᠷᠠᠭᠤᠯᠤᠨ ᠬᠦᠷᠭᠡᠬᠦ ᠱᠤᠭᠤᠮ ᠪᠦᠬᠦ ᠲᠠᠯ᠎ᠠ ᠪᠠᠷ ᠨᠡᠪᠳᠡᠷᠡᠵᠦ᠂ ᠭᠠᠴᠠᠭ᠎ᠠ ᠲᠤᠰᠬᠤᠨ ᠱᠠᠳᠤᠨ ᠤ | ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠦᠷᠳᠡᠭᠡ 125 ᠪᠠᠶᠢᠭᠤᠯᠤᠭᠳᠠᠭᠠᠳ᠂ ᠤᠯᠤᠰ ᠤᠨ ᠲᠡᠰ | ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠤᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ | ᠲᠡᠰ ᠲᠡᠪᠰᠢᠬᠦᠯᠦᠯᠳᠡ ᠶᠢᠨ ᠤᠷᠤᠨ ᠢᠶᠠᠷ ᠦᠨᠡᠯᠡᠭᠳᠡᠭᠰᠡᠨ ᠪᠠᠶᠢᠨ᠎ᠠ᠃ ᠪᠦᠬᠦ ᠵᠢᠯ ᠳᠤ᠂ ᠪᠠᠷᠠᠭ᠎ᠠ ᠲᠠᠸᠠᠷ ᠤᠨ | ᠵᠦᠬᠡᠬᠡᠪᠦᠷᠢ ᠶᠢᠨ ᠬᠡᠮᠵᠢᠶ᠎ᠡ 287.3 ᠲᠦᠮᠡᠨ ᠲᠤᠨ᠂ ᠠᠶᠠᠨᠴᠢᠨ ᠤ ᠵᠦᠬᠡᠬᠡᠪᠦᠷᠢ ᠶᠢᠨ ᠬᠡᠮᠵᠢᠶ᠎ᠡ 236.5 | ᠲᠦᠮᠡᠨ ᠬᠦᠮᠦᠨ ︵ᠤᠳᠠᠭ᠎ᠠ ︶ ᠳᠤ ᠬᠦᠷᠴᠦ᠂ ᠲᠤᠰᠪᠤᠷᠢ 10% ᠪᠠ 17% ᠪᠠᠷ ᠨᠡᠮᠡᠭᠳᠡᠪᠡ᠃ ᠡᠯ᠎ᠡ | ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠬᠡᠯᠯᠡᠭᠡ ᠶᠢᠨ ᠦᠯᠡᠳᠡᠪᠦᠷᠢ | ᠲᠤᠰᠪᠤᠷᠢ 70.4 ᠳ᠋ᠦᠩᠰᠢᠭᠤᠷ ᠲᠦᠬᠦᠷᠢᠭ ᠪᠠ 44.8 ᠳ᠋ᠦᠩᠰᠢᠭᠤᠷ ᠲᠦᠬᠦᠷᠢᠭ ᠳᠤ ᠬᠦᠷᠴᠦ᠂ | ᠲᠤᠰᠪᠤᠷᠢ12.1% ᠪᠠ 16.4% ᠪᠠᠷ ᠨᠡᠮᠡᠭᠳᠡᠨ᠂ ᠦᠪᠦᠷ ᠮᠤᠩᠭᠤᠯ ᠪᠠᠩᠬᠢ ᠶᠢᠨ ᠲᠠᠶᠢᠹᠤᠰᠧ ᠬᠤᠰᠢᠭᠤᠨ | ᠳᠠᠬᠢ ᠰᠠᠯᠪᠤᠷᠢ ᠪᠠᠩᠬᠢ ᠡᠷᠦᠬᠡ ᠰᠡᠬᠦᠵᠦ ᠡᠵᠡᠩᠨᠡᠯᠳᠡ ᠪᠠᠨ ᠡᠬᠢᠯᠡᠪᠡ᠃ | ︵ᠭᠤᠷᠪᠠ︶ ᠬᠤᠳᠠ ᠬᠦᠳᠡᠭᠡ ᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠡᠳᠦᠷ ᠢᠷᠡᠬᠦᠶ᠎ᠡ | ᠰᠠᠶᠢᠵᠢᠷᠠᠪᠠ᠃ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠳᠤ ᠰᠢᠨ᠎ᠡ ᠲᠦᠷᠬᠦ ᠢᠯᠡᠷᠡᠭᠰᠡᠨ᠃ | ᠪᠤᠤᠴᠠᠩ ᠤᠨ ᠬᠠᠭᠤᠴᠢᠨ ᠲᠤᠭᠤᠷᠢᠭ ᠤᠨ ᠠᠭᠤᠳᠠᠮ ᠲᠠᠯᠠᠪᠠᠢ ᠂ ᠰᠢᠨ᠎ᠡ ᠲᠤᠭᠤᠷᠢᠭ ᠤᠨ ᠨᠤᠭᠤᠭᠠᠷᠠᠭᠤᠯᠤᠯᠳᠠ | ᠶᠢᠨ ᠢᠨᠵᠧᠨᠧᠷᠢᠩ ᠢ ᠡᠬᠢᠯᠡᠬᠦᠯᠦᠨ᠂ 92 ᠲᠦᠮᠡᠨ ᠪᠤᠳᠠ ᠨᠢᠯᠬ᠎ᠠ ᠮᠤᠳᠤ ᠲᠠᠷᠢᠵᠤ᠂ ᠠᠮᠢ ᠠᠬᠤᠢ ᠶᠢᠨ | ᠤᠰᠤᠨ ᠤ ᠰᠢᠰᠲ᠋ᠧᠮ ᠤᠨ ᠴᠡᠴᠡᠷᠯᠢᠭ ᠤᠨ PPP ᠲᠦᠷᠦᠯ ᠵᠦᠢᠯ ᠢ ᠡᠬᠢᠯᠡᠬᠦᠯᠪᠡ᠃ 8.9 ᠺᠢᠯᠤᠮᠧᠲᠷ ᠴᠠᠷᠳᠠᠮᠠᠯ | ᠵᠠᠮ ᠢ ᠰᠢᠨ᠎ᠡ ᠪᠠᠷ ᠲᠡᠪᠢᠰᠴᠦ᠂ 18 ᠲᠦᠮᠡᠨ ᠬᠠᠪᠳᠠᠭᠠᠢ ᠲᠦᠷᠪᠡᠯᠵᠢᠨ ᠮᠧᠲᠷ ᠵᠠᠮ ᠢ ᠲᠠᠪᠬᠤᠷᠯᠠᠨ ᠴᠠᠷᠳᠠᠵᠤ᠂ | ᠵᠠᠮ ᠤᠨ ᠳ᠋ᠧᠩ 280 ᠶᠢ ᠤᠭᠰᠠᠷᠠᠪᠠ᠃ ᠰᠢᠨ᠎ᠡ ᠤᠰᠤᠨ ᠤ ᠦᠢᠯᠡᠳᠪᠦᠷᠢ ᠶᠢᠨ ᠬᠤᠳᠳᠤᠭ ᠢ ᠲᠤᠷᠰᠢᠨ | ᠭᠡᠷᠡᠭᠯᠡᠵᠦ᠂ ᠬᠠᠭᠤᠴᠢᠨ ᠤᠰᠤᠨ ᠤ ᠦᠢᠯᠡᠳᠪᠦᠷᠢ ᠶᠢᠨ ᠬᠤᠳᠳᠤᠭ ᠳᠤ ᠵᠠᠰᠠᠯᠳᠠ ᠬᠢᠵᠦ᠂ ᠬᠤᠳᠠ ᠪᠠᠯᠭᠠᠰᠤᠨ | ᠤ ᠤᠰᠤ ᠬᠠᠩᠭᠠᠬᠤ ᠴᠢᠳᠠᠮᠵᠢ ᠶᠢ ᠨᠡᠮᠡᠭᠳᠡᠬᠦᠯᠦᠨ᠂ ᠶᠠᠰᠤ ᠴᠢᠨᠠᠷ ᠢ ᠤᠯᠠᠮ ᠰᠠᠶᠢᠵᠢᠷᠠᠭᠤᠯᠤᠭᠰᠠᠨ ᠪᠠᠶᠢᠨ᠎ᠠ᠃ | PPP ᠲᠦᠷᠦᠯ ᠵᠦᠢᠯ ᠢᠶᠠᠷ ᠲᠠᠮᠵᠢᠨ᠂ 11.3 ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠪᠠ 9 | ᠰᠠᠭᠤᠷᠢ ᠢᠯᠴᠢ ᠰᠤᠯᠢᠭᠳᠠᠭᠤᠯᠬᠤ ᠦᠷᠳᠡᠭᠡ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠤ᠂ | ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠤᠨ ᠭᠡᠪ ᠢᠶᠠᠷ ᠠᠵᠢᠯᠯᠠᠬᠤ ᠶᠢ ᠪᠠᠳᠤᠯᠠᠪᠠ᠃ | ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ ᠬᠦᠨᠵᠡᠬᠡᠢ ᠠᠬᠢᠭᠤᠯᠵᠤ᠂ ᠭᠡᠷ ᠤᠨ | ᠲᠦᠷᠢᠶᠡᠰᠦᠨ ᠤ ᠨᠦᠬᠦᠪᠦᠷᠢ 284 ᠲᠦᠮᠡᠨ ᠲᠦᠬᠦᠷᠢᠭ ᠲᠠᠷᠬᠠᠭᠠᠵᠤ᠂ 3 ᠲᠦᠮᠡᠨ ᠬᠠᠪᠳᠠᠭᠠᠢ ᠲᠦᠷᠪᠡᠯᠵᠢᠨ | ᠮᠧᠲᠷ ᠬᠠᠭᠤᠴᠢᠷᠠᠭᠰᠠᠨ ᠰᠠᠭᠤᠭᠠᠯᠢ ᠲᠤᠭᠤᠷᠢᠭ ᠲᠤ ᠡᠨᠧᠷᠬᠢ ᠠᠷᠪᠢᠯᠠᠬᠤ ᠦᠬᠡᠷᠡᠴᠢᠯᠡᠯᠳᠡ ᠬᠢᠵᠦ᠂ ᠤᠰᠤ ᠪᠠᠷ | ᠵᠠᠶᠢᠯᠠᠬᠤ ᠨᠡᠶᠢᠳᠡ ᠶᠢᠨ ᠵᠤᠷᠯᠤᠩ 13 ᠶᠢ ᠪᠠᠶᠢᠭᠤᠯᠪᠠ᠃ ᠪᠠᠶᠢᠰᠢᠩᠳᠤ ᠲᠤᠭᠤᠷᠢᠭ ᠤᠨ ᠦᠬᠡᠷᠡᠴᠢᠯᠡᠯᠳᠡ ᠶᠢ | ᠬᠦᠴᠦᠯᠡᠨ ᠠᠬᠢᠭᠤᠯᠵᠤ᠂ 516 ᠡᠷᠦᠬᠡ ᠲᠠᠢ ᠭᠡᠷ ᠪᠠᠶᠢᠰᠢᠩ ᠲᠠᠳᠠᠪᠤᠷᠢᠯᠠᠨ ᠭᠡᠷᠡᠭᠯᠡᠬᠦ ᠭᠡᠷ᠎ᠡ ᠲᠤᠭᠳᠠᠵᠤ᠂ 1.25 | ᠳ᠋ᠦᠩᠰᠢᠭᠤᠷ ᠲᠦᠬᠦᠷᠢᠭ ᠤᠨ ᠨᠦᠬᠦᠪᠦᠷᠢ ᠲᠠᠷᠬᠠᠭᠠᠨ᠂ ᠶᠠᠩ ᠭᠤᠸᠠᠩ ᠰᠠᠭᠤᠭᠠᠯᠢ ᠲᠤᠭᠤᠷᠢᠭ ᠤᠨ ᠨᠢᠬᠡᠳᠦᠭᠡᠷ | ᠬᠤᠶᠠᠳᠤᠭᠠᠷ ᠬᠤᠭᠤᠴᠠᠭᠠᠨ ᠤ ᠠᠰᠠᠷ ᠲᠤ ᠨᠡᠶᠢᠳᠡ 909 ᠡᠷᠦᠬᠡ ᠶᠢ ᠨᠡᠬᠦᠯᠬᠡᠨ ᠲᠦᠪᠬᠢᠨᠡᠬᠦᠯᠪᠡ᠃ ᠭᠡᠷ | ᠬᠦᠷᠦᠩᠬᠡ ᠶᠢᠨ ᠦᠮᠴᠢᠯᠡᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ 1102 ᠬᠤᠪᠢ ᠦᠯᠦ ᠬᠦᠳᠡᠯᠬᠦ | ᠬᠦᠷᠦᠩᠬᠡ ᠶᠢᠨ ᠦᠨᠡᠮᠯᠡᠯ ᠢ ᠲᠠᠷᠬᠠᠭᠠᠵᠠᠢ᠃ ᠰᠢᠨ᠎ᠡ ᠲᠤᠭᠤᠷᠢᠭ ᠤᠨ ᠲᠤᠮᠤ ᠴᠢᠯᠦᠬᠡᠳᠦ ᠲᠡᠯᠬᠡᠬᠦᠷ᠂ 5 | ᠰᠠᠭᠤᠷᠢ ᠬᠠᠭᠤᠴᠢᠷᠠᠭᠰᠠᠨ ᠰᠠᠭᠤᠭᠠᠯᠢ ᠲᠤᠭᠤᠷᠢᠭ ᠤᠨ ᠦᠬᠡᠷᠡᠴᠢᠯᠡᠯᠳᠡ᠂ 82 ᠭᠠᠴᠠᠭ᠎ᠠ ᠲᠤᠰᠬᠤᠨ ᠤ ᠤᠰᠤ | ᠤᠮᠳᠠ ᠶᠢᠨ ᠢᠨᠵᠧᠨᠧᠷᠢᠩ ᠵᠡᠷᠭᠡ ᠠᠷᠠᠳ ᠤᠨ ᠲᠦᠯᠦᠭᠡᠯᠡᠭᠴᠢ ᠶᠢᠨ ᠤᠨᠤᠭ᠎ᠠ ᠦᠭᠴᠦ ᠪᠠᠳᠤᠯᠠᠭᠰᠠᠨ ᠠᠷᠠᠳ | ᠤᠨ ᠠᠮᠢᠳᠤᠷᠠᠯ ᠤᠨ ᠬᠠᠮᠢᠶᠠᠳᠠᠢ ᠠᠵᠢᠯ ᠪᠦᠷ ᠲᠤᠭᠳᠠᠭᠰᠠᠨ ᠴᠠᠭ ᠲᠠᠭᠠᠨ ᠪᠡᠶᠡᠯᠡᠭᠳᠡᠬᠦ ᠪᠤᠶᠤ ᠤᠷᠢᠳᠴᠢᠯᠠᠨ | ᠪᠡᠶᠡᠯᠡᠭᠳᠡᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ | ᠴᠡᠭᠴᠡᠯᠡᠯᠳᠡ ᠶᠢ ᠯᠠᠪᠳᠠᠭᠤᠨ ᠢᠶᠠᠷ ᠠᠬᠢᠭᠤᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠪᠠ ︽ᠭᠤᠷᠪᠠ | ᠶᠢ ᠴᠡᠪᠡᠷᠯᠡᠵᠦ ᠨᠢᠬᠡ ᠶᠢ ᠵᠠᠰᠠᠬᠤ︾ ᠠᠵᠢᠯᠯᠠᠭ᠎ᠠ ᠶᠢ ᠦᠷᠨᠢᠬᠦᠯᠦᠨ᠂ 145 ᠭᠠᠴᠠᠭ᠎ᠠ ᠲᠤᠰᠬᠤᠨ ᠳᠤ ᠬᠤᠭ | ᠤᠨ ᠰᠠᠪᠠ ᠪᠠ ᠬᠤᠭ ᠵᠦᠬᠡᠬᠡᠪᠦᠷᠢᠯᠡᠬᠦ ᠲᠡᠷᠭᠡ ᠶᠢ ᠲᠤᠬᠢᠷᠠᠭᠤᠯᠵᠠᠢ᠃ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠳᠠ ᠰᠢᠨ᠎ᠡ ᠱᠠᠳᠤᠨ ᠳᠤ ᠠᠯᠬᠤᠭᠰᠠᠨ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠠᠯᠪᠠᠨ ᠲᠢᠩᠬᠢᠮ ᠤᠨ ᠬᠦᠴᠦᠡᠳᠡᠢ ᠲᠡᠮᠵᠢᠯᠬᠡ ᠪᠠᠷ ᠲᠠᠮᠵᠢᠭᠠᠳ᠂ ᠲᠠᠢ ᠽᠢ ᠴᠧᠩ ᠠᠴᠠ | ᠰᠢᠯᠢ ᠶᠢᠨ ᠬᠤᠳᠠ ᠬᠦᠷᠬᠦ ᠲᠡᠮᠦᠷ ᠵᠠᠮ ᠨᠢ ᠲᠠᠶᠢᠹᠤᠰᠧ ᠬᠤᠰᠢᠭᠤ ᠪᠠᠷ ᠦᠩᠭᠡᠷᠡᠬᠦ ᠪᠦᠬᠡᠳ ᠲᠠᠶᠢᠹᠤᠰᠧ ᠬᠤᠰᠢᠭᠤᠨ | ᠳᠤ ᠦᠷᠳᠡᠭᠡ ᠪᠠᠶᠢᠭᠤᠯᠬᠤ ᠪᠠᠷ ᠪᠤᠯᠪᠠ᠃ ︽ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ ᠪᠠᠶᠢᠭᠤᠯᠤᠯᠳᠠ | ᠶᠢ ᠯᠠᠪᠳᠠᠭᠤᠨ ᠢᠶᠠᠷ ᠠᠬᠢᠭᠤᠯᠵᠤ᠂ 8500 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠨᠠᠷᠢᠨ ᠵᠠᠮ ᠢ | ᠦᠷᠭᠡᠳᠭᠡᠬᠦ ᠂ ᠶᠠᠳᠠᠭᠤ ᠶᠢ ᠳᠡᠳᠬᠦᠬᠦ ᠠᠵᠤ ᠦᠢᠯᠡᠰ ᠤᠨ ᠤᠷᠤᠨ ᠳᠤ ᠵᠠᠮ ᠨᠡᠪᠳᠡᠷᠡᠬᠦᠯᠬᠦ ᠵᠡᠷᠭᠡ ᠭᠤᠤᠯᠳᠠᠯᠭ᠎ᠠ | ᠲᠠᠢ ᠵᠠᠰᠠᠮᠠᠯ ᠵᠠᠮ ᠤᠨ ᠪᠠᠶᠢᠭᠤᠯᠤᠯᠳᠠ 261.3 ᠺᠢᠯᠤᠮᠧᠲᠷ ᠲᠤ ᠬᠦᠷᠴᠡᠢ᠃ ᠲᠤᠯᠤᠨ ᠨᠠᠭᠤᠷ ᠰᠢᠶᠠᠨ ᠪᠠ | ᠰᠢᠯᠤᠭᠤᠨ ᠬᠦᠬᠡ ᠬᠤᠰᠢᠭᠤ ᠲᠠᠢ ᠬᠠᠮᠵᠢᠯᠴᠠᠨ᠂ ︽ 304︾ ᠱᠤᠭᠤᠮ ᠤᠨ ᠭᠠᠵᠠᠷ ᠲᠠᠳᠠᠪᠤᠷᠢᠯᠠᠵᠤ | ᠨᠦᠬᠦᠪᠦᠷᠢ ᠤᠯᠭᠤᠬᠤ᠂ ᠬᠢᠨᠠᠨ ᠵᠦᠪᠰᠢᠶᠡᠷᠡᠬᠦᠯᠬᠦ ᠂ ᠲᠠᠭᠠᠭᠠᠴᠢᠯᠠᠯ ᠵᠠᠷᠯᠠᠬᠤ ᠵᠡᠷᠭᠡ ᠲᠦᠷᠦᠬᠦᠴᠢ ᠬᠤᠭᠤᠴᠠᠭᠠᠨ | ᠤ ᠠᠵᠢᠯ ᠢ ᠯᠠᠪᠳᠠᠭᠤᠨ ᠢᠶᠠᠷ ᠠᠬᠢᠭᠤᠯᠪᠠ ᠃ ᠬᠤ᠋ ᠯᠤ᠋ ᠢᠤᠢ ᠭᠤᠤᠯ᠂ ᠪᠤᠤᠴᠠᠩ ᠭᠤᠤᠯ᠂ ᠪᠢᠶᠠᠨ ᠴᠢᠶᠠᠩ | ᠭᠤᠤᠯ ᠤᠨ ᠦᠶᠡᠷ ᠰᠡᠷᠭᠡᠶᠢᠯᠡᠬᠦ ᠪᠠᠷᠢᠯᠭ᠎ᠠ ᠶᠢᠨ ᠦᠬᠡᠷᠡᠴᠢᠯᠡᠯᠳᠡ ᠶᠢ ᠪᠡᠶᠡᠯᠡᠬᠦᠯᠦᠨ᠂ 27.5 ᠬᠠᠪᠳᠠᠭᠠᠢ | ᠲᠦᠷᠪᠡᠯᠵᠢᠨ ᠮᠧᠲᠷ ᠪᠠᠭ᠎ᠠ ᠰᠠᠪᠠ ᠭᠠᠵᠠᠷ ᠤᠨ ᠵᠠᠰᠠᠯᠳᠠ ᠶᠢ ᠬᠢᠵᠦ᠂ 6 ᠲᠦᠮᠡᠨ ᠮᠤ᠋ ᠲᠠᠷᠢᠶᠠᠨ ᠭᠠᠵᠠᠷ ᠲᠤ | ᠤᠰᠤᠨ ᠤ ᠦᠨ᠎ᠡ ᠶᠢᠨ ᠦᠬᠡᠷᠡᠴᠢᠯᠡᠯᠳᠡ ᠬᠢᠭᠰᠡᠨ ᠪᠠᠶᠢᠨ᠎ᠠ᠃ ᠪᠤᠤᠴᠠᠩ ᠤᠨ ᠵᠡᠬᠦᠨᠳᠡᠬᠢ 110 ᠺᠢᠯᠤᠸᠤᠯᠲ | ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠢᠨᠵᠧᠨᠧᠷᠢᠩ ᠢ ᠡᠬᠢᠯᠡᠬᠦᠯᠵᠦ᠂ ᠪᠤᠤᠴᠠᠩ ᠤᠨ ᠪᠠᠷᠠᠭᠤᠨᠳᠠᠬᠢ 110 | ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠢᠨᠵᠧᠨᠧᠷᠢᠩ ᠢ ᠲᠦᠯᠦᠪᠯᠡᠭᠡ ᠳᠤ ᠤᠷᠤᠭᠤᠯᠤᠭᠰᠠᠨ | ᠪᠦᠬᠡᠳ 10 ᠺᠢᠯᠤᠸᠤᠯᠲ ᠪᠠ ᠲᠡᠬᠦᠨ ᠠᠴᠠ ᠲᠤᠷᠤᠭᠰᠢ ᠬᠦᠴᠦᠳᠡᠯᠳᠦ ᠴᠠᠬᠢᠯᠭᠠᠨ ᠱᠤᠭᠤᠮ ᠤᠨ | ᠦᠬᠡᠷᠡᠴᠢᠯᠡᠯᠳᠡ ᠶᠢ 175.4 ᠺᠢᠯᠤᠮᠧᠲᠷ ᠬᠢᠪᠡ᠃ ᠮᠠᠨ ᠤ ᠬᠤᠰᠢᠭᠤ ᠨᠢ ᠪᠠᠰᠠ ᠪᠦᠬᠦ ᠠᠶᠢᠮᠠᠭ ᠤᠨ | ᠬᠤᠰᠢᠭᠤ ᠰᠢᠶᠠᠨ ᠤ ᠲᠤᠳᠤᠷ᠎ᠠ ᠪᠠᠨ 5G ᠦᠷᠳᠡᠭᠡ ᠶᠢ ᠬᠠᠮᠤᠭ ᠤᠷᠢᠳᠠᠪᠠᠷ ᠪᠠᠶᠢᠭᠤᠯᠵᠤ ᠠᠰᠢᠭᠯᠠᠭᠰᠠᠨ ᠪᠠᠶᠢᠨ᠎ᠠ᠃ | | ︵ᠲᠦᠷᠪᠡ︶ ᠠᠷᠠᠳ ᠲᠦᠮᠡᠨ ᠤ ᠠᠵᠠ ᠵᠢᠷᠭᠠᠯ ᠡᠳᠦᠷ ᠢᠷᠡᠬᠦᠶ᠎ᠡ ᠨᠡᠮᠡᠭᠳᠡᠪᠡ᠃ ᠠᠷᠠᠳ ᠤᠨ ᠠᠮᠢᠳᠤᠷᠠᠯ | ᠤᠨ ᠪᠠᠳᠤᠯᠠᠭ᠎ᠠ ᠲᠠᠰᠤᠷᠠᠯᠳᠠ ᠦᠬᠡᠢ ᠴᠢᠩᠭᠠᠷᠠᠭᠰᠠᠨ᠃ ᠪᠦᠬᠦ ᠵᠢᠯ ᠳᠤ ᠠᠷᠠᠳ ᠤᠨ ᠠᠮᠢᠳᠤᠷᠠᠯ ᠲᠡᠭᠡᠷ᠎ᠡ | ᠤᠷᠤᠭᠤᠯᠤᠭᠰᠠᠨ ᠵᠠᠷᠤᠯᠭ᠎ᠠ 21.2 ᠳ᠋ᠦᠩᠰᠢᠭᠤᠷ ᠲᠦᠬᠦᠷᠢᠭ ᠲᠤ ᠬᠦᠷᠴᠦ᠂ ᠨᠡᠶᠢᠳᠡ ᠶᠢᠨ ᠡᠳ᠋ ᠤᠨ ᠵᠠᠰᠠᠭ | ᠤᠨ ᠲᠦᠰᠦᠪ ᠤᠨ ᠵᠠᠷᠤᠯᠭ᠎ᠠ ᠶᠢᠨ 86% ᠶᠢ ᠡᠵᠡᠯᠡᠵᠡᠢ᠃ ᠬᠤᠳᠠ ᠪᠠᠯᠭᠠᠰᠤᠨ ᠤ ᠠᠵᠢᠯ ᠤᠯᠤᠭᠰᠠᠨ ᠬᠦᠮᠦᠨ | 1012 ᠨᠡᠮᠡᠭᠳᠡᠵᠦ᠂ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ 3.11% ᠠᠴᠠ ᠲᠤᠤᠷ᠎ᠠ ᠪᠠᠶᠢᠵᠤ᠂ | ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ 560 ᠲᠦᠮᠡᠨ ᠲᠦᠬᠦᠷᠢᠭ ᠲᠠᠷᠬᠠᠭᠠᠪᠠ᠃ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠪᠠᠷᠢᠮᠵᠢᠶ᠎ᠠ ᠦᠷᠬᠦᠯᠵᠢᠯᠡᠨ ᠲᠡᠭᠡᠭᠰᠢᠯᠡᠵᠦ᠂ ᠨᠠᠭᠠᠳᠤ ᠵᠠᠬ᠎ᠠ | ᠶᠢᠨ ᠠᠮᠢᠳᠤᠷᠠᠯ ᠤᠨ ᠪᠠᠳᠤᠯᠠᠭᠠᠨ ᠤ ᠮᠦᠩᠬᠦ 5825.8 ᠲᠦᠮᠡᠨ ᠲᠦᠬᠦᠷᠢᠭ ᠲᠠᠷᠬᠠᠭᠠᠪᠠ᠃ 77 ᠪᠦᠬᠦᠯᠢ | ᠨᠠᠰᠤᠨ ᠠᠴᠠ ᠲᠡᠭᠡᠭᠰᠢᠬᠢ 6645 ᠬᠦᠮᠦᠨ ᠳᠤ ᠦᠨᠳᠦᠷ ᠨᠠᠰᠤᠨ ᠤ ᠨᠦᠬᠦᠪᠦᠷᠢ ᠨᠡᠶᠢᠳᠡ 871.8 ᠲᠦᠮᠡᠨ | ᠲᠦᠬᠦᠷᠢᠭ ᠲᠠᠷᠬᠠᠭᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ | ᠶᠢᠨ ᠲᠠᠭᠠᠳᠬᠠᠯ ᠤᠨ ᠤᠯᠭᠤᠮᠵᠢ ᠶᠢᠨ ︽ᠠᠷᠪᠠᠨ ᠲᠠᠪᠤᠨ ᠵᠢᠯ ᠵᠠᠯᠭᠠᠪᠠᠷ ᠦᠰᠬᠦ︾ ᠶᠢ ᠪᠡᠶᠡᠯᠡᠬᠦᠯᠪᠡ᠃ ᠴᠡᠷᠢᠭ | ᠤᠨ ᠠᠯᠪᠠ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠦᠩᠬᠦ᠂ ᠤᠷᠤᠨ ᠨᠤᠳᠤᠭ ᠤᠨ ᠠᠵᠤ ᠠᠬᠤᠢ ᠶᠢᠨ | ᠨᠦᠬᠦᠪᠦᠷᠢ ᠮᠦᠩᠬᠦ ᠵᠢᠴᠢ ᠬᠠᠷᠠᠭᠠᠯᠵᠠᠯ ᠬᠦᠷᠳᠡᠬᠦ ᠨᠢᠭᠤᠷᠯᠠᠯ ᠤᠨ ᠠᠮᠢᠳᠤᠷᠠᠯ ᠤᠨ ᠨᠦᠬᠦᠪᠦᠷᠢ ᠨᠡᠶᠢᠳᠡ 974.5 | ᠲᠦᠮᠡᠨ ᠲᠦᠬᠦᠷᠢᠭ ᠲᠠᠷᠬᠠᠭᠠᠵᠠᠢ᠃ ᠤᠷᠤᠨ ᠪᠦᠰᠡ ᠶᠢᠨ ᠴᠢᠨᠠᠷᠳᠠᠢ ᠲᠦᠪᠯᠡᠷᠡᠬᠦᠯᠦᠨ ᠠᠰᠠᠷᠠᠬᠤ ᠬᠦᠷᠢᠶᠡᠯᠡᠩ | ᠠᠰᠢᠭᠯᠠᠯᠳᠠ ᠳᠤ ᠤᠷᠤᠭᠠᠳ᠂ ᠤᠳᠤ ᠨᠢᠬᠡᠨᠳᠡ 150 ᠨᠡᠷ᠎ᠡ ᠲᠠᠪᠤᠨ ᠪᠠᠳᠤᠯᠠᠭᠠᠳᠤ ᠨᠠᠰᠤᠳᠠᠨ ᠠᠰᠠᠷᠠᠮᠵᠢ | ᠬᠦᠷᠳᠡᠨ ᠰᠠᠭᠤᠵᠤ᠂ ᠠᠰᠠᠷᠠᠮᠵᠢ ᠶᠢᠨ ᠨᠦᠬᠦᠴᠡᠯ ᠮᠡᠳᠡᠭᠳᠡᠮ᠎ᠡ ᠰᠠᠶᠢᠵᠢᠷᠠᠨ᠂ ᠪᠦᠬᠦ ᠠᠶᠢᠮᠠᠭ ᠲᠠᠭᠠᠨ ᠲᠡᠷᠢᠬᠦᠨ | ᠵᠡᠷᠭᠡ ᠶᠢᠨ ᠬᠢᠷᠢ ᠲᠦᠪᠰᠢᠨ ᠳᠤ ᠬᠦᠷᠦᠭᠰᠡᠨ ᠪᠠᠶᠢᠨ᠎ᠠ᠃ ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ | ᠢᠯᠡᠳᠳᠡ ᠰᠠᠶᠢᠵᠢᠷᠠᠭᠰᠠᠨ᠃ ᠶᠡᠭᠡ ᠰᠤᠷᠭᠠᠭᠤᠯᠢ ᠶᠢᠨ ᠦᠨᠳᠦᠰᠦᠨ ᠠᠩᠬᠢ ᠳᠤ ᠤᠷᠤᠭᠰᠠᠨ ᠨᠤᠷᠮ᠎ᠠ 53.5 | % ᠳᠤ ᠬᠦᠷᠴᠦ᠂ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠦᠨᠳᠦᠷ ᠲᠤᠮᠳᠠᠳᠤ ᠳᠤ ᠲᠡᠪᠰᠢᠬᠦ | ᠰᠢᠯᠭᠠᠯᠳᠠ ᠶᠢᠨ ᠪᠦᠳᠦᠮᠵᠢ ᠪᠦᠬᠦ ᠠᠶᠢᠮᠠᠭ ᠲᠤ ᠲᠡᠷᠢᠬᠦᠯᠡᠪᠡ᠃ ᠲᠠᠪᠤᠳᠤᠭᠠᠷ ᠪᠠᠭ᠎ᠠ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠠᠰᠢᠭᠯᠠᠯᠳᠠ ᠳᠤ ᠤᠷᠤᠵᠤ᠂ ᠬᠤᠶᠠᠳᠤᠭᠠᠷ ᠬᠡᠦᠭᠡᠳ ᠤᠨ ᠴᠡᠴᠡᠷᠯᠢᠭ ᠪᠠ ᠬᠦᠳᠡᠭᠡ | ᠲᠤᠰᠬᠤᠨ ᠤ 2 ᠪᠠᠭ᠎ᠠ ᠰᠤᠷᠭᠠᠭᠤᠯᠢ ᠶᠢᠨ ᠬᠤᠪᠠᠨᠴᠠᠷ ᠲᠠᠮᠢᠷ ᠤᠨ ᠲᠠᠯᠠᠪᠠᠢ ᠶᠢᠨ ᠪᠠᠷᠢᠯᠭ᠎ᠠ ᠡᠬᠢᠯᠡᠵᠦ᠂ ᠮᠤᠩᠭᠤᠯ | ᠦᠨᠳᠦᠰᠦᠳᠡᠨ ᠤ ᠬᠡᠦᠭᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠪᠠ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠲᠦᠪ ᠤᠨ ᠶᠡᠷᠦᠩᠬᠡᠶᠢᠯᠡᠭᠰᠡᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠲᠡᠬᠦᠰᠦᠭᠰᠡᠨ ᠪᠦᠬᠡᠳ | 11 ᠲᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠤᠨ ᠰᠠᠭᠤᠷᠢ ᠲᠦᠬᠦᠭᠡᠷᠦᠮᠵᠢ ᠳᠤ ᠵᠠᠰᠠᠯᠳᠠ ᠬᠢᠭᠰᠡᠨ ᠪᠠᠶᠢᠨ᠎ᠠ | ᠃ 1038 ᠬᠦᠮᠦᠨ ︵ᠤᠳᠠᠭ᠎ᠠ︶ ᠢ ᠰᠤᠷᠭᠠᠨ ᠬᠦᠮᠦᠵᠢᠯ ᠤᠨ ᠡᠯ᠎ᠡ ᠲᠦᠷᠦᠯ ᠤᠨ ᠪᠤᠯᠪᠠᠰᠤᠷᠠᠯ ᠳᠤ | ᠤᠷᠤᠯᠴᠠᠭᠤᠯᠤᠨ᠂ ᠰᠢᠯᠢᠳᠡᠭ ᠪᠠᠭᠰᠢ ᠨᠠᠷ ᠤᠨ ᠱᠠᠩᠨᠠᠯ ᠤᠨ ᠮᠦᠩᠬᠦ 100 ᠲᠦᠮᠡᠨ ᠲᠦᠬᠦᠷᠢᠭ ᠢ ᠲᠠᠷᠬᠠᠭᠠᠵᠤ᠂ | ᠠᠩᠬᠢ ᠶᠢᠨ ᠡᠷᠬᠢᠯᠡᠭᠴᠢ ᠶᠢᠨ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠂ ᠴᠡᠴᠡᠷᠯᠢᠭ ᠤᠨ ᠪᠠᠭᠰᠢ | 105 ᠶᠢ ᠡᠯᠰᠡᠵᠦ ᠭᠡᠷᠡᠭᠯᠡᠪᠡ᠃ ᠡᠷᠡᠬᠦᠯ ᠬᠠᠮᠠᠭᠠᠯᠠᠯ ᠤᠨ ᠦᠢᠯᠡᠰ ᠯᠠᠪᠳᠠᠭᠤᠨ ᠢᠶᠠᠷ ᠠᠬᠢᠭᠰᠠᠨ᠃ ︽ᠭᠤᠷᠪᠠᠨ | ᠬᠤᠳᠠ︾ ᠶᠢ ᠵᠡᠷᠭᠡᠪᠡᠷ ᠪᠠᠶᠢᠭᠤᠯᠬᠤ ᠠᠵᠢᠯ ᠡᠷᠴᠢᠮᠳᠡᠢ ᠶᠠᠪᠤᠭᠳᠠᠵᠤ᠂ ᠭᠠᠴᠠᠭ᠎ᠠ ᠲᠤᠰᠬᠤᠨ ᠤ ᠪᠠᠷᠢᠮᠵᠢᠶᠠᠳᠤ | ᠡᠷᠡᠬᠦᠯ ᠬᠠᠮᠠᠭᠠᠯᠠᠯ ᠤᠨ ᠦᠷᠦᠭᠡ 10 ᠶᠢ ᠰᠢᠨ᠎ᠡ ᠪᠠᠷ ᠪᠠᠶᠢᠭᠤᠯᠤᠨ ᠂ 99 ᠶᠢ ᠰᠡᠯᠪᠢᠨ ᠵᠠᠰᠠᠵᠤ᠂ 5 | ᠰᠠᠭᠤᠷᠢ ᠬᠢᠳᠠᠳ ᠮᠤᠩᠭᠤᠯ ᠡᠮᠨᠡᠯᠭᠡ ᠶᠢᠨ ᠲᠠᠰᠤᠭ ᠤᠨ ᠰᠢᠯᠭᠠᠨ ᠪᠠᠶᠢᠴᠠᠭᠠᠯᠳᠠ ᠶᠢ ᠲᠠᠭᠤᠰᠬᠠᠨ᠂ ᠬᠤᠰᠢᠭᠤᠨ ᠤ | ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠲᠦᠪ ᠂ ᠶᠦᠩ ᠹᠧᠩ | ᠡᠷᠡᠬᠦᠯ ᠬᠠᠮᠠᠭᠠᠯᠠᠯ ᠤᠨ ᠬᠤᠷᠢᠶ᠎ᠠ᠂ ᠵᠦᠩ ᠾᠧ ᠡᠷᠡᠬᠦᠯ ᠬᠠᠮᠠᠭᠠᠯᠠᠯ ᠤᠨ ᠬᠤᠷᠢᠶ᠎ᠠ ᠠᠰᠢᠭᠯᠠᠯᠳᠠ ᠳᠤ ᠤᠷᠤᠵᠤ᠂ | ᠵᠡᠮᠳᠡᠭᠴᠤᠳ ᠤᠨ ᠨᠠᠶᠢᠳᠠᠨ ᠠᠰᠠᠷᠠᠬᠤ ᠲᠦᠪ ᠤᠨ ᠭᠤᠤᠯ ᠴᠤᠭᠴᠠ ᠶᠢᠨ ᠪᠠᠷᠢᠯᠭ᠎ᠠ ᠲᠡᠬᠦᠰᠪᠡ᠃ 77 ᠨᠡᠷ᠎ᠡ | ᠡᠮᠴᠢ ᠰᠤᠪᠢᠯᠠᠭᠴᠢ ᠶᠢ ᠪᠡᠭᠡᠵᠢᠩ ᠳᠤ ᠬᠦᠷᠭᠡᠵᠦ ᠠᠵᠢᠯ ᠤᠨ ᠪᠠᠶᠢᠷᠢ ᠶᠢᠨ ᠪᠤᠯᠪᠠᠰᠤᠷᠠᠯ ᠳᠤ ᠤᠷᠤᠯᠴᠠᠭᠤᠯᠵᠠᠢ᠃ | ᠬᠤᠯᠤᠭᠠᠨ᠎ᠠ ᠶᠢᠨ ᠬᠢᠵᠢᠭ ᠰᠡᠷᠭᠡᠶᠢᠯᠡᠬᠦ ᠠᠵᠢᠯ ᠢ ᠬᠦᠨᠵᠡᠭᠡᠢ ᠦᠷᠨᠢᠬᠦᠯᠦᠨ᠂ ᠬᠢᠵᠢᠭ ᠤᠨ ᠪᠠᠶᠢᠳᠠᠯ ᠢ | ᠡᠵᠡᠮᠳᠡᠨ ᠲᠤᠭᠳᠠᠪᠤᠷᠢᠵᠢᠭᠤᠯᠤᠭᠰᠠᠨ ᠪᠠᠶᠢᠨ᠎ᠠ᠃ ᠰᠤᠶᠤᠯ ᠤᠨ ᠦᠢᠯᠡᠰ ᠲᠦᠷᠭᠡᠨ ᠬᠦᠭᠵᠢᠭᠰᠡᠨ᠃ ᠬᠤᠰᠢᠭᠤᠨ ᠤ | ᠨᠤᠮ ᠤᠨ ᠰᠠᠩ ᠨᠢ ᠪᠦᠬᠦ ᠠᠶᠢᠮᠠᠭ ᠤᠨ ᠠᠩᠬᠠᠳᠤᠭᠴᠢ ︽ᠤᠯᠤᠰ ᠤᠨ ᠬᠤᠶᠠᠳᠤᠭᠠᠷ ᠲᠡᠰ ᠤᠨ ᠨᠤᠮ ᠤᠨ ᠰᠠᠩ | ︾ ᠪᠤᠯᠵᠤ᠂ ︽ᠰᠢᠯᠢ ᠶᠢᠨ ᠭᠤᠤᠯ ᠠᠶᠢᠮᠠᠭ ᠤᠨ ᠨᠡᠶᠢᠬᠡᠮ ᠤᠨ ᠰᠢᠨᠵᠢᠯᠡᠬᠦ ᠤᠠᠬᠠᠭᠠᠨ ᠢ ᠲᠦᠬᠡᠮᠡᠯᠵᠢᠬᠦᠯᠬᠦ | ᠰᠠᠭᠤᠷᠢᠨ ᠭᠠᠵᠠᠷ︾ ᠢᠶᠠᠷ ᠵᠦᠪᠰᠢᠶᠡᠷᠡᠭᠳᠡᠪᠡ᠃ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ 31 | ᠶᠢ ᠲᠡᠬᠦᠯᠳᠡᠷᠵᠢᠬᠦᠯᠵᠦ᠂ ᠴᠢᠶᠠᠨ ᠶᠢᠨ ᠭᠸᠦ ᠪᠠᠯᠭᠠᠰᠤᠨ ᠤ ᠶᠡᠷᠦᠩᠬᠡᠶᠢᠯᠡᠭᠰᠡᠨ ᠪᠡᠶ᠎ᠡ ᠴᠢᠬᠢᠷᠠᠭᠵᠢᠭᠤᠯᠬᠤ ᠤᠷᠳᠤᠨ ᠢ | ᠪᠠᠶᠢᠭᠤᠯᠬᠤ᠂ ᠵᠡᠬᠦᠨ ᠭᠠᠷ ᠤᠨ ᠶᠠᠮᠤᠨ ᠢ ᠰᠡᠯᠪᠢᠨ ᠵᠠᠰᠠᠬᠤ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ | ᠭᠡᠷᠡᠭᠵᠢᠬᠦᠯᠵᠦ᠂ ᠤᠯᠠᠭᠠᠨᠮᠦ᠋ᠴᠢᠷ᠂ ᠱᠠᠨ ᠰᠢ ᠵᠦᠴᠦᠭᠡ ᠶᠢᠨ ᠪᠠᠭ ᠵᠡᠷᠭᠡ ᠰᠤᠶᠤᠯ ᠤᠷᠠᠯᠢᠭ ᠤᠨ ᠪᠦᠯᠬᠦᠮ ᠨᠢ | 122 ᠲᠠᠯᠠᠪᠠᠢ ᠲᠤᠭᠯᠠᠯᠳᠠ ᠭᠠᠷᠭᠠᠵᠤ ᠠᠷᠠᠳ ᠲᠦᠮᠡᠨ ᠳᠤ ᠦᠢᠯᠡᠴᠢᠯᠡᠭᠰᠡᠨ ᠪᠠᠶᠢᠨ᠎ᠠ᠃ | ︵ᠲᠠᠪᠤ︶ ᠨᠡᠶᠢᠬᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠠᠮᠤᠷ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃ | ︽ ᠠᠮᠤᠷ ᠠᠮᠤᠭᠤᠯᠠᠩ ᠲᠠᠶᠢᠹᠤᠰᠧ ᠬᠤᠰᠢᠭᠤᠨ︾ ᠤ ᠪᠠᠶᠢᠭᠤᠯᠤᠯᠳᠠ ᠯᠠᠪᠳᠠᠭᠤᠨ ᠵᠨᠷ ᠠᠬᠢᠵᠤ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠬᠦᠨᠵᠡᠭᠡᠢ ᠦᠷᠨᠢᠨ᠂ ᠬᠠᠷ᠎ᠠ ᠪᠦᠯᠦᠭᠳᠡᠨ | ᠬᠠᠷᠬᠢᠰ ᠬᠦᠴᠦᠨ ᠳᠤ ᠬᠤᠯᠪᠤᠭᠳᠠᠭᠰᠠᠨ 10 ᠭᠡᠷᠡᠭ ᠢ ᠪᠠᠶᠢᠴᠠᠭᠠᠨ ᠢᠯᠡᠷᠡᠬᠦᠯᠵᠦ᠂ 46 ᠭᠡᠷᠡᠭᠳᠡᠨ ᠢ | ᠪᠠᠷᠢᠪᠴᠢᠯᠠᠭᠰᠠᠨ ᠪᠠᠶᠢᠨ᠎ᠠ᠃ ᠡᠯ᠎ᠡ ᠲᠦᠷᠦᠯ ᠤᠨ ᠬᠠᠤᠯᠢ ᠪᠤᠰᠤ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠦ᠂ ︽ᠤᠶᠤᠨᠴᠢ ᠲᠤᠳᠤᠭᠠᠳᠤ ᠶᠢ ᠬᠠᠮᠠᠭᠠᠯᠠᠬᠤ︾ ᠠᠵᠢᠯ ᠢ ᠪᠦᠬᠦ ᠲᠠᠯᠠᠪᠠᠷ ᠡᠬᠢᠯᠡᠬᠦᠯᠦᠨ᠂ 213 | ᠤᠳᠠᠭᠠᠨ ᠤ ᠡᠷᠡᠬᠦᠦ ᠶᠢᠨ ᠭᠡᠷᠡᠭ ᠢ ᠢᠯᠡᠷᠡᠬᠦᠯᠵᠦ᠂ 198 ᠤᠳᠠᠭᠠᠨ ᠤ ᠠᠮᠤᠷ ᠲᠦᠪᠰᠢᠨ ᠤ ᠭᠡᠷᠡᠭ ᠢ | ᠰᠢᠢᠳᠪᠦᠷᠢᠯᠡᠨ᠂ ᠰᠢᠬᠦᠬᠦ ᠬᠤᠷᠢᠶᠠᠨ ᠤ ᠰᠢᠬᠦᠨ ᠲᠠᠰᠤᠯᠬᠤ ᠲᠢᠩᠬᠢᠮ ᠪᠤᠯᠤᠨ ᠬᠤᠰᠢᠭᠤᠨ ᠤ ᠬᠤᠷᠢᠭᠤᠯ ᠤᠨ | ᠭᠠᠵᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠡᠬᠦᠰᠭᠡᠵᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠲᠤᠭᠳᠠᠴᠠ ᠶᠢ ᠲᠠᠰᠤᠷᠠᠯᠳᠠ ᠦᠬᠡᠢ ᠰᠢᠨᠡᠴᠢᠯᠡᠨ᠂ ᠪᠦᠬᠦ ᠵᠢᠯ ᠳᠤ 99 ᠪᠦᠯᠦᠭ 634 ᠬᠦᠮᠦᠨ ᠤ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠴᠤ᠂ 87 ᠪᠦᠯᠦᠭ 527 ᠬᠦᠮᠦᠨ ᠤ ᠵᠠᠬᠢᠳᠠᠯ ᠰᠤᠷᠪᠤᠯᠵᠢᠯᠠᠭ᠎ᠠ ᠶᠢ | ᠰᠢᠢᠳᠪᠦᠷᠢᠯᠡᠭᠰᠡᠨ ᠤ ᠬᠠᠮᠳᠤ᠂ 142 ᠤᠳᠠᠭᠠᠨ ᠤ ᠵᠦᠷᠢᠴᠡᠯ ᠵᠢᠭᠤᠷᠠᠭᠠᠨ ᠢ ᠤᠶᠢᠯᠠᠭᠠᠨ ᠪᠠᠶᠢᠴᠠᠭᠠᠵᠤ᠂ 131 | ᠶᠢ ᠨᠢ ᠰᠢᠢᠳᠪᠦᠷᠢᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠡᠷᠡᠭ 258 ᠶᠢ ᠬᠦᠢᠴᠡᠳᠭᠡᠵᠦ᠂ ᠮᠠᠨ ᠤ | ᠬᠤᠰᠢᠭᠤᠨ ᠤ ᠵᠦᠷᠢᠴᠡᠯ ᠵᠢᠭᠤᠷᠠᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠲᠤᠭᠳᠠᠴᠠ ᠨᠢ ᠪᠦᠬᠦ ᠠᠶᠢᠮᠠᠭ ᠤᠨ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠵᠢᠴᠢ ᠦᠨᠳᠦᠰᠦᠨ | ᠱᠠᠳᠤᠨ ᠤ ᠨᠡᠶᠢᠬᠡᠮ ᠤᠨ ᠵᠠᠰᠠᠯᠳᠠ ᠶᠢ ᠰᠢᠨᠡᠴᠢᠯᠡᠬᠦ ᠠᠬᠤᠢ ᠲᠠᠯᠠᠪᠠᠢ ᠶᠢᠨ ᠬᠤᠷᠠᠯ ᠲᠡᠭᠡᠷ᠎ᠡ ᠦᠨᠳᠦᠷ ᠦᠨᠡᠯᠡᠯᠳᠡ | ᠤᠯᠵᠤ᠂ ᠠᠷᠭ᠎ᠠ ᠲᠤᠷᠰᠢᠯᠭ᠎ᠠ ᠶᠢ ᠲᠡᠯᠬᠡᠷᠡᠬᠦᠯᠦᠨ ᠭᠡᠷᠡᠭᠵᠢᠬᠦᠯᠬᠦ ᠪᠠᠷ ᠪᠤᠯᠤᠭᠰᠠᠨ ᠪᠠᠶᠢᠨ᠎ᠠ᠃ ᠠᠶᠤᠯᠬᠦᠢ | ᠦᠢᠯᠡᠳᠪᠦᠷᠢᠯᠡᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠬᠦᠨᠳᠦ | ᠶᠡᠭᠡ ᠠᠶᠤᠯᠬᠦᠢ ᠦᠢᠯᠡᠳᠪᠦᠷᠢᠯᠡᠯ ᠤᠨ ᠤᠰᠤᠯ ᠠᠳᠡᠯ ᠠᠴᠠ ᠰᠡᠷᠭᠡᠶᠢᠯᠡᠵᠦ ᠲᠡᠶᠢᠯᠵᠡᠢ᠃ ᠪᠡᠭᠡᠵᠢᠩ ᠤᠨ ᠲᠤᠭᠤᠷᠢᠨ | ᠳᠠᠬᠢ ︽ᠬᠠᠮᠠᠭᠠᠯᠠᠯᠳᠠ ᠶᠢᠨ ᠭᠤᠤᠯ︾ ᠤᠨ ᠢᠨᠵᠧᠨᠧᠷᠢᠩ ᠢ ᠨᠠᠷᠢᠨ ᠨᠢᠮᠪᠠᠢ ᠭᠡᠷᠡᠭᠵᠢᠬᠦᠯᠵᠦ᠂ 3 ᠰᠠᠭᠤᠷᠢ | ᠠᠮᠤᠷ ᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ | ᠢᠷᠡᠵᠦ ᠶᠠᠪᠤᠬᠤ ᠰᠡᠷᠭᠡᠶᠢᠯᠡᠯᠳᠡ ᠶᠢᠨ ᠠᠵᠢᠯ ᠢ ᠰᠠᠶᠢᠨ ᠬᠢᠵᠦ᠂ ᠠᠮᠤᠷ ᠢ ᠬᠠᠮᠠᠭᠠᠯᠠᠬᠤ ᠡᠬᠦᠷᠭᠡ ᠶᠢ ᠠᠮᠵᠢᠯᠳᠠ | ᠲᠠᠢ ᠪᠡᠶᠡᠯᠡᠬᠦᠯᠦᠭᠰᠡᠨ ᠪᠠᠶᠢᠨ᠎ᠠ᠃ | ︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠦᠬᠦ ᠲᠠᠯ᠎ᠠ ᠪᠠᠷ ᠴᠢᠩᠭᠠᠷᠠᠪᠠ᠃ | ︽ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ | ᠬᠦᠮᠦᠵᠢᠯ ᠢ ᠬᠦᠨᠵᠡᠬᠡᠢ ᠦᠷᠨᠢᠬᠦᠯᠵᠦ᠂ ᠵᠠᠰᠠᠭ ᠤᠨ ᠤᠷᠳᠤᠨ ᠤᠨ ᠰᠢᠰᠲ᠋ᠧᠮ ᠤᠨ ᠨᠠᠮ ᠤᠨ ᠭᠡᠰᠢᠬᠦᠨ | ᠺᠠᠳᠠᠷᠴᠤᠳ ᠤᠨ ᠢᠳᠡᠭᠡᠯ ᠪᠢᠰᠢᠷᠡᠯ ᠪᠠ ᠵᠤᠷᠢᠯᠳᠠ ᠶᠢᠨ ᠤᠬᠠᠮᠰᠠᠷ ᠤᠯᠠᠮ ᠨᠢᠬᠡ ᠠᠯᠬᠤᠮ ᠲᠡᠭᠡᠭᠰᠢᠯᠡᠭᠰᠡᠨ | ᠪᠠᠶᠢᠨ᠎ᠠ᠃ ᠲᠦᠪ ᠬᠤᠷᠢᠶᠠᠨ ᠤ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ︽ᠲᠦᠷᠪᠡᠨ ᠰᠤᠷᠳᠠᠯ︾ ᠢ ᠴᠡᠭᠴᠡᠯᠡᠨ ᠵᠠᠯᠠᠷᠠᠭᠤᠯᠵᠤ᠂ ︽ ᠭᠤᠷᠪᠠᠨ ᠴᠢᠬᠤᠯᠠ ᠨᠢᠬᠡ ᠲᠤᠮᠤ ᠶᠠᠪᠤᠳᠠᠯ︾ ᠢ | ᠬᠠᠮᠳᠤ ᠪᠠᠷ ᠰᠢᠢᠳᠦᠨ ᠲᠤᠭᠳᠠᠭᠠᠬᠤ ᠲᠦᠷᠢᠮ ᠢ ᠨᠢᠮᠪᠠᠢ ᠭᠡᠷᠡᠭᠵᠢᠬᠦᠯᠦᠨ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ 162 | ᠬᠤᠪᠢ ᠰᠠᠨᠠᠭᠤᠯᠭ᠎ᠠ᠂ 111 ᠬᠤᠪᠢ ᠰᠠᠨᠠᠯ ᠲᠤᠷᠠᠳᠤᠯᠭ᠎ᠠ ᠶᠢ ᠰᠢᠢᠳᠪᠦᠷᠢᠯᠡᠭᠡᠳ ᠂ ᠰᠢᠢᠳᠪᠦᠷᠢᠯᠡᠭᠰᠡᠨ ᠨᠤᠷᠮ᠎ᠠ | 100% ᠳᠤ ᠬᠦᠷᠴᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠰᠠᠭᠤᠭ᠎ᠠ ᠨᠢᠬᠡᠴᠡ 30 ᠪᠤᠯᠵᠤ | ᠨᠡᠮᠡᠭᠳᠡᠨ᠂ ᠦᠢᠯᠡᠴᠢᠯᠡᠬᠡᠨ ᠤ ᠲᠠᠪᠴᠠᠩ 114 ᠪᠤᠯᠵᠤ ᠨᠡᠮᠡᠭᠳᠡᠭᠡᠳ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ | ᠪᠠ ᠬᠦᠢᠴᠡᠳᠭᠡᠨ ᠰᠢᠢᠳᠪᠦᠷᠢᠯᠡᠬᠦ ᠠᠯᠬᠤᠮ ᠶᠠᠪᠤᠴᠠ ᠨᠢ ᠠᠳᠠᠯᠢ ᠬᠤᠭᠤᠴᠠᠭᠠᠨ ᠤ ᠬᠢ ᠠᠴᠠ 35% ᠪᠠ 20% | ᠪᠠᠷ ᠪᠤᠭᠤᠨᠢᠰᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠢᠵᠦ᠂ ᠰᠤᠮᠤ ᠰᠢᠶᠠᠩ | ᠪᠠᠯᠭᠠᠰᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ᠂ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ᠂ ᠶᠡᠷᠦᠩᠬᠡᠶᠢᠯᠡᠭᠰᠡᠨ ᠪᠠᠳᠤᠯᠠᠭ᠎ᠠ ᠪᠠ ᠮᠡᠷᠭᠡᠵᠢᠯ ᠲᠡᠯᠬᠡᠷᠡᠬᠦᠯᠬᠦ | ᠲᠦᠪ ᠨᠢ ᠵᠢᠩᠬᠢᠨᠢ ᠪᠠᠷ ᠡᠷᠦᠬᠡ ᠰᠡᠬᠦᠵᠦ ᠠᠵᠢᠯ ᠢᠶᠠᠨ ᠡᠬᠢᠯᠡᠬᠦᠯᠪᠡ ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠭᠡᠷᠡᠭᠵᠢᠬᠦᠯᠬᠦ ᠦᠬᠡᠷᠡᠴᠢᠯᠡᠯᠳᠡ ᠬᠦᠨᠵᠡᠬᠡᠢ ᠠᠬᠢᠵᠤ᠂ ᠤᠯᠠᠨ ᠲᠠᠯᠠᠪᠠᠷ ᠬᠠᠤᠯᠢ ᠭᠡᠷᠡᠭᠵᠢᠬᠦᠯᠬᠦ᠂ ᠲᠠᠬᠢᠨ | ᠲᠠᠪᠳᠠᠨ ᠬᠠᠤᠯᠢ ᠭᠡᠷᠡᠭᠵᠢᠬᠦᠯᠬᠦ ᠠᠰᠠᠭᠤᠳᠠᠯ ᠪᠦᠳᠦᠮᠵᠢᠳᠡᠢ ᠰᠢᠢᠳᠪᠦᠷᠢᠯᠡᠭᠳᠡᠭᠰᠡᠨ ᠪᠠᠶᠢᠨ᠎ᠠ᠃ ᠬᠤᠳᠠᠯᠳᠤᠭᠠᠨ ᠤ | ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠲᠠᠰᠤᠷᠠᠯᠳᠠ ᠦᠬᠡᠢ ᠬᠦᠨᠵᠡᠭᠡᠶᠢᠷᠡᠨ᠂ ᠡᠯ᠎ᠡ ᠲᠦᠷᠦᠯ ᠤᠨ ᠵᠠᠬ᠎ᠠ | ᠲᠡᠯᠬᠡᠬᠦᠷ ᠤᠨ ᠭᠤᠤᠯ ᠴᠤᠭᠴᠠ 10458 ᠡᠷᠦᠬᠡ ᠳᠤ ᠬᠦᠷᠴᠦ᠂ ᠲᠠᠩᠰᠠᠯᠠᠭᠤᠯᠤᠭᠰᠠᠨ ᠬᠦᠷᠦᠩᠬᠡ ᠮᠦᠩᠬᠦ | 106 ᠳ᠋ᠦᠩᠰᠢᠭᠤᠷ ᠲᠦᠬᠦᠷᠢᠭ ᠲᠤ ᠬᠦᠷᠴᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠡᠳᠬᠦᠨ | ᠬᠦᠭᠵᠢᠬᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠵᠢᠯ | ᠳᠤ 2616 ᠲᠦᠮᠡᠨ ᠲᠦᠬᠦᠷᠢᠭ ᠤᠨ ᠭᠠᠶᠢᠯᠢ ᠰᠦᠢᠳᠭᠡᠯ ᠢ ᠬᠠᠰᠤᠨ ᠬᠡᠯᠳᠦᠷᠢᠬᠦᠯᠵᠦ᠂ ᠰᠢᠨᠵᠢᠯᠡᠭᠡ ᠮᠡᠷᠭᠡᠵᠢᠯ | ᠤᠨ ᠰᠢᠨ᠎ᠡ ᠶᠢ ᠡᠬᠦᠳᠬᠦ ᠱᠠᠩᠨᠠᠯ ᠤᠨ ᠮᠦᠩᠬᠦ 110 ᠲᠦᠮᠡᠨ ᠲᠦᠬᠦᠷᠢᠭ ᠢ ᠲᠠᠷᠬᠠᠭᠠᠭᠰᠠᠨ ᠪᠠᠶᠢᠨ᠎ᠠ᠃ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠪᠦᠳᠦᠮᠵᠢ ᠶᠢ ᠦᠷᠬᠦᠯᠵᠢᠯᠡᠨ ᠪᠠᠳᠤᠳᠬᠠᠵᠤ᠂ ︽ | ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠯᠬᠦ ᠠᠵᠢᠯ ᠢ ᠯᠠᠪᠳᠠᠭᠤᠨ ᠦᠷᠨᠢᠬᠦᠯᠦᠨ᠂ ᠲᠦᠷᠪᠡᠳᠦᠬᠡᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠦᠬᠦ ᠲᠠᠯᠠᠪᠠᠷ ᠪᠡᠶᠡᠯᠡᠬᠦᠯᠪᠡ᠃ | ᠵᠡᠮᠳᠡᠭᠴᠤᠳ ᠤᠨ ᠬᠤᠯᠪᠤᠭ᠎ᠠ᠂ ᠡᠮᠡᠭᠳᠡᠶᠢᠴᠤᠳ ᠤᠨ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ | ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠬᠤᠶᠢᠴᠢ ᠦᠶ᠎ᠡ | ᠶᠢ ᠬᠠᠯᠠᠮᠵᠢᠯᠠᠬᠤ ᠵᠦᠪᠯᠡᠯ ᠵᠡᠷᠭᠡ ᠪᠦᠯᠬᠦᠮ ᠬᠠᠮᠳᠤ ᠶᠢᠨ ᠵᠤᠬᠢᠶᠠᠨ ᠪᠠᠶᠢᠭᠤᠯᠤᠯᠳᠠ ᠨᠢ ᠦᠢᠯᠡᠳᠦᠯ ᠴᠢᠳᠠᠮᠵᠢ ᠪᠠᠨ | ᠢᠳᠡᠪᠬᠢᠳᠡᠢ ᠪᠠᠳᠠᠷᠠᠭᠤᠯᠵᠤ᠂ ᠡᠯ᠎ᠡ ᠲᠦᠷᠦᠯ ᠤᠨ ᠠᠵᠢᠯ ᠦᠢᠯᠡᠰ ᠮᠡᠳᠡᠭᠳᠡᠮ᠎ᠡ ᠲᠠᠪᠰᠢᠯᠳᠠ ᠲᠠᠢ ᠪᠤᠯᠵᠤ ᠢᠷᠡᠪᠡ᠃ | | ᠲᠦᠯᠦᠭᠡᠯᠡᠭᠴᠢᠳ ᠡ᠂ ᠦᠩᠬᠡᠷᠡᠬᠦ ᠨᠢᠬᠡ ᠵᠢᠯ ᠪᠤᠯ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ | ᠤᠯᠠᠨ ᠲᠦᠮᠡᠨ ᠬᠦᠨᠳᠦ ᠡᠬᠦᠷᠭᠡ ᠶᠢ ᠮᠦᠷᠦᠯᠡᠨ ᠤᠷᠤᠭᠰᠢᠯᠠᠵᠤ᠂ ᠬᠦᠯᠦᠰᠦ ᠬᠦᠳᠡᠯᠮᠦᠷᠢ ᠪᠠᠷ ᠢᠶᠠᠨ ᠠᠮᠵᠢᠯᠳᠠ | ᠶᠢ ᠪᠢᠴᠢᠭᠯᠡᠭᠰᠡᠨ ᠨᠢᠬᠡ ᠵᠢᠯ ᠪᠤᠯᠤᠨ᠎ᠠ᠃ ᠬᠤᠷᠸ᠎ᠠ ᠠᠵᠤ ᠠᠬᠤᠢ ᠶᠢᠨ ᠤᠷᠤᠭᠤᠳᠠᠯ ᠨᠡᠮᠡᠭᠳᠡᠭᠰᠡᠨ ᠲᠠᠷᠤᠯᠳᠠ ᠶᠡᠬᠡᠳᠡᠢ | ᠪᠠᠶᠢᠳᠠᠯ ᠲᠤᠤᠷ᠎ᠠ᠂ ᠮᠠᠨ ᠤ ᠬᠤᠰᠢᠭᠤᠨ ᠤ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠪᠤᠯᠤᠨ ᠡᠳ᠋ ᠤᠨ ᠵᠠᠰᠠᠭ ᠤᠨ ᠤᠷᠤᠯᠭ᠎ᠠ ᠨᠢ ᠬᠠᠷᠢᠨ ᠦᠬᠡᠳᠡ | ᠲᠠᠢ ᠪᠠᠶᠢᠳᠠᠯ ᠢᠶᠠᠨ ᠬᠠᠳᠠᠭᠠᠯᠠᠨ᠂ ᠦᠷᠢ ᠦᠭᠴᠡᠭᠡᠨ ᠤ ᠲᠦᠭᠰᠢᠬᠦᠷᠢ ᠪᠠᠭᠠᠰᠴᠤ᠂ ᠭᠤᠤᠯᠳᠠᠯᠭ᠎ᠠ ᠲᠠᠢ ᠲᠦᠷᠦᠯ | ᠵᠦᠢᠯ ᠤᠨ ᠪᠠᠶᠢᠭᠤᠯᠤᠯᠳᠠ ᠤᠷᠤᠭᠰᠢ ᠠᠬᠢᠭᠰᠠᠨ ᠪᠦᠬᠡᠳ ᠶᠠᠳᠠᠭᠤ ᠠᠴᠠ ᠠᠩᠬᠢᠵᠢᠷᠠᠵᠤ ᠶᠠᠳᠠᠭᠤ ᠶᠢᠨ ᠮᠠᠯᠠᠭᠠᠢ | ᠪᠠᠨ ᠠᠪᠴᠤ ᠬᠠᠶᠠᠬᠤ᠂ ᠲᠡᠮᠦᠷ ᠵᠠᠮ ᠢ ᠬᠤᠰᠢᠭᠤ ᠪᠠᠷ ᠢᠶᠠᠨ ᠤᠷᠤᠭᠤᠯᠵᠤ ᠦᠷᠳᠡᠭᠡ ᠪᠠᠶᠢᠭᠤᠯᠬᠤ᠂ 85 | ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ ᠲᠦᠷᠦᠯ ᠵᠦᠢᠯ ᠢ ᠡᠬᠢᠯᠡᠬᠦᠯᠬᠦ᠂ ︽304︾ | ᠱᠤᠭᠤᠮ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦ᠂ ᠬᠠᠳᠠᠭᠤ ᠮᠠᠲ᠋ᠧᠷᠢᠶᠠᠯ ᠤᠨ ᠠᠵᠤ ᠦᠢᠯᠡᠰ ᠢ ᠨᠡᠭᠡᠭᠡᠨ | ᠬᠦᠭᠵᠢᠬᠦᠯᠬᠦ ᠵᠡᠷᠭᠡ ᠪᠦᠬᠦ ᠬᠤᠰᠢᠭᠤᠨ ᠤ ᠠᠯᠤᠰ ᠭᠡᠳᠦ ᠶᠢᠨ ᠬᠦᠭᠵᠢᠯᠳᠡ ᠳᠤ ᠬᠤᠯᠪᠤᠭᠳᠠᠭᠰᠠᠨ ᠲᠤᠮᠤ ᠠᠵᠢᠯ ᠢ | ᠪᠡᠶᠡᠯᠡᠬᠦᠯᠦᠭᠡᠳ᠂ ᠬᠢᠯᠪᠠᠷ ᠪᠤᠰᠤ ᠠᠮᠵᠢᠯᠳᠠ ᠶᠢ ᠤᠯᠵᠤ᠂ ᠬᠦᠭᠵᠢᠯ ᠮᠠᠨᠳᠤᠯ ᠤᠨ ᠰᠠᠭᠤᠷᠢ ᠶᠢ ᠲᠠᠯᠪᠢᠭᠰᠠᠨ | ᠪᠠᠶᠢᠨ᠎ᠠ᠃ ᠡᠳᠡᠭᠡᠷ ᠠᠮᠵᠢᠯᠳᠠ ᠪᠦᠳᠦᠮᠵᠢ ᠪᠤᠯ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠬᠢᠭᠡᠳ | ᠬᠤᠰᠢᠭᠤ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠪᠠ ᠰᠢᠨᠵᠢᠯᠡᠬᠦ ᠤᠬᠠᠭᠠᠨᠴᠢ ᠰᠢᠢᠳᠪᠦᠷᠢ ᠪᠤᠳᠤᠯᠭ᠎ᠠ | ᠶᠢᠨ ᠦᠷ᠎ᠡ ᠪᠦᠳᠦᠬᠡᠯ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠦᠪᠯᠡᠯᠡᠬᠡᠨ ᠤ ᠴᠢᠩᠭ᠎ᠠ ᠬᠢᠨᠠᠯᠳᠠ ᠪᠠ ᠬᠦᠴᠦᠳᠡᠢ ᠲᠡᠮᠵᠢᠯᠬᠡ ᠶᠢᠨ ᠦᠷ᠎ᠡ ᠪᠦᠳᠦᠬᠡᠯ᠂ ᠪᠦᠬᠦ ᠬᠤᠰᠢᠭᠤᠨ ᠤ | ᠺᠠᠳᠠᠷ ᠤᠯᠠᠨ ᠲᠦᠮᠡᠨ ᠤ ᠠᠷᠢᠭᠤᠨ ᠬᠦᠳᠡᠯᠮᠦᠷᠢ ᠠᠤᠭ᠎ᠠ ᠴᠢᠷᠮᠠᠶᠢᠯᠭ᠎ᠠ ᠶᠢᠨ ᠦᠷ᠎ᠡ ᠪᠦᠳᠦᠬᠡᠯ ᠪᠤᠯᠬᠤ ᠶᠤᠮ᠃ | ᠮᠦᠨᠴᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠪᠡᠭᠡᠵᠢᠩ | ᠬᠤᠳᠠ ᠶᠢᠨ ᠴᠠᠩ ᠫᠢᠩ ᠲᠤᠭᠤᠷᠢᠭ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠡᠷᠦᠩᠬᠡᠢ ᠠᠩᠬᠢ᠂ ᠠᠶᠢᠮᠠᠭ ᠤᠨ ᠬᠠᠪᠰᠤᠷᠤᠨ ᠲᠡᠳᠬᠦᠬᠦ ᠰᠠᠯᠠᠭ᠎ᠠ ᠮᠦᠴᠢᠷ ᠤᠨ ᠬᠠᠷᠠᠮ | ᠦᠬᠡᠢ ᠶᠡᠭᠡ ᠬᠠᠯᠠᠮᠵᠢ ᠲᠡᠮᠵᠢᠯᠬᠡ ᠠᠴᠠ ᠰᠠᠯᠵᠤ ᠴᠢᠳᠠᠰᠢ ᠦᠬᠡᠢ᠃ ᠠᠳᠡ ᠪᠢ ᠬᠤᠰᠢᠭᠤ ᠵᠠᠰᠠᠭ ᠤᠨ ᠤᠷᠳᠤᠨ | ᠢᠶᠠᠨ ᠲᠦᠯᠦᠬᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠤᠯᠠᠨ ᠲᠦᠮᠡᠨ ᠳᠤ᠂ ᠦᠷᠭᠡᠨ | ᠤᠯᠠᠨ ᠠᠷᠠᠳ ᠤᠨ ᠲᠦᠯᠦᠭᠡᠯᠡᠭᠴᠢ ᠪᠠ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠲᠤ᠂ ᠲᠠᠶᠢᠹᠤᠰᠧ | ᠬᠤᠰᠢᠭᠤᠨ ᠤ ᠴᠤᠭᠴᠠᠯᠠᠯᠳᠠ ᠬᠦᠭᠵᠢᠯᠳᠡ ᠶᠢᠨ ᠦᠢᠯᠡᠰ ᠲᠤ ᠬᠠᠯᠠᠮᠵᠢ ᠲᠡᠮᠵᠢᠯᠬᠡ ᠦᠵᠡᠬᠦᠯᠦᠭᠰᠡᠨ ᠨᠠᠶᠢᠵᠠ | ᠨᠦᠬᠦᠳ ᠨᠢᠬᠡᠪᠦᠷᠢ ᠳᠤ ᠴᠢᠩ ᠰᠡᠳᠬᠢᠯ ᠤᠨ ᠬᠦᠨᠳᠦᠳᠬᠡᠯ ᠪᠠ ᠲᠠᠯᠠᠷᠬᠠᠯ ᠲᠡᠪᠰᠢᠬᠦᠯᠵᠦ ᠪᠠᠶᠢᠨ᠎ᠠ︕ | ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠲᠠᠭᠠᠤ ᠂ ᠤᠷᠤᠰᠢᠵᠤ ᠪᠠᠶᠢᠭ᠎ᠠ ᠠᠰᠠᠭᠤᠳᠠᠯ ᠢᠶᠠᠨ ᠴᠤ | ᠤᠯᠵᠤ ᠬᠠᠷᠠᠬᠤ ᠴᠢᠬᠤᠯᠠᠳᠠᠢ᠃ ᠮᠠᠨ ᠤ ᠬᠤᠰᠢᠭᠤᠨ ᠤ ᠦᠬᠡᠷᠡᠴᠢᠯᠡᠯᠳᠡ ᠬᠦᠭᠵᠢᠯᠳᠡ ᠳᠤ ᠪᠠᠰᠠ ᠪᠠᠭ᠎ᠠ ᠪᠤᠰᠤ | ᠠᠰᠠᠭᠤᠳᠠᠯ ᠪᠠ ᠬᠦᠴᠢᠷᠳᠡᠯ ᠲᠤᠯᠭᠠᠷᠠᠵᠤ ᠪᠠᠶᠢᠭ᠎ᠠ᠂ ᠭᠤᠤᠯ ᠢᠯᠡᠷᠡᠯ ᠬᠡᠪᠡᠯ ᠄ ᠠᠵᠤ ᠠᠬᠤᠢ ᠶᠢᠨ ᠶᠡᠷᠦᠩᠬᠡᠢ | ᠬᠡᠮᠵᠢᠶ᠎ᠡ ᠪᠠᠭ᠎ᠠ᠂ ᠠᠵᠤ ᠦᠢᠯᠡᠰ ᠤᠨ ᠲᠡᠰ ᠲᠠᠪᠬᠤᠷᠭ᠎ᠠ ᠲᠤᠤᠷ᠎ᠠ ᠪᠦᠬᠡᠳ ᠬᠡᠯᠬᠢᠶᠡᠰᠦ ᠤᠬᠤᠷ᠂ ᠰᠢᠨᠵᠢᠯᠡᠭᠡ | ᠮᠡᠷᠭᠡᠵᠢᠯ ᠤᠨ ᠠᠭᠤᠯᠤᠭᠳᠠᠴᠠ ᠪᠠ ᠰᠢᠨ᠎ᠡ ᠶᠢ ᠡᠬᠦᠳᠬᠦ ᠬᠦᠳᠡᠯᠭᠡᠭᠴᠢ ᠬᠦᠴᠦᠨ ᠬᠦᠷᠦᠯᠴᠡᠬᠦ ᠦᠬᠡᠢ᠂ ᠠᠵᠤ | ᠦᠢᠯᠡᠳᠪᠦᠷᠢ ᠶᠢᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠯᠬᠤᠴᠠ ᠤᠳᠠᠭᠠᠨ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢ ᠬᠤᠪᠢᠷᠠᠭᠤᠯᠬᠤ ᠪᠠ ᠦᠢᠯᠡᠴᠢᠯᠡᠬᠡᠨ ᠤ ᠦᠢᠯᠡᠰ | ᠤᠨ ᠬᠡᠮᠵᠢᠶ᠎ᠡ ᠶᠢ ᠶᠡᠬᠡᠰᠭᠡᠵᠦ ᠴᠢᠨᠠᠷ ᠢ ᠰᠠᠶᠢᠵᠢᠷᠠᠭᠤᠯᠬᠤ ᠡᠬᠦᠷᠭᠡ ᠬᠦᠨᠳᠦ ᠵᠠᠮ ᠬᠤᠯᠠ ᠪᠠᠶᠢᠭ᠎ᠠ᠃ ᠬᠤᠳᠠ | ᠬᠦᠳᠡᠭᠡ ᠶᠢᠨ ᠠᠵᠤ ᠠᠬᠤᠢ ᠶᠢᠨ ᠪᠦᠬᠦᠯᠢ ᠴᠤᠭᠴᠠ ᠶᠢᠨ ᠬᠦᠭᠵᠢᠯᠳᠡ ᠲᠤᠳᠠᠮᠠᠭ᠂ ᠠᠷᠠᠳ ᠤᠨ ᠤᠷᠤᠯᠭ᠎ᠠ ᠶᠢ | ᠦᠷᠬᠦᠯᠵᠢᠯᠡᠨ ᠨᠡᠮᠡᠭᠳᠡᠬᠦᠯᠬᠦ ᠠᠷᠭ᠎ᠠ ᠵᠠᠮ ᠢᠪᠴᠤᠤ᠂ ᠨᠦᠬᠡᠴᠡ ᠬᠦᠴᠦᠨ ᠲᠤᠷᠤᠢ ᠪᠠᠶᠢᠵᠤ᠂ ᠬᠢᠵᠢᠭ ᠤᠨ | ᠲᠠᠷᠠᠭ᠎ᠠ ᠠᠵᠢᠯ ᠦᠢᠯᠡᠳᠪᠦᠷᠢᠯᠡᠯ ᠰᠡᠷᠬᠦᠬᠡᠬᠦ ᠳᠤ ᠮᠠᠰᠢ ᠤᠯᠠᠨ ᠦᠷᠢᠰᠦᠯᠳᠦᠬᠡᠨ ᠲᠤᠯᠭᠠᠷᠠᠵᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠡ ᠪᠦᠳᠦᠮᠵᠢ ᠶᠢ ᠪᠠᠳᠤᠳᠬᠠᠬᠤ ᠳᠤ ᠪᠠᠰᠠ | ᠦᠷᠬᠦᠯᠵᠢᠯᠡᠨ ᠴᠢᠷᠮᠠᠶᠢᠬᠤ ᠴᠢᠬᠤᠯᠠᠳᠠᠢ ᠪᠠᠶᠢᠭ᠎ᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ | ᠡᠳᠦᠷ ᠢᠷᠡᠬᠦᠶ᠎ᠡ ᠲᠤᠪᠤᠶᠢᠮ᠎ᠠ ᠪᠤᠯᠵᠤ᠂ ︽ᠭᠤᠷᠪᠠ ᠶᠢ ᠪᠠᠳᠤᠯᠠᠬᠤ︾᠂ ᠬᠠᠭᠤᠴᠢᠨ ᠦᠷᠢ ᠶᠢ ᠰᠢᠢᠢᠳᠪᠦᠷᠢᠯᠡᠬᠦ᠂ | ᠲᠦᠭᠰᠢᠬᠦᠷᠢ ᠶᠢ ᠰᠡᠷᠭᠡᠶᠢᠯᠡᠬᠦ ᠲᠠᠷᠤᠯᠳᠠ ᠶᠡᠭᠡ ᠪᠠᠶᠢᠭ᠎ᠠ᠃ ᠠᠮᠢ ᠠᠬᠤᠢ ᠶᠢᠨ ᠤᠷᠴᠢᠨ ᠲᠤᠭᠤᠷᠢᠨ ᠭᠡᠪᠡᠷᠡᠭ᠂ | ᠤᠰᠤᠨ ᠤ ᠡᠬᠢ ᠪᠠᠶᠠᠯᠢᠭ ᠤᠨ ᠬᠠᠩᠭᠠᠯᠭ᠎ᠠ ᠭᠡᠷᠡᠭᠴᠡᠭᠡᠨ ᠤ ᠵᠦᠷᠢᠴᠡᠯ ᠲᠤᠪᠤᠶᠢᠮ᠎ᠠ᠂ ᠠᠮᠢ ᠠᠬᠤᠢ ᠶᠢᠨ | ᠬᠠᠮᠠᠭᠠᠯᠠᠯᠳᠠ ᠪᠠ ᠪᠠᠶᠢᠭᠤᠯᠤᠯᠳᠠ ᠶᠢᠨ ᠡᠬᠦᠷᠭᠡ ᠬᠦᠨᠳᠦ ᠪᠠᠶᠢᠭ᠎ᠠ᠃ ᠤᠨᠴᠠ ᠵᠠᠷᠢᠮ ᠰᠠᠯᠠᠭ᠎ᠠ ᠮᠦᠴᠢᠷ ᠪᠠ ᠺᠠᠳᠠᠷ | ᠨᠢ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠤ ᠲᠤᠬᠠᠢ ᠲᠠᠨᠢᠯᠳᠠ ᠪᠠᠷ ᠲᠤᠷᠤᠢ᠂ ᠠᠵᠢᠯ ᠤᠨ ᠰᠤᠷᠳᠠᠯ ᠢᠶᠠᠨ | ᠰᠠᠶᠢᠵᠢᠷᠠᠭᠤᠯᠬᠤ ᠪᠠᠷ ᠲᠤᠳᠠᠮᠠᠭ᠂ ᠪᠠᠴᠢᠮ ᠲᠤᠯᠭᠠᠮ᠎ᠠ ᠰᠡᠳᠬᠢᠯᠬᠡ ᠪᠠ ᠤᠷᠤᠭᠰᠢᠯᠠᠨ ᠲᠠᠪᠰᠢᠬᠤ ᠵᠤᠷᠢᠭ ᠰᠠᠨᠠᠭ᠎ᠠ | ᠨᠢ ᠴᠢᠩᠭ᠎ᠠ ᠪᠤᠰᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠴᠢᠳᠠᠪᠤᠷᠢ ᠶᠢ ᠦᠷᠬᠦᠯᠵᠢᠯᠡᠨ ᠲᠡᠭᠡᠭᠰᠢᠯᠡᠬᠦᠯᠬᠦ | ᠱᠠᠭᠠᠷᠳᠠᠯᠭ᠎ᠠ ᠲᠠᠢ ᠪᠠᠶᠢᠭ᠎ᠠ ᠃ ᠪᠢᠳᠡ ᠡᠷᠭᠡᠪᠰᠢ ᠡᠳᠡᠭᠡᠷ ᠠᠰᠠᠭᠤᠳᠠᠯ ᠠᠴᠠ ᠪᠤᠯᠳᠠᠵᠤ ᠵᠠᠶᠢᠯᠠᠬᠤ ᠦᠬᠡᠢ | ᠮᠦᠷᠳᠡᠭᠡᠨ ᠡᠳᠡᠭᠡᠷ ᠠᠰᠠᠭᠤᠳᠠᠯ ᠢ ᠪᠠᠰᠤᠵᠤ ᠬᠦᠩᠭᠡᠪᠴᠢᠯᠡᠬᠦ ᠦᠬᠡᠢ ᠪᠠᠷ ᠠᠵᠢᠯ ᠦᠢᠯᠡᠳᠦᠯᠬᠡ ᠶᠢᠨ ᠲᠤᠮᠳᠠ ᠪᠠᠨ | ᠬᠦᠴᠢᠷ ᠢ ᠢᠯᠠᠵᠤ᠂ ᠰᠢᠨ᠎ᠡ ᠶᠢ ᠡᠬᠦᠳᠬᠦ ᠶᠠᠪᠤᠴᠠ ᠳᠠᠭᠠᠨ ᠲᠤᠳᠠᠭᠤᠳᠠᠯ ᠢᠶᠠᠨ ᠨᠦᠬᠦᠪᠦᠷᠢᠯᠡᠨ᠂ ᠲᠠᠶᠢᠹᠤᠰᠧ | ᠬᠤᠰᠢᠭᠤᠨ ᠪᠠᠨ ᠴᠢᠨᠠᠷ ᠰᠠᠶᠢᠳᠠᠢ ᠬᠦᠭᠵᠢᠯᠳᠡ ᠶᠢᠨ ᠵᠠᠮ ᠳᠤ ᠴᠢᠮᠪᠠᠢ ᠯᠠᠪᠳᠠᠭᠤᠨ ᠠᠯᠬᠤᠭᠤᠯᠬᠤ ᠪᠠᠷ ᠬᠦᠴᠦᠯᠡᠨ | ᠴᠢᠷᠮᠠᠶᠢᠬᠤ ᠭᠡᠷᠡᠭᠳᠡᠢ᠃ | ᠬᠤᠶᠡᠷ ᠂ 2020 ᠣᠨ ᠤ ᠠᠵᠢᠯ ᠤᠨ ᠪᠠᠶᠢᠷᠢᠯᠠᠭᠤᠯᠤᠯᠲᠠ | ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠦᠯᠦᠪᠵᠢᠬᠦᠯᠬᠡ ᠶᠢ ᠠᠮᠵᠢᠯᠳᠠᠳᠠᠢ ᠲᠡᠬᠦᠰᠭᠡᠬᠦ ᠵᠢᠯ᠂ ᠨᠢᠬᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠳᠠ ᠶᠢ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠵᠢᠯ ᠪᠤᠯᠤᠨ᠎ᠠ᠃ ᠵᠢᠯ ᠤᠨ ᠡᠬᠢᠨ ᠳᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠯᠤᠰ ᠲᠠᠶᠠᠭᠠᠷ ᠦᠷᠪᠢᠰᠦᠨ ᠲᠡᠯᠬᠡᠷᠡᠬᠦ ᠳᠤ᠂ ᠨᠠᠮ ᠤᠨ ᠲᠦᠪ ᠬᠤᠷᠢᠶ᠎ᠠ | ᠪᠠ ᠰᠢ ᠶᠢᠨ ᠫᠢᠩ ᠶᠡᠷᠦᠩᠬᠡᠢ ᠱᠦᠵᠢ ᠶᠢᠨ ᠨᠢᠬᠡᠳᠦᠯᠳᠡᠢ ᠵᠢᠯᠤᠭᠤᠳᠤᠯᠭ᠎ᠠ ᠲᠤᠤᠷ᠎ᠠ᠂ ᠲᠠᠶᠢᠹᠤᠰᠧ ᠬᠤᠰᠢᠭᠤᠨ ᠤ | ᠺᠠᠳᠠᠷ ᠤᠯᠠᠨ ᠲᠦᠮᠡᠨ ᠵᠠᠷᠯᠢᠭ ᠵᠢᠭᠠᠪᠤᠷᠢ ᠶᠢ ᠵᠢᠷᠤᠮᠯᠠᠨ ᠲᠠᠭᠠᠵᠤ᠂ ᠡᠬᠦᠷᠭᠡ ᠬᠠᠷᠢᠭᠤᠴᠠᠯᠭ᠎ᠠ ᠪᠠᠨ ᠨᠢᠮᠪᠠᠢ | ᠬᠦᠢᠴᠡᠳᠭᠡᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠯᠠᠪᠳᠠᠭᠤᠨ ᠪᠠᠳᠤᠳᠠᠢ ᠲᠦᠯᠬᠢᠨ | ᠠᠬᠢᠭᠤᠯᠵᠤ᠂ ᠬᠠᠯᠳᠠᠪᠤᠷᠢᠳᠤ ᠬᠢᠵᠢᠭ ᠢ ᠬᠤᠰᠢᠭᠤ ᠨᠤᠳᠤᠭ ᠲᠠᠭᠠᠨ ᠬᠠᠪᠢᠳᠠᠭᠤᠯᠤᠭᠰᠠᠨ ᠦᠬᠡᠢ ᠪᠠᠶᠢᠵᠤ᠂ | ᠬᠢᠵᠢᠭ ᠰᠡᠷᠭᠡᠶᠢᠯᠡᠬᠦ ᠲᠠᠶᠢᠨ ᠤ ᠰᠢᠢᠳᠪᠦᠷᠢᠳᠦ ᠢᠯᠠᠯᠳᠠ ᠶᠢ ᠤᠯᠤᠭᠠᠳ ᠂ ᠲᠠᠶᠢᠹᠤᠰᠧ ᠬᠤᠰᠢᠭᠤᠨ ᠤ ᠡᠯ᠎ᠡ | ᠦᠨᠳᠦᠰᠦᠳᠡᠨ ᠤ ᠺᠠᠳᠠᠷ ᠤᠯᠠᠨ ᠲᠦᠮᠡᠨ ᠤ ᠪᠦᠯᠬᠦᠮᠳᠡᠯ ᠨᠢᠬᠳᠠᠷᠠᠯ ᠤᠨ ᠬᠦᠴᠦᠨ ᠴᠢᠳᠠᠯ ᠢ ᠬᠠᠷᠠᠭᠤᠯᠤᠭᠰᠠᠨ | ᠪᠠᠶᠢᠨ᠎ᠠ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠨ᠂ ᠶᠡᠭᠡ ᠲᠠᠯ᠎ᠠ ᠶᠢ ᠲᠠᠭᠠᠵᠤ ᠨᠢᠬᠡ | ᠰᠡᠳᠬᠢᠯ ᠢᠶᠠᠷ ᠴᠢᠷᠮᠠᠶᠢᠭᠰᠠᠨ ᠠᠷᠠᠳ ᠤᠯᠠᠨ ᠳᠤ ᠂ ᠡᠬᠦᠷᠭᠡ ᠶᠢᠨ ᠬᠦᠨᠳᠦ ᠶᠢ ᠮᠦᠷᠦᠯᠡᠵᠦ ᠡᠳᠦᠷ ᠰᠦᠨᠢ | ᠦᠬᠡᠢ ᠲᠡᠮᠡᠴᠡᠭᠰᠡᠨ ᠡᠯ᠎ᠡ ᠱᠠᠳᠤᠨ ᠤ ᠺᠠᠳᠠᠷ ᠠᠵᠢᠯᠳᠠᠳ ᠪᠠ ᠰᠠᠶᠢᠨ ᠲᠤᠷ᠎ᠠ ᠶᠢᠨ ᠦᠢᠯᠡᠴᠢᠯᠡᠭᠴᠢᠳ ᠲᠤ᠂ | ᠬᠠᠯᠠᠭᠤᠨ ᠭᠠᠷ ᠢᠶᠠᠨ ᠰᠤᠩᠭᠠᠵᠤ ᠬᠠᠯᠠᠮᠵᠢ ᠲᠡᠮᠵᠢᠯᠬᠡ ᠦᠵᠡᠬᠦᠯᠦᠭᠰᠡᠨ ᠠᠵᠤ ᠠᠬᠤᠶᠢᠯᠠᠯᠳᠠᠨ ᠪᠠ ᠨᠡᠶᠢᠬᠡᠮ ᠤᠨ | ᠡᠯ᠎ᠡ ᠡᠳᠡᠭᠡᠳ ᠤᠨ ᠨᠠᠶᠢᠵᠠ ᠨᠦᠬᠦᠳ ᠳᠤ ᠴᠢᠩ ᠰᠡᠳᠬᠢᠯ ᠤᠨ ᠲᠠᠯᠠᠷᠬᠠᠯ ᠲᠡᠪᠰᠢᠬᠦᠯᠵᠦ᠂ ᠠᠮᠤᠷ ᠠᠮᠤᠭᠤᠯᠠᠩ | ᠠᠶᠢᠯᠳᠬᠠᠵᠤ ᠪᠠᠶᠢᠨ᠎ᠠ︕ | ᠰᠢᠨ᠎ᠡ ᠨᠢᠬᠡᠨ ᠵᠢᠯ ᠳᠤ᠂ ᠲᠠᠶᠢᠹᠤᠰᠧ ᠬᠤᠰᠢᠭᠤᠨ ᠤ ᠬᠦᠭᠵᠢᠯᠳᠡ ᠶᠢᠨ ᠵᠠᠮ ᠳᠤ ᠲᠤᠬᠢᠶᠠᠯ ᠪᠠᠷᠳᠠᠭ᠎ᠠ ᠠᠯᠢ | ᠠᠯᠢᠨ ᠨᠢ ᠴᠤ ᠲᠤᠯᠭᠠᠷᠠᠨ᠎ᠠ᠃ ᠬᠦᠨᠳᠦ ᠬᠡᠴᠡᠬᠦᠦ ᠬᠢᠵᠢᠭ ᠤᠨ ᠨᠦᠯᠦᠬᠡᠯᠡᠯ ᠪᠤᠯᠤᠨ ᠤᠯᠤᠰ ᠤᠨ ᠲᠤᠳᠤᠭᠠᠳᠤ | ᠭᠠᠳᠠᠭᠠᠳᠤ ᠳᠠᠬᠢ ᠦᠷᠢᠰᠦᠯᠳᠦᠬᠡᠨ ᠲᠦᠭᠰᠢᠬᠦᠷᠢ ᠢᠯᠡᠷᠭᠡᠢ ᠨᠡᠮᠡᠭᠳᠡᠭᠰᠡᠨ ᠪᠤᠳᠤᠯᠢᠶᠠᠨ ᠲᠠᠢ ᠪᠠᠶᠢᠳᠠᠯ ᠤᠨ ᠡᠮᠦᠨ᠎ᠡ᠂ | ᠪᠢᠳᠡ ᠡᠷᠭᠡᠪᠰᠢ ᠪᠦᠬᠦ ᠲᠠᠯ᠎ᠠ ᠶᠢ ᠪᠤᠳᠤᠯᠬᠢᠯᠠᠨ᠂ ᠶᠡᠷᠦᠩᠬᠡᠢ ᠬᠠᠨᠳᠤᠰᠢ ᠶᠢ ᠡᠵᠡᠮᠳᠡᠵᠦ᠂ ᠠᠰᠢᠭ ᠦᠬᠡᠢ | ᠬᠦᠭᠵᠢᠯᠳᠡ ᠶᠢᠨ ᠤᠷᠴᠢᠨ ᠲᠤᠮᠳᠠ ᠠᠴᠠ ᠠᠰᠢᠭ ᠲᠠᠢ ᠠᠵᠠ ᠲᠤᠬᠢᠶᠠᠯ ᠢ ᠡᠷᠢᠯᠬᠢᠯᠡᠨ᠂ ᠬᠦᠴᠢᠷ ᠪᠡᠷᠭᠡᠰᠢᠶᠡᠯ | ᠢ ᠢᠯᠠᠨ ᠲᠠᠪᠠᠵᠤ᠂ ᠠᠵᠢᠯ ᠬᠢᠵᠦ ᠦᠢᠯᠡᠰ ᠪᠦᠳᠦᠬᠡᠬᠦ ᠢᠳᠡᠭᠡᠯ ᠵᠤᠷᠢᠭ ᠢᠶᠠᠨ ᠤᠯᠠᠮ ᠪᠠᠳᠤᠳᠬᠠᠬᠤ ᠭᠡᠷᠡᠭᠳᠡᠢ᠃ | ᠭᠠᠳᠠᠭᠠᠳᠤ ᠬᠦᠭᠵᠢᠯᠳᠡ ᠶᠢᠨ ᠤᠷᠴᠢᠨ ᠠᠴᠠ ᠦᠵᠡᠬᠦ ᠳᠤ᠂ ᠤᠯᠤᠰ ᠠᠴᠠ ᠢᠳᠡᠪᠬᠢᠳᠡᠢ ᠡᠳ᠋ ᠤᠨ ᠵᠠᠰᠠᠭ ᠤᠨ | ᠠᠷᠭ᠎ᠠ ᠪᠤᠳᠤᠯᠭ᠎ᠠ ᠪᠠ ᠯᠠᠪᠳᠠᠭᠤᠨ ᠪᠠᠳᠤᠳᠠᠢ ᠮᠦᠩᠬᠦ ᠵᠤᠭᠤᠰᠤᠨ ᠤ ᠠᠷᠭ᠎ᠠ ᠪᠤᠳᠤᠯᠭ᠎ᠠ ᠶᠢ ᠦᠷᠬᠦᠯᠵᠢᠯᠡᠨ | ᠭᠡᠷᠡᠭᠵᠢᠬᠦᠯᠵᠦ᠂ ᠨᠡᠩ ᠶᠡᠭᠡ ᠬᠡᠮᠵᠢᠶᠡᠨ ᠤ ᠭᠠᠶᠢᠯᠢ ᠰᠦᠢᠳᠭᠡᠯ ᠢ ᠬᠠᠰᠤᠵᠤ ᠪᠠᠭᠠᠰᠬᠠᠨ᠂ ᠤᠷᠤᠨ ᠨᠤᠳᠤᠭ | ᠤᠨ ᠪᠤᠨᠳ᠋ ︵ᠵᠢᠬᠡᠯᠡᠯᠬᠡ ᠶᠢᠨ ᠲᠡᠮᠳᠡᠭ︶ ᠶᠢᠨ ᠬᠡᠮᠵᠢᠶ᠎ᠡ ᠶᠢ ᠦᠷᠬᠦᠯᠵᠢᠯᠡᠨ ᠨᠡᠮᠡᠭᠳᠡᠬᠦᠯᠬᠦ ᠶᠢᠨ ᠬᠠᠮᠳᠤ᠂ ᠵᠡᠬᠦᠨ | ᠪᠠᠷᠠᠭᠤᠨ ᠤᠷᠤᠨ ᠤ ᠵᠤᠬᠢᠴᠠᠩᠭᠤᠢ ᠬᠦᠭᠵᠢᠯᠳᠡ ᠶᠢᠨ ᠡᠷᠴᠢᠮ ᠢ ᠤᠯᠠᠮ ᠴᠢᠩᠭᠠᠷᠠᠭᠤᠯᠬᠤ ᠪᠠᠷ ᠪᠠᠶᠢᠭ᠎ᠠ᠃ | ᠦᠪᠡᠷᠳᠡᠭᠡᠨ ᠵᠠᠰᠠᠬᠤ ᠤᠷᠤᠨ ᠠᠴᠠ ᠪᠦᠷᠢᠯᠳᠦᠴᠡ ᠶᠢᠨ ᠲᠤᠬᠢᠷᠠᠭᠤᠯᠤᠯᠳᠠ ᠶᠢ ᠲᠦᠷᠭᠡᠳᠭᠡᠬᠦ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢ ᠳᠡᠳᠬᠦᠬᠦ᠂ ᠦᠷ᠎ᠡ ᠪᠦᠳᠦᠮᠵᠢᠳᠡᠢ ᠪᠡᠯᠡ ᠤᠷᠤᠭᠤᠯᠤᠯᠳᠠ ᠶᠢ | ᠨᠡᠮᠡᠭᠳᠡᠬᠦᠯᠬᠦ ᠵᠡᠷᠭᠡ ᠨᠢᠬᠡᠨ ᠰᠢᠷᠢᠰ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠲᠤᠭᠳᠠᠵᠠᠢ᠃ ᠠᠶᠢᠮᠠᠭ ᠤᠨ | ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠨ ᠠᠬᠢᠭᠤᠯᠬᠤ | ᠬᠠᠷᠠᠯᠳᠠ ᠪᠠ ᠰᠡᠳᠬᠢᠴᠡ ᠨᠡᠩ ᠲᠤᠳᠤᠷᠬᠠᠢ ᠪᠠᠶᠢᠭ᠎ᠠ᠃ ᠮᠠᠨ ᠤ ᠬᠤᠰᠢᠭᠤᠨ ᠤ ᠲᠤᠰ ᠪᠡᠶ᠎ᠡ ᠶᠢᠨ ᠪᠠᠶᠢᠳᠠᠯ ᠠᠴᠠ | ᠦᠵᠡᠬᠦ ᠳᠤ᠂ ᠪᠢᠳᠡ ᠬᠡᠳᠦᠶᠢᠪᠡᠷ ᠰᠢᠨ᠎ᠡ ᠬᠠᠭᠤᠴᠢᠨ ᠬᠦᠳᠡᠯᠬᠡᠬᠡᠨ ᠤ ᠡᠨᠧᠷᠬᠢ ᠶᠢᠨ ᠰᠤᠯᠢᠭᠳᠠᠯ ᠤᠨ | ᠬᠤᠭᠤᠴᠠᠭᠠᠨ ᠳᠤ ᠪᠠᠶᠢᠭ᠎ᠠ ᠪᠤᠯᠪᠠᠴᠤ ᠂ ᠪᠠᠰᠠ ᠴᠤ ᠤᠳᠠᠭᠠᠨ ᠵᠢᠯ ᠤᠨ ᠨᠦᠬᠡᠴᠡ ᠪᠡᠯᠡᠳᠭᠡᠯ ᠢᠶᠠᠨ ᠭᠡᠷᠡᠭᠯᠡᠬᠦ | ᠢᠳᠡ ᠦᠶ᠎ᠡ ᠳᠡᠭᠡᠨ ᠪᠠᠶᠢᠵᠤ᠂ ᠲᠦᠷᠦᠬᠦᠴᠢ ᠬᠤᠭᠤᠴᠠᠭᠠᠨ ᠤ ᠨᠦᠬᠡᠴᠡᠯᠡᠭᠳᠡᠵᠦ ᠬᠠᠳᠠᠭᠠᠯᠠᠭᠳᠠᠭᠰᠠᠨ | ᠬᠦᠳᠡᠯᠬᠡᠬᠡᠨ ᠤ ᠡᠨᠧᠷᠬᠢ ᠨᠢ ᠶᠠᠭ ᠠᠯᠬᠤᠮ ᠠᠯᠬᠤᠮ ᠢᠶᠠᠷ ᠢᠯᠭᠠᠷᠠᠵᠤ᠂ ᠵᠠᠮ ᠬᠠᠷᠢᠯᠴᠠᠭ᠎ᠠ ᠤᠷᠤᠨ ᠪᠠᠶᠢᠴᠠ ᠶᠢᠨ | ᠲᠠᠪᠠᠭᠤᠯᠢᠭ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠵᠦᠬᠡᠯᠡᠨ ᠤᠷᠴᠢᠨ ᠤ ᠲᠠᠪᠠᠭᠤᠯᠢᠭ ᠨᠢ ᠨᠢᠬᠡᠨᠳᠡ | ᠰᠢᠨ᠎ᠡ ᠦᠷᠢᠰᠦᠯᠳᠦᠬᠡᠨ ᠤ ᠲᠠᠪᠠᠭᠤᠯᠢᠭ ᠪᠤᠯᠤᠭᠰᠠᠨ ᠪᠦᠬᠡᠳ ᠡᠪᠦᠯ ᠤᠨ ᠤᠯᠠᠷᠢᠯ ᠤᠨ ᠤᠯᠢᠮᠫᠢᠺ ᠤᠨ | ᠴᠤᠭᠯᠠᠭᠠᠨ ᠤ ᠦᠷ᠎ᠡ ᠨᠦᠯᠦᠬᠡ ᠬᠢᠭᠡᠳ ᠦᠨᠳᠦᠷ ᠬᠤᠷᠳᠤᠴᠠᠳᠤ ᠲᠡᠮᠦᠷ ᠵᠠᠮ ᠤᠨ ᠠᠵᠤ ᠠᠬᠤᠢ ᠶᠢᠨ ᠬᠦᠴᠦᠳᠡᠢ | ᠲᠠᠶᠢᠴᠢᠯᠠᠭ᠎ᠠ ᠲᠤᠤᠷ᠎ᠠ᠂ ᠪᠢᠳᠡᠨ ᠳᠤ ᠠᠵᠠ ᠲᠤᠬᠢᠶᠠᠯ ᠢ ᠡᠵᠡᠮᠳᠡᠨ ᠤᠷᠤᠭᠰᠢᠯᠠᠬᠤ᠂ ᠲᠡᠷᠡᠴᠢᠯᠡᠨ ᠤᠷᠤᠰᠬᠠᠯ ᠢ | ᠦᠭᠰᠦᠨ ᠲᠡᠭᠡᠭᠰᠢᠯᠡᠵᠦ ᠂ ᠴᠢᠨᠠᠷ ᠰᠠᠶᠢᠳᠠᠢ ᠬᠦᠭᠵᠢᠯᠳᠡ ᠶᠢ ᠤᠯᠠᠮ ᠰᠠᠶᠢᠨ ᠤᠯᠠᠮ ᠲᠦᠷᠭᠡᠨ ᠪᠡᠶᠡᠯᠡᠬᠦᠯᠬᠦ | ᠨᠦᠬᠦᠴᠡᠯ ᠪᠤᠯᠤᠮᠵᠢ ᠪᠦᠷᠢᠨ ᠪᠠᠶᠢᠭ᠎ᠠ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠮᠵᠢ ᠪᠤᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠨᠠᠮ ᠤᠨ ᠠᠷᠪᠠ | ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠲᠤᠭᠳᠠᠭᠤᠨ ᠤ ᠲᠤᠮᠳᠠ ᠤᠷᠤᠭᠰᠢᠯᠠᠬᠤ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ | ᠤᠶᠢᠯᠠᠭᠠᠭᠳᠠᠬᠤᠨ ᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠡ ᠲᠡᠭᠡᠷ᠎ᠡ ᠠᠩᠬᠠᠷᠤᠯ ᠢᠶᠠᠨ ᠲᠦᠪᠯᠡᠷᠡᠬᠦᠯᠦᠨ᠂ | ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠡᠬᠦᠷᠭᠡ ᠬᠠᠷᠠᠯᠳᠠ ᠶᠢ ᠴᠢᠩᠭ᠎ᠠ ᠡᠵᠡᠮᠳᠡᠵᠦ᠂ ᠬᠢᠵᠢᠭ | ᠰᠡᠷᠭᠡᠶᠢᠯᠡᠯᠳᠡ ᠪᠠ ᠠᠵᠤ ᠠᠬᠤᠢ ᠶᠢᠨ ᠬᠦᠭᠵᠢᠯᠳᠡ ᠶᠢ ᠨᠢᠬᠡᠳᠦᠯᠳᠡᠢ ᠲᠦᠯᠦᠪᠯᠡᠨ ᠠᠬᠢᠭᠤᠯᠵᠤ᠂ ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠵᠤ᠂ ︽ ᠵᠢᠷᠭᠤᠭ᠎ᠠ ᠶᠢ ᠲᠤᠭᠳᠠᠭᠤᠨ ᠪᠠᠶᠢᠯᠭᠠᠬᠤ︾᠂ | ︽ ᠵᠢᠷᠭᠤᠭ᠎ᠠ ᠶᠢ ᠪᠠᠳᠤᠯᠠᠬᠤ︾ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠨᠡᠮᠡᠭᠳᠡᠯ ᠢ | ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠷᠢᠯᠳᠦᠴᠡ ᠶᠢ ᠲᠤᠬᠢᠷᠠᠭᠤᠯᠬᠤ᠂ ᠠᠮᠢᠳᠤᠷᠠᠯ ᠢ | ᠰᠠᠶᠢᠵᠢᠷᠠᠭᠤᠯᠬᠤ᠂ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠳᠤᠯᠠᠬᠤ ᠶᠢ ᠨᠢᠬᠡᠳᠦᠯᠳᠡᠢ ᠲᠦᠯᠦᠪᠯᠡᠨ | ᠨᠡᠶᠢᠳᠡ ᠳᠤᠨᠢ ᠠᠬᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠬᠦᠯᠬᠡ ᠶᠢᠨ ᠠᠮᠵᠢᠯᠳᠠᠳᠠᠢ ᠰᠡᠬᠦᠯ ᠬᠤᠷᠢᠶᠠᠬᠤ ᠶᠢ ᠪᠠᠳᠤᠯᠠᠨ᠎ᠠ᠃ ᠠᠵᠤ ᠠᠬᠤᠢ | ᠶᠢᠨ ᠬᠦᠭᠵᠢᠯᠳᠡ ᠶᠢ ᠨᠦᠯᠦᠬᠡᠯᠡᠬᠦ ᠠᠯᠢ ᠤᠯᠠᠨ ᠬᠦᠴᠦᠨ ᠵᠦᠢᠯ ᠪᠠ ᠨᠡᠶᠢᠬᠡᠮ ᠤᠨ ᠪᠠᠶᠢᠭᠤᠯᠤᠯᠳᠠ ᠤᠨ ᠪᠤᠳᠠᠳᠠᠢ | ᠭᠡᠷᠡᠭᠴᠡᠭᠡ ᠶᠢ ᠶᠡᠷᠦᠩᠬᠡᠢ ᠳᠤᠨᠢ ᠪᠤᠳᠤᠯᠬᠢᠯᠠᠵᠤ ᠂ ᠡᠨᠡ ᠵᠢᠯ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠭᠤᠤᠯ ᠪᠤᠯᠬᠤ ᠤᠷᠢᠳᠴᠢᠯᠠᠭᠰᠠᠨ ᠬᠠᠷᠠᠯᠳᠠ ᠶᠢ ᠲᠤᠭᠳᠠᠵᠠᠢ᠂ ᠲᠤᠬᠠᠶᠢᠯᠠᠪᠠᠯ ᠄ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5 % ᠪᠠᠷ ᠨᠡᠮᠡᠭᠳᠡᠬᠦᠯᠵᠦ᠂ ᠪᠦᠬᠦ ᠨᠡᠶᠢᠬᠡᠮ ᠤᠨ ᠲᠤᠭᠳᠠᠮᠠᠯ | ᠬᠦᠷᠦᠩᠬᠡ ᠶᠢᠨ ᠪᠡᠯᠡ ᠤᠷᠤᠭᠤᠯᠤᠯᠳᠠ ᠶᠢ 87.5% ᠪᠠᠷ ᠨᠡᠮᠡᠭᠳᠡᠬᠦᠯᠦᠨ᠂ ᠨᠡᠶᠢᠬᠡᠮ ᠤᠨ ᠭᠡᠷᠡᠭᠯᠡᠭᠡᠨ ᠤ ᠪᠤᠳᠠᠰ | ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢ 5% ᠪᠠᠷ ᠨᠡᠮᠡᠭᠳᠡᠬᠦᠯᠵᠦ᠂ ᠨᠡᠶᠢᠳᠡ ᠶᠢᠨ ᠡᠳ᠋ ᠤᠨ | ᠵᠠᠰᠠᠭ ᠤᠨ ᠲᠦᠰᠦᠪ ᠤᠨ ᠣᠷᠣᠯᠭ᠎ᠠ ᠶᠢ ᠨᠢᠳᠤᠨᠤᠨ ᠤ ᠬᠢ ᠲᠠᠢ ᠠᠳᠠᠯᠢ ᠪᠠᠶᠢᠯᠭᠠᠨ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰᠪᠤᠷᠢ 3% ᠪᠠ | 7% ᠪᠠᠷ ᠨᠡᠮᠡᠭᠳᠡᠬᠦᠯᠵᠦ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠡᠯ᠎ᠡ ᠲᠦᠷᠦᠯ ᠤᠨ | ᠵᠢᠭᠠᠯᠳᠠ ᠲᠤᠭ᠎ᠠ ᠶᠢ ᠪᠠᠷᠢᠮᠵᠢᠶ᠎ᠠ ᠶᠤᠰᠤᠭᠠᠷ ᠬᠢᠵᠠᠭᠠᠷᠯᠠᠨ᠎ᠠ᠃ ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠬᠦ | ᠶᠢᠨ ᠲᠤᠭᠤᠷᠢᠨ ᠳᠤ᠂ ᠲᠤᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠨ ᠬᠢᠬᠦ ᠭᠡᠷᠡᠭᠳᠡᠢ᠄ | ︵ᠨᠢᠬᠡ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠵᠤ᠂ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠲᠤᠳᠠᠭᠤᠳᠠᠯ ᠢᠶᠠᠨ ᠨᠦᠬᠦᠪᠦᠷᠢᠯᠡᠨ᠎ᠡ᠃ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠡᠬᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠭᠡᠷᠡᠭᠳᠡᠢ᠃ ᠡᠯ᠎ᠡ ᠱᠠᠳᠤᠨ ᠤ | ᠡᠯ᠎ᠡ ᠲᠦᠷᠦᠯ ᠤᠨ ᠱᠠᠭᠠᠷᠳᠠᠨ ᠪᠠᠶᠢᠴᠠᠭᠠᠯᠳᠠ ᠳᠤ ᠲᠤᠰᠬᠠᠬᠰᠠᠨ ᠰᠠᠨᠠᠯ ᠶᠤᠰᠤᠭᠠᠷ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠦᠷᠬᠦᠯᠵᠢᠯᠡᠨ ᠰᠠᠶᠢᠳᠤᠷ ᠠᠳᠬᠤᠵᠤ᠂ ᠦᠪᠡᠷᠳᠡᠭᠡᠨ ᠵᠠᠰᠠᠬᠤ ᠤᠷᠤᠨ ᠤ ᠪᠦᠬᠦ ᠲᠠᠯ᠎ᠠ ᠶᠢᠨ | ᠤᠶᠢᠯᠠᠭᠠᠨ ᠪᠠᠶᠢᠴᠠᠭᠠᠯᠳᠠ ᠪᠠ ᠤᠯᠤᠰ ᠤᠨ ᠨᠡᠶᠢᠳᠡᠮ ᠪᠠᠶᠢᠴᠠᠭᠠᠯᠳᠠ ᠶᠢᠨ ᠡᠬᠦᠷᠭᠡ ᠶᠢ ᠴᠢᠨᠠᠷ ᠰᠠᠶᠢᠳᠠᠢ | ᠪᠡᠶᠡᠯᠡᠬᠦᠯᠵᠦ᠂ ︽ᠲᠦᠷᠪᠡ ᠶᠢ ᠦᠯᠦ ᠬᠠᠶᠠᠬᠤ︾ ᠱᠠᠭᠠᠷᠳᠠᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠶᠠᠳᠠᠭᠤ | ᠠᠴᠠ ᠠᠩᠬᠢᠵᠢᠷᠠᠵᠤ ᠶᠠᠳᠠᠭᠤᠷᠠᠯ ᠠᠴᠠ ᠰᠡᠷᠭᠡᠶᠢᠯᠡᠬᠦ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ | ᠲᠡᠬᠦᠯᠳᠡᠷᠵᠢᠬᠦᠯᠵᠦ᠂ ᠦᠯᠡᠳᠡᠵᠦ ᠪᠠᠶᠢᠭ᠎ᠠ 60 ᠡᠷᠦᠬᠡ 110 ᠬᠦᠮᠦᠨ ᠢ ᠪᠦᠬᠦᠨ ᠢ ᠶᠠᠳᠠᠭᠤ ᠠᠴᠠ | ᠠᠩᠬᠢᠵᠢᠷᠠᠭᠤᠯᠤᠨ᠎ᠠ᠃ ᠤᠰᠤ ᠂ ᠴᠠᠬᠢᠯᠭᠠᠨ᠂ ᠡᠮ ᠡᠮᠨᠡᠯᠬᠡ᠂ ᠰᠤᠷᠭᠠᠨ ᠬᠦᠮᠦᠵᠢᠯ᠂ ᠤᠷᠤᠨ ᠰᠠᠭᠤᠴᠠ ᠪᠠ | ᠨᠡᠶᠢᠬᠡᠮ ᠤᠨ ᠪᠠᠳᠤᠯᠭ᠎ᠠ ᠵᠡᠷᠭᠡ ᠳᠤ ᠬᠤᠯᠪᠤᠭᠳᠠᠭᠰᠠᠨ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠨᠢᠮᠪᠠᠢ | ᠨᠠᠶᠢᠳᠠᠪᠤᠷᠢᠵᠢᠭᠤᠯᠵᠤ᠂ ︽ᠬᠤᠶᠠᠷ ᠲᠤ ᠦᠯᠦ ᠵᠤᠪᠠᠭ᠋ᠤ᠂ ᠭᠤᠷᠪᠠ ᠶᠢ ᠵᠠᠪᠠᠯ ᠪᠠᠳᠤᠯᠠᠬᠤ︾ ᠬᠢᠷᠢ ᠲᠦᠪᠰᠢᠨ ᠢ | ᠲᠡᠭᠡᠭᠰᠢᠯᠡᠬᠦᠯᠦᠨ᠎ᠡ ᠃ 2.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠠᠵᠤ ᠦᠢᠯᠡᠰ ᠢᠶᠠᠷ | ᠲᠡᠳᠬᠦᠬᠦ᠂ ᠡᠮ ᠡᠮᠨᠡᠯᠬᠡ ᠪᠠᠷ ᠲᠡᠳᠬᠦᠬᠦ᠂ ᠪᠠᠭ᠎ᠠ ᠬᠡᠯᠪᠡᠷᠢ ᠶᠢᠨ ᠨᠡᠶᠢᠳᠡ ᠶᠢᠨ ᠠᠰᠠᠷᠠᠮᠵᠢ ᠶᠢᠨ ᠦᠢᠯᠡᠰ᠂ | ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ ᠤᠨ ᠱᠠᠩᠨᠠᠯ ᠨᠦᠬᠦᠪᠦᠷᠢ᠂ ᠠᠵᠢᠯ ᠤᠨ ᠪᠠᠶᠢᠷᠢ ᠶᠢ | ᠲᠤᠭᠳᠠᠪᠤᠷᠢᠵᠢᠭᠤᠯᠤᠨ ᠠᠵᠢᠯ ᠤᠯᠭᠤᠬᠤ ᠵᠡᠷᠭᠡ 36 ᠲᠦᠷᠦᠯ ᠵᠦᠢᠯ ᠢ ᠭᠡᠷᠡᠭᠵᠢᠬᠦᠯᠵᠦ᠂ ᠶᠠᠳᠠᠭᠤ ᠠᠴᠠ | ᠠᠩᠬᠢᠵᠢᠷᠠᠭᠤᠯᠬᠤ ᠦᠷ᠎ᠡ ᠪᠦᠳᠦᠮᠵᠢ ᠶᠢ ᠤᠯᠠᠮ ᠴᠢᠨᠠᠭᠰᠢᠳᠠ ᠪᠠᠳᠤᠳᠬᠠᠨ᠎ᠠ᠃ ︽3+3︾ ᠶᠠᠳᠠᠭᠤ ᠶᠢ | ᠳᠡᠳᠬᠦᠬᠦ ᠲᠤᠭᠳᠠᠴᠠ ᠶᠢᠨ ᠦᠷ᠎ᠡ ᠨᠦᠯᠦᠬᠡ ᠶᠢ ᠪᠠᠳᠤᠳᠬᠠᠬᠤ ᠶᠢᠨ ᠬᠠᠮᠳᠤ ᠨᠡᠮᠡᠭᠳᠡᠬᠦᠯᠵᠦ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠪᠠ ᠠᠵᠤ ᠦᠢᠯᠡᠰ ᠬᠦᠭᠵᠢᠯᠳᠡ ᠶᠢᠨ ᠬᠦᠨᠵᠡᠬᠡᠢ ᠠᠭᠤᠰᠤᠯᠴᠠᠬᠤ ᠶᠢ | ᠠᠬᠢᠭᠤᠯᠤᠨ᠎ᠠ᠃ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠲᠠᠰᠤᠷᠠᠯᠳᠠ ᠦᠬᠡᠢ ᠬᠦᠭᠵᠢᠬᠦᠯᠦᠨ | ᠪᠤᠵᠠᠭᠠᠶᠢᠷᠠᠭᠤᠯᠵᠤ᠂ ᠲᠦᠷᠦᠯ ᠵᠦᠢᠯ ᠤᠨ ᠪᠡᠯᠡ ᠮᠦᠩᠬᠦᠨ ᠤ ᠠᠰᠢᠭᠯᠠᠯᠳᠠ ᠪᠠ ᠡᠳ᠋ ᠬᠦᠷᠦᠩᠬᠡ ᠶᠢᠨ | ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠨ᠂ ᠭᠠᠴᠠᠭ᠎ᠠ ᠲᠤᠰᠬᠤᠨ ᠤ ᠪᠡᠯᠡ ᠮᠦᠩᠬᠦ᠂ ᠡᠳ᠋ ᠬᠦᠷᠦᠩᠬᠡ᠂ | ᠡᠬᠢ ᠪᠠᠶᠠᠯᠢᠭ ᠤᠨ ᠬᠠᠮᠢᠶᠠᠷᠤᠯᠳᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠶᠠᠳᠠᠭᠤ ᠬᠦᠴᠢᠷᠳᠡᠢ ᠤᠯᠠᠨ | ᠲᠦᠮᠡᠨ ᠳᠤ ᠦᠷᠬᠦᠯᠵᠢᠯᠡᠨ ᠠᠰᠢᠭ ᠬᠦᠷᠳᠡᠭᠡᠬᠦ ᠶᠢ ᠪᠠᠳᠤᠯᠠᠨ᠎ᠠ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ | ᠳᠡᠳᠬᠦᠬᠦ ᠬᠠᠮᠳᠤᠷᠠᠯᠴᠠᠭ᠎ᠠ ᠪᠠ ᠲᠦᠪ ᠤᠨ ᠪᠠᠶᠢᠭᠤᠯᠭ᠎ᠠ ᠶᠢᠨ ᠬᠠᠪᠰᠤᠷᠤᠨ ᠲᠡᠳᠬᠦᠬᠦ ᠴᠡᠭ ᠤᠨ ᠠᠵᠢᠯ ᠢ | ᠬᠦᠨᠵᠡᠬᠡᠶᠢᠷᠡᠬᠦᠯᠵᠦ᠂ ᠡᠯ᠎ᠡ ᠱᠠᠳᠤᠨ ᠤ ᠬᠠᠪᠰᠤᠷᠤᠨ ᠲᠡᠳᠬᠦᠬᠦ ᠺᠠᠳᠠᠷ ᠤᠨ ᠬᠠᠷᠢᠭᠤᠴᠠᠯᠭ᠎ᠠ ᠶᠢ ᠦᠷᠬᠦᠯᠵᠢᠯᠡᠨ | ᠴᠢᠩᠭᠠᠳᠬᠠᠵᠤ᠂ ᠭᠠᠴᠠᠭ᠎ᠠ ᠲᠤᠰᠬᠤᠨ᠂ ᠠᠶᠢᠯ ᠡᠷᠦᠬᠡ᠂ ᠬᠦᠮᠦᠨ ᠨᠢᠬᠡᠪᠦᠷᠢ ᠳᠤ ᠬᠦᠷᠳᠡᠯ᠎ᠡ ᠤᠨᠢᠨ ᠲᠡᠭᠡᠷ᠎ᠡ ᠨᠢ | ᠲᠡᠳᠬᠦᠬᠦ ᠶᠢ ᠪᠡᠶᠡᠯᠡᠬᠦᠯᠦᠨ᠂ ᠲᠡᠬᠦᠰ ᠢᠯᠠᠯᠳᠠ ᠤᠯᠬᠤ ᠦᠬᠡᠢ ᠪᠤᠯ ᠡᠮᠦᠨ᠎ᠡ ᠹᠠᠷᠤᠨᠲ ᠠᠴᠠ ᠤᠬᠤᠷᠢᠵᠤ ᠪᠤᠯᠬᠤ | ᠦᠬᠡᠢ᠃ ︽ᠤᠷᠮ᠎ᠠ ᠵᠤᠷᠢᠭ ᠤᠶᠤᠨ ᠤᠬᠠᠭᠠᠨ ᠢᠶᠠᠷ ᠲᠡᠳᠬᠦᠬᠦ︾ ᠶᠢ ᠪᠠᠷᠢᠮᠳᠠᠯᠠᠨ᠂ ᠶᠠᠳᠠᠭᠤ ᠬᠦᠴᠢᠷᠳᠡᠯᠳᠡᠢ | ᠬᠦᠮᠦᠨ ᠠᠮᠠ ᠶᠢᠨ ᠲᠤᠳᠤᠭᠠᠳᠤ ᠶᠢᠨ ᠬᠦᠳᠡᠯᠭᠡᠭᠴᠢ ᠬᠦᠴᠦᠨ ᠢ ᠴᠢᠩᠭᠠᠷᠠᠭᠤᠯᠵᠤ᠂ ᠶᠠᠳᠠᠭᠤ ᠬᠦᠴᠢᠷᠳᠡᠯᠳᠡᠢ | ᠤᠯᠠᠨ ᠲᠦᠮᠡᠨ ᠢ ᠪᠦᠬᠦ ᠬᠤᠰᠢᠭᠤᠨ ᠤ ᠠᠷᠠᠳ ᠲᠦᠮᠡᠨ ᠲᠠᠢ ᠵᠡᠷᠭᠡᠪᠡᠷ ᠴᠢᠨᠡᠭᠡᠯᠢᠭ ᠨᠡᠶᠢᠬᠡᠮ ᠳᠤ ᠠᠯᠬᠤᠭᠤᠯᠬᠤ | ᠭᠡᠷᠡᠭᠳᠡᠢ ᠃ ᠪᠤᠬᠢᠷᠳᠤᠯ ᠰᠡᠷᠭᠡᠶᠢᠯᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠠᠬᠢᠭᠤᠯᠬᠤ | ᠭᠡᠷᠡᠭᠳᠡᠢ ᠃ ᠤᠯᠤᠰ᠂ ᠤᠷᠤᠨ ᠤ ᠱᠠᠭᠠᠷᠳᠠᠨ ᠪᠠᠶᠢᠴᠠᠭᠠᠯᠳᠠ ᠳᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠬᠤᠶᠠᠳᠠᠬᠢ ᠡᠬᠡᠯᠵᠢ ᠶᠢᠨ ᠤᠯᠤᠰ ᠤᠨ ᠪᠠᠶᠢᠴᠠᠭᠠᠯᠳᠠ ᠶᠢ | ᠤᠭᠳᠤᠬᠤ ᠳᠤ ᠰᠠᠭᠤᠷᠢ ᠲᠠᠯᠪᠢᠬᠤ ᠭᠡᠷᠡᠭᠳᠡᠢ᠃ ︽ᠰᠤᠯᠠ ᠵᠠᠳᠠᠭᠠᠢ᠂ ᠡᠮᠬᠢ ᠲᠢᠭᠯᠡᠮ ᠦᠬᠡᠢ᠂ ᠪᠤᠬᠢᠷᠳᠤᠯ | ᠶᠡᠬᠡᠳᠡᠢ︾ ᠠᠵᠤ ᠠᠬᠤᠶᠢᠯᠠᠯ ᠳᠤ ᠴᠡᠭᠴᠡᠯᠡᠯᠳᠡ ᠬᠢᠬᠦ ᠪᠠᠨ ᠲᠦᠷᠭᠡᠳᠭᠡᠵᠦ᠂ ᠴᠠᠶᠢᠶ᠋ᠢᠤ ᠲᠤᠰᠤ ᠰᠢᠳᠠᠭᠠᠬᠤ | ᠠᠴᠢᠶᠠᠨ ᠤ ᠮᠠᠰᠢᠨ ᠤ ᠪᠤᠬᠢᠷᠳᠤᠯ ᠢ ᠰᠡᠷᠭᠡᠶᠢᠯᠡᠬᠦ ᠲᠤᠰᠬᠠᠢ ᠴᠡᠭᠴᠡᠯᠡᠯᠳᠡ ᠶᠢ ᠦᠷᠨᠢᠬᠦᠯᠦᠨ᠂ ᠪᠤᠤᠴᠠᠩ | ᠪᠠᠯᠭᠠᠰᠤᠨ ᠤ 21 ᠰᠠᠭᠤᠷᠢ ᠠᠷᠪᠠᠨ ᠲᠤᠨ ᠠᠴᠠ ᠲᠤᠷᠤᠭᠰᠢ ᠨᠡᠬᠦᠷᠡᠰᠦ ᠰᠢᠳᠠᠭᠠᠬᠤ ᠵᠤᠤᠬ᠎ᠠ ᠶᠢ ᠭᠡᠷᠡᠭᠯᠡᠬᠦ ᠪᠠᠨ | ᠵᠤᠭᠰᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠬᠠᠤᠯᠢ ᠶᠤᠰᠤᠭᠠᠷ ᠴᠢᠩᠭᠠᠳᠬᠠᠵᠤ᠂ ᠤᠰᠤᠨ | ᠤ ᠦᠨ᠎ᠡ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠭᠤᠷᠪᠠᠨ ᠱᠠᠳᠤᠨ ᠤ ᠭᠤᠤᠯ ᠤᠨ | ᠲᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ︽ᠲᠦᠷᠪᠡᠨ ᠲᠢᠭᠯᠡᠮ ᠦᠬᠡᠢ︾ ᠦᠵᠡᠭᠳᠡᠯ ᠢ ᠦᠷᠬᠦᠯᠵᠢᠯᠡᠨ | ᠴᠡᠭᠴᠡᠯᠡᠨ᠎ᠡ᠃ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠦᠢᠯᠡᠳᠪᠦᠷᠢ᠂ ᠡᠮᠨᠡᠯᠬᠡ ᠶᠢᠨ ᠬᠠᠶᠠᠭᠳᠠᠮᠠᠯ ᠪᠤᠳᠠᠰ ᠢ | ᠰᠢᠢᠳᠪᠦᠷᠢᠯᠡᠬᠦ ᠲᠦᠪ ᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ᠲᠠᠷᠢᠶᠠᠯᠠᠩ ᠤᠨ ᠪᠤᠬᠢᠷᠳᠤᠯ ᠢ ᠪᠦᠬᠦ | ᠲᠠᠯ᠎ᠠ ᠪᠠᠷ ᠬᠢᠨᠠᠨ ᠡᠵᠡᠮᠳᠡᠵᠦ᠂ ᠰᠦᠯᠢᠶᠤᠤ ᠪᠦᠷᠬᠦᠪᠴᠢ ᠶᠢ ᠲᠠᠬᠢᠨ ᠠᠰᠢᠭᠯᠠᠬᠤ ᠶᠢ ᠠᠬᠢᠭᠤᠯᠤᠨ᠂ ᠤᠷᠭᠠᠨᠢᠭ | ᠪᠤᠷᠳᠤᠭᠤᠷ ᠭᠡᠷᠡᠭᠯᠡᠬᠦ ᠬᠠᠷᠢᠴᠠᠯ ᠢ ᠴᠢᠨᠠᠭᠰᠢᠳᠠ ᠨᠡᠮᠡᠭᠳᠡᠬᠦᠯᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ ᠭᠡᠷᠡᠭᠡᠯᠡᠬᠦ | ᠬᠡᠮᠵᠢᠶ᠎ᠡ ᠶᠢ ᠦᠷᠬᠦᠯᠵᠢᠯᠡᠨ ᠪᠠᠭᠠᠰᠬᠠᠨ᠎ᠠ᠃ ᠠᠷᠭᠠᠯ ᠬᠤᠭ ᠢ ᠡᠬᠢ ᠪᠠᠶᠠᠯᠢᠬᠵᠢᠭᠤᠯᠤᠨ ᠠᠰᠢᠭᠯᠠᠬᠤ ᠲᠦᠷᠦᠯ | ᠵᠦᠢᠯ ᠢ ᠭᠡᠷᠡᠭᠵᠢᠬᠦᠯᠵᠦ᠂ ᠶᠡᠷᠦᠩᠬᠡᠢ ᠠᠰᠢᠭᠯᠠᠯᠳᠠ ᠶᠢᠨ ᠨᠤᠷᠮ᠎ᠠ ᠶᠢ 75% ᠳᠤ ᠬᠦᠷᠭᠡᠵᠦ᠂ | ᠭᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠠᠷᠭᠠᠯ ᠬᠤᠭ ᠰᠢᠢᠳᠪᠦᠷᠢᠯᠡᠬᠦ ᠲᠦᠬᠦᠭᠡᠷᠦᠮᠵᠢ ᠶᠢᠨ ᠢᠵᠢ | ᠪᠦᠷᠢᠳᠦᠭᠰᠡᠨ ᠨᠤᠷᠮ᠎ᠠ ᠶᠢ 95% ᠠᠴᠠ ᠲᠡᠭᠡᠭᠰᠢ ᠪᠤᠯᠭᠠᠨ᠎ᠠ᠃ ᠠᠭᠤᠯᠠ ᠠᠭᠤᠷᠬᠠᠢ ᠶᠢ ᠰᠡᠷᠬᠦᠬᠡᠨ ᠵᠠᠰᠠᠬᠤ ᠪᠠ | ᠤᠶᠢᠵᠢᠭᠤᠯᠵᠤ ᠨᠤᠭᠤᠭᠠᠷᠠᠭᠤᠯᠬᠤ ᠡᠬᠦᠷᠭᠡ ᠶᠢ ᠪᠡᠶᠡᠯᠡᠬᠦᠯᠵᠦ᠂ ᠡᠯᠡᠰᠦᠨ ᠤ ᠡᠬᠢ ᠶᠢ ᠵᠠᠰᠠᠬᠤ ᠂ ᠭᠤᠤᠯᠳᠠᠯᠭ᠎ᠠ | ᠲᠠᠢ ᠤᠷᠤᠨ ᠪᠦᠰᠡ ᠶᠢᠨ ᠨᠤᠭᠤᠭᠠᠷᠭᠤᠯᠤᠯᠳᠠ᠂ ᠤᠢ ᠮᠤᠳᠤ ᠶᠢ ᠠᠷᠠᠴᠢᠯᠠᠨ ᠪᠤᠶᠢᠵᠢᠭᠤᠯᠬᠤ ᠪᠠ ᠨᠦᠬᠦᠵᠦ | ᠲᠠᠷᠢᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ 11.4 ᠲᠦᠮᠡᠨ ᠮᠤ᠋ ᠲᠠᠯᠠᠪᠠᠢ ᠳᠤ | ᠭᠡᠷᠡᠭᠵᠢᠬᠦᠯᠦᠨ᠂ ᠪᠤᠤᠴᠠᠩ ᠪᠠᠯᠭᠠᠰᠤᠨ ᠤ ᠵᠡᠬᠦᠨ ᠠᠭᠤᠯᠠᠨ ᠤ ᠨᠡᠬᠦᠷᠡᠰᠦᠲᠦᠷᠦᠭᠴᠢ ᠬᠤᠷᠠᠭᠤᠯᠬᠤ ᠠᠵᠤ ᠠᠬᠤᠢ | ᠶᠢᠨ ᠤᠢ ᠮᠤᠳᠤᠨ ᠤ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠲᠦᠮᠡᠨ ᠮᠤ᠋ ᠶᠢᠨ ᠠᠵᠤ ᠠᠬᠤᠢ ᠶᠢᠨ | ᠮᠤᠳᠤᠨ ᠤ ᠪᠦᠳᠦᠬᠡᠨ ᠪᠠᠶᠢᠭᠤᠯᠤᠯᠳᠠ ᠶᠢ ᠡᠬᠢᠯᠡᠵᠦ᠂ ᠤᠯᠠᠭᠠᠨ ᠠᠯᠮᠤᠷᠠᠳ ᠤᠨ ᠰᠠᠭᠤᠷᠢᠨ ᠭᠠᠵᠠᠷ᠂ ᠴᠢᠶᠠᠨ ᠶᠢᠨ | ᠭᠸᠦ ᠪᠠᠯᠭᠠᠰᠤᠨ ᠤ ᠭᠸᠦ ᠮᠧᠨ ᠲᠤᠰᠬᠤᠨ ᠤ ᠠᠵᠤ ᠠᠬᠤᠢ ᠶᠢᠨ ᠮᠤᠳᠤᠨ ᠤ ᠪᠦᠰᠡ ᠶᠢ ᠭᠤᠤᠯᠳᠠᠯᠭ᠎ᠠ ᠲᠠᠢ | ᠡᠬᠦᠳᠦᠨ ᠪᠠᠶᠢᠭᠤᠯᠤᠨ᠎ᠠ᠃ ᠰᠢᠨ᠎ᠡ ᠨᠢᠬᠡᠨ ᠡᠬᠡᠯᠵᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠵᠤ | ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠴᠢᠭᠡᠷᠯᠡᠬᠦᠯᠬᠦ ᠶᠢ | ᠴᠠᠭᠠᠵᠠᠯᠠᠬᠤ ᠪᠠ ᠮᠠᠯ ᠪᠡᠯᠴᠢᠬᠡᠷ ᠤᠨ ᠲᠡᠩᠴᠡᠬᠦᠷᠢ ᠶᠢᠨ ᠲᠦᠷᠢᠮ ᠢ ᠴᠢᠩᠭ᠎ᠠ ᠭᠡᠷᠡᠭᠵᠢᠬᠦᠯᠦᠨ᠎ᠡ᠃ ᠬᠦᠨᠳᠦ ᠶᠡᠭᠡ | ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠨ ᠬᠢᠬᠦ ᠭᠡᠷᠡᠭᠳᠡᠢ᠃ | ᠡᠳ᠋ ᠤᠨ ᠵᠠᠰᠠᠭ ᠤᠨ ᠪᠡᠯᠡ ᠮᠦᠩᠬᠦᠨ ᠤ ᠦᠷ᠎ᠡ ᠪᠦᠳᠦᠮᠵᠢ ᠶᠢᠨ ᠦᠨᠡᠯᠡᠯᠳᠡ ᠶᠢ ᠴᠢᠩᠭᠠᠳᠬᠠᠨ᠂ ᠡᠳ᠋ ᠤᠨ | ᠵᠠᠰᠠᠭ ᠤᠨ ᠵᠠᠷᠤᠯᠭ᠎ᠠ ᠶᠢᠨ ᠪᠦᠷᠢᠯᠳᠦᠴᠡ ᠶᠢ ᠰᠢᠯᠢᠳᠡᠭᠵᠢᠬᠦᠯᠵᠦ᠂ ᠪᠦᠬᠦ ᠬᠦᠴᠦᠨ ᠢᠶᠠᠷ ︽ᠭᠤᠷᠪᠠ ᠶᠢ ᠪᠠᠳᠤᠯᠠᠬᠤ | ︾ ᠶᠢ ᠪᠡᠶᠡᠯᠡᠬᠦᠯᠦᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠬᠤ ᠠᠵᠢᠯᠯᠠᠭ᠎ᠠ ᠶᠢ ᠴᠢᠩᠭ᠎ᠠ | ᠲᠦᠷᠢᠮᠵᠢᠬᠦᠯᠵᠦ᠂ ᠪᠡᠯᠡ ᠤᠷᠤᠭᠤᠯᠬᠤ ᠰᠢᠨ᠎ᠡ ᠲᠦᠷᠦᠯ ᠵᠦᠢᠯ ᠳᠤ ᠪᠦᠷ ᠦᠷᠢ ᠦᠭᠴᠡᠭᠡᠨ ᠤ ᠲᠦᠭᠰᠢᠬᠦᠷᠢ | ᠶᠢᠨ ᠦᠨᠡᠯᠡᠯᠳᠡ ᠪᠠ ᠬᠠᠤᠯᠢ ᠳᠤ ᠨᠡᠶᠢᠴᠡᠬᠦᠯᠬᠦ ᠬᠢᠨᠠᠨ ᠪᠠᠶᠢᠴᠠᠭᠠᠯᠳᠠ ᠬᠢᠨ᠎ᠡ᠃ ᠴᠢᠨᠠᠷ ᠰᠠᠶᠢᠳᠠᠢ ᠭᠠᠶᠢᠯᠢ ᠶᠢᠨ | ᠢᠷᠡᠯᠳᠡ ᠶᠢ ᠢᠳᠡᠪᠬᠢᠳᠡᠢ ᠪᠤᠶᠢᠵᠢᠭᠤᠯᠵᠤ᠂ ᠬᠠᠳᠠᠭᠠᠯᠭᠳᠠᠵᠤ ᠪᠦᠬᠦᠢ ᠬᠦᠷᠦᠩᠬᠡ ᠪᠡᠯᠡ ᠶᠢ ᠡᠷᠬᠢᠯᠳᠡ ᠳᠤ | ᠤᠷᠤᠭᠤᠯᠤᠨ᠂ ᠤᠯᠤᠰ ᠤᠨ ᠦᠮᠴᠢᠯᠡᠯ ᠤᠨ ᠪᠡᠯᠡ ᠬᠤᠷᠠᠮᠳᠤᠭᠤᠯᠬᠤ ᠲᠠᠪᠴᠠᠩ ᠤᠨ ᠬᠡᠯᠪᠡᠷᠢ ᠶᠢ ᠲᠦᠷᠭᠡᠨ | ᠬᠤᠪᠢᠷᠠᠭᠤᠯᠵᠤ᠂ ᠵᠢᠬᠡᠯᠡᠯᠬᠡ ᠶᠢᠨ ᠲᠡᠮᠳᠡᠭ ᠤᠨ ᠭᠡᠷᠡᠭᠯᠡᠬᠡᠨ ᠤ ᠬᠡᠪᠴᠢᠶ᠎ᠡ ᠶᠢ ᠦᠷᠭᠡᠳᠬᠡᠨ᠂ ᠵᠠᠰᠠᠭ ᠤᠨ ᠤᠷᠳᠤᠨ | ᠤ ᠦᠷᠢ ᠰᠢᠷᠢ ᠰᠢᠢᠳᠪᠦᠷᠢᠯᠡᠬᠦ ᠵᠢᠯ ᠤᠨ ᠡᠬᠦᠷᠭᠡ ᠶᠢ ᠤᠷᠢᠳᠴᠢᠯᠠᠨ ᠪᠡᠶᠡᠯᠡᠬᠦᠯᠬᠦ ᠪᠠᠷ ᠴᠢᠷᠮᠠᠶᠢᠨ᠎ᠠ᠃ ᠡᠬᠦᠨ ᠤ | ᠬᠠᠮᠳᠤ᠂ ᠮᠦᠩᠬᠦᠨ ᠬᠦᠢᠯᠬᠡᠬᠡᠨ ᠤ ᠡᠮᠬᠢ ᠲᠢᠭᠯᠡᠮ ᠢ ᠰᠠᠮᠠᠭᠤᠷᠠᠭᠤᠯᠤᠭᠰᠠᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ | ᠴᠤᠬᠢᠯᠳᠠ ᠦᠭᠬᠦᠨ᠎ᠡ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠦᠷᠭᠡᠳᠭᠡᠨ᠂ | ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ ᠤᠨᠴᠠᠯᠢᠭᠳᠤ ᠲᠠᠷᠢᠶᠠᠯᠠᠩ ᠮᠠᠯᠵᠢᠯ ᠤᠨ | ᠤᠯᠠᠨ ᠲᠠᠯᠠᠵᠢᠭᠰᠠᠨ ᠦᠨᠳᠦᠷ ᠠᠰᠢᠭᠳᠤ ᠬᠦᠭᠵᠢᠯᠳᠡ ᠶᠢ ᠠᠬᠢᠭᠤᠯᠬᠤ ᠭᠡᠷᠡᠭᠳᠡᠢ᠃ ᠠᠮᠤ ᠪᠤᠳᠠᠭᠠᠨ ᠤ ᠲᠠᠷᠢᠮᠠᠯ | ᠤᠨ ᠲᠠᠯᠠᠪᠠᠢ ᠶᠢ 90 ᠲᠦᠮᠡᠨ ᠮᠤ᠋ ᠳᠤ ᠬᠢᠵᠠᠭᠠᠷᠯᠠᠵᠤ᠂ ᠲᠦᠮᠦᠰᠦ᠂ ᠲᠤᠰᠤᠯᠢᠭ ᠲᠠᠷᠢᠮᠠᠯ᠂ ᠡᠮ ᠤᠨ ᠮᠠᠲ᠋ᠧᠷᠢᠶᠠᠯ | ᠂ ᠰᠢᠬᠢᠷ ᠯᠤᠤᠪᠠᠩ᠂ ᠤᠷᠭᠠᠨᠢᠭ ᠢᠳᠡᠰᠢᠨ ᠨᠤᠭᠤᠭ᠎ᠠ᠂ ᠦᠨᠳᠦᠷ ᠤᠨᠠᠯᠳᠠᠳᠤ ᠲᠡᠵᠢᠬᠡᠯ ᠪᠤᠷᠳᠤᠭ᠎ᠠ ᠵᠡᠷᠭᠡ | ᠠᠰᠢᠭᠳᠤ ᠲᠠᠷᠢᠮᠠᠯ ᠤᠨ ᠬᠠᠷᠢᠴᠠᠯ ᠢ ᠲᠤᠭᠳᠠᠭᠤᠨ ᠢᠶᠠᠷ ᠨᠡᠮᠡᠭᠳᠡᠬᠦᠯᠦᠨ᠎ᠡ᠃ ᠤᠰᠤ ᠠᠷᠪᠢᠯᠠᠬᠤ ᠲᠡᠭᠡᠷ᠎ᠡ ᠤᠬᠠᠭᠠᠨ | ᠭᠠᠷᠭᠠᠵᠤ᠂ 6 ᠲᠦᠮᠡᠨ ᠮᠤ᠋ ᠲᠠᠷᠢᠶᠠᠨ ᠭᠠᠵᠠᠷ ᠢ ᠦᠨᠳᠦᠷ ᠪᠠᠷᠢᠮᠵᠢᠶ᠎ᠠ ᠪᠠᠷ ᠦᠬᠡᠷᠡᠴᠢᠯᠡᠨ ᠠᠰᠢᠭᠯᠠᠨ᠎ᠠ᠃ | ᠤᠳᠤᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂ | 8 ᠲᠦᠮᠡᠨ ᠮᠤ᠋ ᠤᠳᠤᠬᠢᠴᠢᠯᠠᠭᠰᠠᠨ ᠲᠠᠷᠢᠶᠠᠯᠠᠩ ᠤᠨ ᠰᠠᠭᠤᠷᠢᠨ ᠭᠠᠵᠠᠷ ᠢ ᠪᠠᠶᠢᠭᠤᠯᠤᠨ᠂ ᠨᠢᠬᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠾᠧ ᠮᠠ | ᠰᠢᠶᠠᠨ ᠱᠧᠩ ᠤᠨᠴᠠᠯᠢᠭᠳᠤ ᠲᠠᠷᠢᠶᠠᠯᠠᠩ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠵᠦ | ᠂ ᠡᠮ ᠤᠨ ᠮᠠᠲ᠋ᠧᠷᠢᠶᠠᠯ ᠤᠨ ᠰᠤᠯᠢᠯᠴᠠᠭᠠᠨ ᠤ ᠵᠠᠬ᠎ᠠ ᠶᠢ ᠠᠰᠢᠭᠯᠠᠯᠳᠠ ᠳᠤ ᠤᠷᠤᠭᠤᠯᠤᠨ᠎ᠠ᠃ ᠲᠠᠷᠢᠬᠤ ᠪᠠᠷ | ᠮᠠᠯᠵᠢᠬᠤ ᠶᠢ ᠠᠬᠢᠭᠤᠯᠬᠤ᠂ ᠮᠠᠯ ᠪᠡᠯᠴᠢᠬᠡᠷ ᠢ ᠨᠢᠬᠡ ᠴᠤᠭᠴᠠᠵᠢᠭᠤᠯᠬᠤ ᠵᠠᠮ ᠢ ᠪᠠᠷᠢᠮᠳᠠᠯᠠᠨ᠂ 2 ᠲᠦᠮᠡᠨ | ᠬᠠᠪᠳᠠᠭᠠᠢ ᠲᠦᠷᠪᠡᠯᠵᠢᠨ ᠮᠧᠲᠷ ᠮᠠᠯ ᠤᠨ ᠰᠠᠷᠠᠪᠴᠢ᠂ 1.5 ᠲᠦᠮᠡᠨ ᠬᠠᠪᠳᠠᠭᠠᠢ ᠲᠦᠷᠪᠡᠯᠵᠢᠨ ᠮᠧᠲᠷ ᠡᠪᠡᠰᠦ | ᠬᠤᠷᠢᠶᠠᠬᠤ ᠰᠠᠷᠠᠪᠴᠢ᠂ 1.1 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠲᠠᠷᠤᠰᠢ ᠶᠢᠨ ᠵᠤᠭᠤᠷᠢ ᠶᠢ | ᠰᠢᠨ᠎ᠡ ᠪᠠᠷ ᠪᠠᠶᠢᠭᠤᠯᠵᠤ᠂ 10 ᠲᠦᠮᠡᠨ ᠮᠤ᠋ ᠠᠴᠠ ᠲᠡᠭᠡᠭᠰᠢ ᠨᠤᠭᠤᠭᠠᠨ ᠲᠠᠷᠤᠰᠢ ᠶᠢᠨ ᠰᠢᠰᠢ ᠲᠠᠷᠢᠨ᠎ᠠ᠃ | ᠴᠡᠪᠡᠷ ᠡᠬᠦᠯᠳᠡᠷ ᠤᠨ ᠠᠩᠬᠢᠰ ᠦᠬᠡᠷ᠂ ᠰᠢᠮᠧᠨ᠋ᠲ᠋ᠠᠷ ᠦᠬᠡᠷ 3000᠂ ᠴᠠᠬᠠᠷ ᠬᠤᠨᠢ 6500 ᠶᠢ ᠶᠢ | ᠤᠷᠤᠭᠤᠯᠵᠤ᠂ ᠮᠢᠬᠠᠨ ᠤ ᠦᠬᠡᠷ ᠤᠨ ᠪᠠᠷᠢᠮᠵᠢᠶᠠᠳᠤ ᠮᠠᠯᠵᠢᠯ ᠤᠨ ᠲᠠᠯᠠᠪᠠᠢ 3 ᠶᠢ ᠪᠠᠶᠢᠭᠤᠯᠤᠨ᠎ᠠ᠃ ᠰᠠᠶᠢᠨ | ᠡᠬᠦᠯᠳᠡᠷ ᠤᠨ ᠮᠢᠬᠠᠨ ᠤ ᠦᠬᠡᠷ ᠪᠤᠷᠳᠤᠬᠤ ᠪᠠᠷᠢᠮᠵᠢᠶᠠᠳᠤ ᠮᠠᠯᠵᠢᠯ ᠤᠨ ᠲᠠᠯᠠᠪᠠᠢ 1 ᠶᠢ ᠪᠠᠶᠢᠭᠤᠯᠵᠤ᠂ ᠡᠤ ᠹᠧᠩ | ᠺᠤᠮᠫᠠᠨᠢ ᠶᠢᠨ ᠮᠢᠬᠠᠨ ᠤ ᠦᠬᠡᠷ ᠡᠳ᠋ᠰᠢᠬᠦᠯᠦᠨ ᠪᠤᠯᠪᠠᠰᠤᠷᠠᠭᠤᠯᠬᠤ ᠲᠦᠷᠦᠯ ᠵᠦᠢᠯ ᠢ ᠠᠰᠢᠭᠯᠠᠯᠳᠠ ᠳᠤ | ᠤᠷᠤᠭᠤᠯᠤᠨ᠂ ᠦᠰᠭᠡᠨ ᠦᠷᠡᠵᠢᠬᠦᠯᠬᠦ᠂ ᠪᠤᠷᠳᠤᠨ ᠲᠠᠷᠭᠤᠯᠠᠭᠤᠯᠬᠤ᠂ ᠡᠳ᠋ᠰᠢᠬᠦᠯᠦᠨ ᠪᠤᠯᠪᠠᠰᠤᠷᠠᠭᠤᠯᠬᠤ ᠠᠵᠤ | ᠦᠢᠯᠡᠰ ᠤᠨ ᠨᠢᠬᠡ ᠴᠤᠭᠴᠠᠵᠢᠭᠰᠠᠨ ᠬᠦᠭᠵᠢᠯᠳᠡ ᠶᠢ ᠪᠡᠶᠡᠯᠡᠬᠦᠯᠦᠨ᠎ᠡ᠃ ᠪᠦᠬᠦ ᠵᠢᠯ ᠳᠤ᠂ ᠤᠷᠤᠨ ᠤ ᠲᠡᠰ ᠤᠨ | ᠲᠤᠯᠤᠭᠠᠶᠢᠯᠠᠭᠴᠢ ᠠᠵᠤ ᠠᠬᠤᠶᠢᠯᠠᠯ ᠢ 3 ᠡᠷᠦᠬᠡ ᠨᠡᠮᠡᠭᠳᠡᠬᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ 50 ᠂ ᠲᠦᠷᠢᠮᠵᠢᠭᠰᠡᠨ ᠲᠤᠰᠬᠠᠢ ᠬᠤᠷᠰᠢᠶᠠᠵᠢᠯ 9 ᠶᠢ ᠬᠢᠨᠠᠨ ᠲᠤᠭᠳᠠᠭᠠᠨ᠎ᠠ᠃ ᠤᠷᠤᠨ ᠨᠤᠳᠤᠭ ᠤᠨ | ᠨᠡᠷᠡᠳᠦ ᠲᠡᠮᠳᠡᠭ ᠢ ᠪᠦᠬᠦ ᠬᠦᠴᠦᠨ ᠢᠶᠠᠷ ᠡᠬᠦᠳᠴᠦ᠂ ᠲᠠᠷᠢᠶᠠᠯᠠᠩ ᠤᠨ ᠪᠦᠳᠦᠭᠡᠭᠳᠡᠬᠦᠨ ᠤ ᠭᠠᠵᠠᠷ ᠵᠦᠢ ᠶᠢᠨ | ᠲᠡᠮᠳᠡᠭ ᠢᠯᠡᠷᠭᠡᠶᠢᠯᠡᠯ ᠢᠶᠠᠷ ᠰᠢᠯᠭᠠᠨ ᠭᠡᠷᠡᠴᠢᠯᠡᠬᠦᠯᠬᠦ ᠲᠠᠯᠠᠪᠠᠢ 1᠂ ᠪᠤᠬᠢᠷᠳᠤᠯ ᠦᠬᠡᠢ ᠲᠠᠷᠢᠶᠠᠯᠠᠩ ᠤᠨ | ᠪᠦᠳᠦᠭᠡᠭᠳᠡᠬᠦᠨ ᠢᠶᠠᠷ ᠰᠢᠯᠭᠠᠨ ᠭᠡᠷᠡᠴᠢᠯᠡᠬᠦᠯᠬᠦ ᠲᠠᠯᠠᠪᠠᠢ 2 ᠶᠢ ᠰᠢᠨ᠎ᠡ ᠪᠠᠷ ᠪᠠᠶᠢᠭᠤᠯᠤᠨ᠎ᠠ᠃ ᠠᠵᠤ ᠦᠢᠯᠡᠳᠪᠦᠷᠢ | ᠶᠢᠨ ᠠᠵᠤ ᠠᠬᠤᠢ ᠶᠢᠨ ᠶᠠᠰᠤ ᠴᠢᠨᠠᠷ ᠢ ᠰᠠᠶᠢᠵᠢᠷᠠᠭᠤᠯᠵᠤ ᠦᠷ᠎ᠡ ᠠᠰᠢᠭ ᠢ ᠨᠡᠮᠡᠭᠳᠡᠬᠦᠯᠬᠦ ᠭᠡᠷᠡᠭᠳᠡᠢ᠃ | ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠤᠭᠳᠠᠭᠤᠨ ᠢᠶᠠᠷ ᠡᠷᠬᠢᠯᠳᠦᠬᠦ ᠶᠢ ᠴᠢᠩᠭᠠᠳᠬᠠᠵᠤ᠂ ᠭᠡᠪᠴᠢᠶᠡᠵᠢᠯ | ᠠᠴᠠ ᠲᠡᠭᠡᠭᠰᠢᠬᠢ ᠠᠵᠤ ᠠᠬᠤᠶᠢᠯᠠᠯ ᠢ 4 ᠡᠷᠦᠬᠡ ᠨᠡᠮᠡᠭᠳᠡᠬᠦᠯᠦᠨ᠂ ᠶᠡᠷᠦᠩᠬᠡᠢ ᠦᠢᠯᠡᠳᠪᠦᠷᠢᠯᠡᠯ ᠤᠨ ᠦᠷᠳᠡᠭ ᠢ | 20 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠲᠠᠯ᠎ᠠ ᠨᠤᠳᠤᠭ ᠺᠤᠮᠫᠠᠨᠢ ᠶᠢᠨ | ᠶᠡᠷᠦᠩᠬᠡᠶᠢᠯᠡᠭᠰᠡᠨ ᠠᠰᠠᠷ ᠪᠠ ᠠᠷᠢᠬᠢᠨ ᠵᠤᠭᠤᠷᠢ ᠶᠢ ᠠᠰᠢᠭᠯᠠᠯᠳᠠ ᠳᠤ ᠤᠷᠤᠭᠤᠯᠤᠨ᠂ ᠪᠦᠳᠦᠭᠡᠭᠳᠡᠬᠦᠨ ᠤᠨ | ᠶᠠᠰᠤ ᠴᠢᠨᠠᠷ ᠢ ᠪᠠᠳᠤᠯᠠᠵᠤ᠂ ᠵᠠᠬ᠎ᠠ ᠲᠡᠯᠬᠡᠬᠦᠷ ᠤᠨ ᠦᠷᠢᠰᠦᠯᠳᠦᠬᠦ ᠬᠦᠴᠦᠨ ᠪᠠ ᠡᠵᠡᠯᠡᠬᠦ ᠨᠤᠷᠮ᠎ᠠ ᠶᠢ | ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠩ ᠵᠢᠩ ᠶᠤᠸᠠᠨ ᠺᠤᠮᠫᠠᠨᠢ ᠪᠤᠯᠤᠨ ᠵᠢᠩ ᠯᠢᠶᠠᠩ ᠪᠦᠯᠦᠭᠯᠡᠯ ᠤᠨ | ᠬᠠᠮᠳᠤᠷᠠᠯᠴᠠᠭ᠎ᠠ ᠶᠢ ᠲᠦᠷᠭᠡᠳᠭᠡᠵᠦ᠂ ᠶᠠᠮᠠ ᠶᠢᠨ ᠲᠤᠰᠤᠨ ᠤ ᠠᠵᠤ ᠦᠢᠯᠡᠰ ᠤᠨ ᠬᠦᠴᠦᠷᠭᠡᠭᠵᠢᠨ ᠬᠦᠭᠵᠢᠬᠦ ᠶᠢ | ᠠᠬᠢᠭᠤᠯᠤᠨ᠎ᠠ᠃ ᠪᠠᠢ ᠬᠤᠢ ᠱᠧᠩ ᠰᠢᠬᠢᠷ ᠤᠨ ᠦᠢᠯᠡᠰ ᠢ ᠲᠡᠳᠬᠦᠵᠦ ᠦᠢᠯᠡᠳᠪᠦᠷᠢᠯᠡᠯ ᠢ ᠨᠢ ᠬᠦᠭᠵᠢᠬᠦᠯᠦᠨ᠂ | ᠦᠢᠯᠡᠴᠢᠯᠡᠭᠡ ᠶᠢ ᠨᠢ ᠴᠢᠨᠠᠷᠵᠢᠭᠤᠯᠵᠤ᠂ ᠭᠤᠤᠯᠯᠠᠭᠴᠢ ᠭᠠᠶᠢᠯᠢ ᠶᠢᠨ ᠢᠷᠡᠯᠳᠡ ᠶᠢ ᠪᠤᠢ ᠪᠤᠯᠭᠠᠨ᠎ᠠ᠃ ᠠᠵᠤ | ᠠᠬᠤᠶᠢᠯᠠᠯ ᠢ ᠬᠠᠪᠰᠤᠷᠤᠨ ᠲᠡᠦᠬᠡᠨ ᠦᠯᠡᠳᠡᠭᠳᠡᠯ ᠠᠰᠠᠭᠤᠳᠠᠯ ᠢ ᠨᠢ ᠲᠦᠷᠬᠡᠨ ᠰᠢᠢᠳᠪᠦᠷᠢᠯᠡᠵᠦ᠂ ᠵᠦᠩ ᠴᠧ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ᠴᠠᠭᠠᠰᠤ ᠰᠦᠯᠢᠶᠤᠤ ᠶᠢᠨ ᠠᠵᠤ ᠦᠢᠯᠡᠰ ᠤᠨ ᠲᠤᠭᠤᠷᠢᠭ ᠤᠨ ᠭᠡᠪᠴᠢᠶᠡᠵᠢᠵᠦ ᠡᠷᠴᠢᠮᠵᠢᠭᠰᠡᠨ ᠬᠦᠭᠵᠢᠯᠳᠡ | ᠠᠬᠢᠭᠤᠯᠵᠤ᠂ ᠬᠡᠯᠬᠢᠶᠡᠵᠢᠨ ᠬᠦᠭᠵᠢᠭᠰᠡᠨ ᠠᠵᠤ ᠦᠢᠯᠡᠰ ᠤᠨ ᠵᠢᠱᠢᠶ᠎ᠡ ᠦᠵᠡᠬᠦᠯᠬᠦ ᠤᠷᠤᠨ ᠢ ᠪᠠᠶᠢᠭᠤᠯᠤᠨ᠎ᠠ᠃ | 85 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠤᠤᠷ | ᠬᠤᠯᠪᠤᠵᠤ ᠴᠠᠬᠢᠯᠭᠠᠨ ᠡᠬᠦᠰᠭᠡᠨ᠂ ᠵᠠᠭᠤᠨ ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ | ᠪᠠᠶᠢᠭᠤᠯᠬᠤ ᠬᠠᠷᠠᠯᠳᠠ ᠶᠢ ᠪᠡᠶᠡᠯᠡᠬᠦᠯᠦᠨ᠎ᠡ᠃ ᠬᠠᠳᠠᠭᠤ ᠮᠠᠲ᠋ᠧᠷᠢᠶᠠᠯ ᠤᠨ ᠠᠵᠤ ᠦᠢᠯᠡᠰ ᠤᠨ ᠲᠤᠭᠤᠷᠢᠭ ᠤᠨ | ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠦ᠂ ᠵᠤᠬᠢᠶᠠᠮᠠᠯ ᠠᠯᠮᠠᠰ ᠴᠢᠯᠠᠭᠤᠨ ᠤ ᠦᠢᠯᠡᠳᠪᠦᠷᠢᠯᠡᠯ ᠢ ᠪᠦᠬᠦ ᠲᠠᠯ᠎ᠠ | ᠪᠠᠷ ᠠᠬᠢᠭᠤᠯᠤᠨ᠎ᠠ᠃ ᠺᠧ ᠲᠠᠢ ᠯᠦᠩ ᠳ᠋ᠠ ᠂ ᠱᠧᠩ ᠲᠠᠢ ᠡᠯ ᠵᠡᠷᠭᠡ ᠠᠵᠤ ᠠᠬᠤᠶᠢᠯᠠᠯ ᠤᠨ ᠲᠡᠭᠡᠳᠦ ᠰᠢᠨ᠎ᠡ | ᠮᠡᠷᠭᠡᠵᠢᠯ ᠤᠨ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ᠂ ᠡᠨᠡ ᠵᠢᠯ ᠳᠡᠭᠡᠨ ᠠᠰᠢᠭᠯᠠᠯᠳᠠ ᠳᠤ | ᠤᠷᠤᠭᠤᠯᠤᠨ᠎ᠠ᠃ ᠰᠧ ᠶᠢ ᠨᠠ ᠴᠠᠬᠢᠯᠭᠠᠨ ᠴᠡᠨᠡᠭ ᠦᠢᠯᠳᠪᠦᠷᠢᠯᠡᠬᠦ ᠲᠦᠷᠦᠯ ᠵᠦᠢᠯ ᠤᠨ ᠡᠷᠬᠢᠯᠳᠡ ᠳᠤ ᠤᠷᠤᠬᠤ | ᠶᠢ ᠠᠬᠢᠭᠤᠯᠵᠤ᠂ ᠨᠦᠬᠦᠴᠡᠯ ᠡᠬᠦᠳᠴᠦ ᠪᠠᠶᠢᠭᠠᠳ ᠳ᠋ᠧ ᠴᠢᠩ ᠶᠤᠸᠠᠨ ᠺᠤᠮᠫᠠᠨᠢ ᠶᠢᠨ ᠦᠨᠳᠡᠭᠡ ᠮᠢᠬᠠᠨ ᠤ | ᠦᠢᠯᠡᠳᠪᠦᠷᠢᠯᠡᠯ ᠤᠨ ᠲᠦᠷᠦᠯ ᠵᠦᠢᠯ ᠢ ᠠᠬᠢᠭᠤᠯᠤᠨ᠂ ᠲᠤᠮᠤ ᠳ᠋ᠠᠶᠢᠲ᠋ᠠ ᠶᠢᠨ ᠲᠦᠪ ᠢ ᠲᠡᠳᠬᠦᠵᠦ ᠮᠡᠷᠭᠡᠵᠢᠯ | ᠤᠨ ᠦᠬᠡᠷᠡᠴᠢᠯᠡᠯᠳᠡ ᠬᠢᠯᠬᠡᠨ᠎ᠡ᠃ 3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠤᠷᠤᠨ ᠲᠤᠭᠤᠷᠢᠭ | ᠤᠨ ᠤᠰᠤ ᠴᠠᠬᠢᠯᠭᠠᠨ ᠤ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠤᠨ᠎ᠠ᠃ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠷᠴᠢᠮ ᠢ | ᠴᠢᠩᠭᠠᠷᠠᠭᠤᠯᠤᠨ᠂ ᠨᠡᠩ ᠤᠯᠠᠨ ᠴᠢᠨᠠᠷ ᠰᠠᠶᠢᠳᠠᠢ ᠠᠵᠤ ᠠᠬᠤᠶᠢᠯᠠᠯ ᠢ ᠲᠠᠶᠢᠹᠤᠰᠧ ᠬᠤᠰᠢᠭᠤᠨ ᠳᠠᠭᠠᠨ ᠤᠷᠢᠨ | ᠤᠷᠤᠭᠤᠯᠤᠨ᠎ᠠ᠃ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠲᠦᠷᠭᠡᠨ ᠬᠦᠭᠵᠢᠬᠦ ᠶᠢ ᠠᠬᠢᠭᠤᠯᠬᠤ | ᠭᠡᠷᠡᠭᠳᠡᠢ᠃ ︽ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠱᠤᠭᠤᠮ︾ ᠤᠨ ᠨᠢᠬᠡᠳᠦᠭᠡᠷ ᠦᠷᠳᠡᠭᠡ᠂ | ᠬᠠᠭᠠᠨ ᠤ ᠠᠳᠤᠭᠤᠨ ᠵᠤᠰᠠᠭᠠᠯ ᠤᠨ ᠵᠢᠭᠤᠯᠴᠢᠯᠠᠭᠴᠢ ᠳᠤ ᠦᠢᠯᠡᠴᠢᠯᠡᠬᠦ ᠲᠦᠪ᠂ ᠦᠨᠳᠦᠰᠦᠳᠡᠨ ᠤ ᠤᠨᠴᠠᠯᠢᠭᠳᠤ | ᠠᠳᠤᠭᠤᠳᠤ ᠪᠠᠯᠭᠠᠰᠤᠨ ᠤ ᠲᠡᠰ ᠲᠡᠪᠰᠢᠬᠦᠯᠦᠯᠳᠡ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠨ | ᠠᠬᠢᠭᠤᠯᠵᠤ᠂ ᠲᠤᠮᠤ ᠬᠡᠯᠪᠡᠷᠢ ᠶᠢᠨ ᠵᠢᠭᠤᠯᠴᠢᠯᠠᠯ ᠤᠨ ᠦᠵᠡᠮᠵᠢᠳᠦ ᠤᠷᠤᠨ ᠤ ᠴᠢᠳᠠᠮᠵᠢ ᠶᠢ ᠤᠯᠠᠮ ᠨᠡᠮᠡᠭᠳᠡᠬᠦᠯᠦᠨ | ᠂ ᠦᠪᠡᠷᠳᠡᠭᠡᠨ ᠵᠠᠰᠠᠬᠤ ᠤᠷᠤᠨ ᠤ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠬᠤᠰᠢᠭᠤ | ᠪᠤᠯᠬᠤ ᠪᠠᠷ ᠴᠢᠷᠮᠠᠶᠢᠨ᠎ᠠ᠃ ᠤᠨᠴᠠᠯᠢᠭᠳᠤ ᠰᠤᠶᠤᠯ ᠵᠢᠭᠤᠯᠴᠢᠯᠠᠯ ᠤᠨ ᠡᠬᠢ ᠪᠠᠶᠠᠯᠢᠭ ᠲᠠᠭᠠᠨ ᠰᠠᠭᠤᠷᠢᠯᠠᠨ᠂ | ᠦᠵᠡᠮᠵᠢ ᠶᠢᠨ ᠵᠢᠭᠤᠯᠴᠢᠯᠠᠯ᠂ ᠰᠡᠯᠡᠬᠦᠴᠡᠯ ᠤᠨ ᠵᠢᠭᠤᠯᠴᠢᠯᠠᠯ᠂ ᠨᠠᠶᠢᠷ ᠨᠠᠭᠠᠳᠤᠮ ᠤᠨ ᠦᠵᠡᠬᠦᠯᠬᠡ᠂ ᠮᠤᠩᠭᠤᠯ | ᠡᠮᠨᠡᠯᠬᠡ ᠶᠢᠨ ᠰᠤᠪᠢᠯᠠᠯᠳᠠ ᠵᠡᠷᠭᠡ ᠵᠢᠭᠤᠯᠴᠢᠯᠠᠯ ᠤᠨ ᠰᠢᠨ᠎ᠡ ᠪᠦᠳᠦᠭᠡᠭᠳᠡᠬᠦᠨ ᠢ ᠨᠡᠭᠡᠭᠡᠵᠦ᠂ ᠲᠤᠬᠢᠷᠠᠮᠵᠢᠳᠠᠢ ᠴᠠᠭ | ᠲᠤ ᠲᠠᠯ᠎ᠠ ᠨᠤᠳᠤᠭ ᠤᠨ ᠨᠠᠭᠠᠳᠤᠮ᠂ ᠮᠦᠩᠬᠦᠨ ᠡᠪᠦᠯ ᠤᠨ ᠨᠠᠶᠢᠷ ᠵᠡᠷᠭᠡ ᠰᠤᠶᠤᠯ ᠤᠨ ᠬᠦᠳᠡᠯᠪᠦᠷᠢ ᠶᠢ | ᠡᠷᠬᠢᠯᠡᠨ ᠶᠠᠪᠤᠭᠳᠠᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠲᠠᠸᠠᠷ ᠬᠠᠳᠠᠭᠠᠯᠠᠵᠤ | ᠵᠦᠬᠡᠬᠡᠪᠦᠷᠢᠯᠡᠬᠦ ᠶᠡᠷᠦᠩᠬᠡᠶᠢᠯᠡᠭᠰᠡᠨ ᠠᠵᠤ ᠦᠢᠯᠡᠰ ᠤᠨ ᠲᠤᠭᠤᠷᠢᠭ᠂ ᠲᠠᠷᠢᠶᠠᠯᠠᠩ ᠤᠨ ᠤᠨᠴᠠ ᠭᠠᠷᠤᠯᠳᠠ | ᠦᠢᠯᠡᠳᠪᠦᠷᠢᠯᠡᠬᠦ ᠠᠵᠤ ᠦᠢᠯᠡᠰ ᠤᠨ ᠲᠤᠭᠤᠷᠢᠭ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ | ᠡᠯᠧᠺᠲᠷᠤᠨ ᠬᠤᠳᠠᠯᠳᠤᠭᠠᠨ ᠤ ᠨᠡᠶᠢᠳᠡ ᠶᠢᠨ ᠦᠢᠯᠡᠴᠢᠯᠡᠭᠡ᠂ ᠬᠠᠳᠠᠭᠠᠯᠠᠵᠤ ᠵᠦᠬᠡᠬᠡᠪᠦᠷᠢᠯᠡᠬᠦ᠂ ᠲᠦᠷᠭᠡᠨ | ᠲᠠᠮᠵᠢᠭᠤᠯᠬᠤ᠂ ᠦᠢᠯᠡᠳᠪᠦᠷᠢᠯᠡᠵᠦ ᠪᠤᠷᠤᠯᠠᠭᠤᠯᠬᠤ ᠶᠢ ᠨᠢᠬᠡᠳᠭᠡᠭᠰᠡᠨ ᠶᠡᠷᠦᠩᠬᠡᠶᠢᠯᠡᠭᠰᠡᠨ ᠦᠢᠯᠡᠴᠢᠯᠡᠬᠡᠨ ᠤ | ᠰᠢᠰᠲ᠋ᠧᠮᠵᠢ ᠶᠢ ᠪᠠᠶᠢᠭᠤᠯᠤᠨ᠎ᠠ᠃ ᠤᠨᠴᠠ ᠭᠠᠷᠤᠯᠳᠠ ᠶᠢᠨ ᠦᠢᠯᠡᠳᠪᠦᠷᠢᠯᠡᠯ ᠪᠤᠷᠤᠯᠠᠭᠤᠯᠭ᠎ᠠ ᠶᠢ ᠵᠤᠯᠭᠠᠯᠴᠠᠭᠤᠯᠬᠤ | ᠪᠠ ᠭᠡᠷᠡᠭᠯᠡᠭᠡ ᠪᠠᠷ ᠶᠠᠳᠠᠭᠤ ᠶᠢ ᠳᠡᠳᠬᠦᠬᠦ ᠶᠢ ᠠᠬᠢᠭᠤᠯᠵᠤ᠂ ᠦᠢᠯᠡᠴᠢᠯᠡᠬᠡᠨ ᠤ ᠦᠢᠯᠡᠰ ᠤᠨ ᠲᠡᠰ ᠲᠡᠪᠰᠢᠬᠦ | ᠠᠵᠢᠯ ᠢ ᠰᠠᠶᠢᠳᠤᠷ ᠠᠳᠬᠤᠨ᠎ᠠ᠃ ᠮᠦᠩᠬᠦᠨ ᠬᠦᠢᠯᠬᠡᠬᠡᠨ ᠤ ᠦᠢᠯᠡᠰ ᠤᠨ ᠠᠵᠤ ᠠᠬᠤᠢ ᠶᠢᠨ ᠬᠦᠭᠵᠢᠯᠳᠡ ᠳᠤ | ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠰᠢᠨ᠎ᠡ ᠬᠡᠯᠪᠡᠷᠢ | ᠶᠢᠨ ᠡᠵᠩᠨᠡᠯᠳᠡ ᠶᠢᠨ ᠭᠤᠤᠯ ᠴᠤᠭᠴᠠ ᠳᠤ ᠲᠡᠮᠵᠢᠯᠬᠡ ᠦᠵᠡᠬᠦᠯᠬᠦ ᠡᠷᠴᠢᠮ ᠢ ᠴᠢᠩᠭᠠᠷᠠᠭᠤᠯᠤᠨ᠂ ᠵᠢᠬᠡᠯᠡᠯᠬᠡ ᠶᠢᠨ | ᠭᠡᠪᠴᠢᠶ᠎ᠡ ᠶᠢ ᠬᠡᠮᠵᠢᠶ᠎ᠡ ᠶᠢ ᠶᠡᠬᠡᠰᠭᠡᠬᠦ ᠶᠢᠨ ᠬᠠᠮᠳᠤ᠂ ᠰᠢᠨ᠎ᠡ ᠪᠠᠷ ᠮᠠᠨᠳᠤᠭᠰᠠᠨ ᠦᠢᠯᠡᠴᠢᠯᠡᠬᠡᠨ ᠤ ᠦᠢᠯᠡᠰ ᠢ | ᠲᠦᠷᠭᠡᠨ ᠬᠦᠭᠵᠢᠬᠦᠯᠵᠦ᠂ ᠠᠷᠠᠳ ᠲᠦᠮᠡᠨ ᠬᠢᠭᠡᠳ ᠠᠵᠤ ᠠᠬᠤᠶᠢᠯᠠᠯ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠢᠨ᠎ᠡ ᠬᠡᠯᠪᠡᠷᠢ ᠶᠢᠨ ᠭᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠨ᠎ᠠ᠃ | ᠨᠠᠮ ᠤᠨ ᠲᠦᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ︽ᠨᠡᠩ ᠰᠠᠶᠢᠨ ᠬᠦᠭᠵᠢᠯᠳᠡ ᠶᠢᠨ | ᠤᠷᠴᠢᠨ ᠢ ᠡᠬᠦᠳᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠬᠡᠷᠡᠴᠢᠯᠡᠯᠳᠡ ᠬᠦᠭᠵᠢᠯᠳᠡ ᠶᠢ | ᠲᠡᠮᠵᠢᠬᠦ ᠲᠤᠬᠠᠢ ᠰᠠᠨᠠᠯ︾ ᠢ ᠬᠦᠨᠵᠡᠬᠡᠢ ᠲᠤᠤᠱᠯᠠᠭᠤᠯᠵᠤ᠂ ᠨᠡᠩ ᠶᠡᠭᠡ ᠭᠡᠪᠴᠢᠶᠡᠨ ᠤ ᠭᠠᠶᠢᠯᠢ ᠰᠦᠢᠳᠭᠡᠯ | ᠬᠠᠰᠤᠵᠤ ᠭᠡᠯᠳᠦᠷᠢᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠤ | ᠠᠮᠠᠯᠳᠠᠭᠰᠠᠨ ᠶᠠᠪᠤᠳᠠᠯ ᠢ ᠢᠳᠡᠪᠬᠢᠳᠡᠢ ᠪᠡᠶᠡᠯᠡᠬᠦᠯᠵᠦ᠂ ᠠᠵᠤ ᠠᠬᠤᠶᠢᠯᠠᠯ ᠤᠨ ᠬᠦᠭᠵᠢᠯᠳᠡ ᠪᠠᠨ ᠲᠦᠷᠭᠡᠳᠭᠡᠬᠦ | ᠢᠳᠡᠭᠡᠯ ᠢ ᠨᠢ ᠨᠡᠮᠡᠭᠳᠡᠬᠦᠯᠬᠦ ᠭᠡᠷᠡᠭᠳᠡᠢ᠃ ᠪᠠᠩᠬᠢ ᠠᠵᠤ ᠠᠬᠤᠶᠢᠯᠠᠯ ᠤᠨ ᠬᠠᠮᠳᠤᠷᠠᠯᠴᠠᠭᠠᠨ ᠤ ᠲᠠᠪᠴᠠᠩ ᠢ | ᠢᠳᠡᠪᠬᠢᠳᠡᠢ ᠪᠠᠶᠢᠭᠤᠯᠵᠤ᠂ ᠲᠤᠮᠳᠠ ᠪᠠᠭ᠎ᠠ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ | ᠠᠰᠠᠭᠤᠳᠠᠯ ᠢ ᠰᠢᠢᠳᠪᠦᠷᠢᠯᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ | ᠠᠬᠢᠭᠤᠯᠵᠤ᠂ ᠬᠢᠨᠠᠨ ᠵᠦᠪᠰᠢᠶᠡᠷᠡᠬᠦ ᠪᠠ ᠦᠢᠯᠡᠴᠢᠯᠡᠬᠦ ᠶᠠᠪᠤᠴᠠ ᠶᠢ ᠦᠷᠬᠦᠯᠵᠢᠯᠡᠨ ᠰᠢᠯᠢᠳᠡᠭᠵᠢᠬᠦᠯᠵᠦ᠂ ︽ | ᠬᠠᠮᠤᠭ ᠤᠯᠠᠨ ᠳᠠᠭᠠᠨ ᠨᠢᠬᠡ ᠤᠳᠠᠭ᠎ᠠ ᠬᠦᠶᠦᠬᠦ︾ ᠬᠡᠪ ᠤᠨ ᠪᠠᠶᠢᠳᠠᠯ ᠲᠠᠢ ᠪᠤᠯᠭᠠᠨ᠎ᠠ᠃ ᠬᠤᠰᠢᠭᠤ ᠱᠠᠳᠤᠨ ᠤ | ᠤᠳᠤᠷᠢᠳᠤᠯᠭ᠎ᠠ ᠨᠠᠷ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠴᠠᠬᠤ ᠲᠦᠷᠢᠮ ᠢ ᠦᠷᠬᠦᠯᠵᠢᠯᠡᠨ | ᠲᠡᠬᠦᠯᠳᠡᠷᠵᠢᠬᠦᠯᠵᠦ᠂ ︽ᠬᠠᠯᠠᠭᠤᠨ ᠲᠤᠳᠤᠨᠤᠰᠤᠭ᠂ ᠠᠷᠢᠭᠤᠨ ᠴᠢᠭᠡᠴᠢ︾ ᠰᠢᠨ᠎ᠡ ᠬᠡᠯᠪᠡᠷᠢ ᠶᠢᠨ ᠬᠠᠷᠢᠴᠠᠭ᠎ᠠ ᠶᠢ | ᠢᠳᠡᠪᠬᠢᠳᠡᠢ ᠪᠠᠶᠢᠭᠤᠯᠤᠨ᠂ ᠠᠵᠤ ᠠᠬᠤᠶᠢᠯᠠᠯ ᠤᠨ ᠬᠦᠭᠵᠢᠯᠳᠡ ᠳᠤ ︽ᠠᠰᠠᠷᠠᠭᠴᠢ ᠶᠢᠨ ᠬᠡᠯᠪᠡᠷᠢᠳᠦ︾ | ᠦᠢᠯᠡᠴᠢᠯᠡᠭᠡ ᠬᠠᠩᠭᠠᠬᠤ ᠭᠡᠷᠡᠭᠳᠡᠢ᠃ | ︵ᠭᠤᠷᠪᠠ︶ ᠬᠤᠳᠠ ᠬᠦᠳᠡᠭᠡ ᠶᠢᠨ ᠬᠦᠭᠵᠢᠯᠳᠡ ᠶᠢᠨ ᠲᠦᠪᠰᠢᠨ ᠢ ᠲᠡᠭᠡᠭᠰᠢᠯᠡᠬᠦᠯᠵᠦ᠂ ᠤᠷᠤᠰᠢᠨ | ᠰᠠᠭᠤᠷᠢᠰᠢᠬᠤ ᠳᠤ ᠲᠤᠬᠢᠷᠠᠮᠵᠢᠳᠠᠢ ᠦᠵᠡᠰᠬᠦᠯᠡᠩᠳᠦ ᠰᠠᠶᠢᠨ ᠬᠡᠷ ᠤᠷᠤᠨ ᠢ ᠪᠠᠶᠢᠭᠤᠯᠤᠨ᠎ᠠ᠃ ᠬᠤᠳᠠ ᠪᠠᠯᠭᠠᠰᠤᠨ | ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ᠤᠯᠤᠰ ᠤᠨ | ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠠᠬᠢᠴᠠ ᠶᠢ ᠲᠦᠷᠭᠡᠳᠬᠡᠨ᠂ ᠬᠤᠳᠠ | ᠬᠦᠳᠡᠭᠡ ᠶᠢᠨ ᠤᠷᠤᠨ ᠵᠠᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ ᠪᠠ ᠭᠤᠤᠯ ᠴᠢᠬᠤᠯᠠ ᠬᠦᠴᠦᠨ ᠵᠦᠢᠯ | ᠤᠨ ᠪᠦᠳᠦᠮᠵᠢᠳᠡᠢ ᠲᠤᠬᠢᠷᠠᠭᠤᠯᠭ᠎ᠠ ᠶᠢ ᠠᠬᠢᠭᠤᠯᠤᠨ᠎ᠠ᠃ ᠬᠤᠳᠠ ᠪᠠᠯᠭᠠᠰᠤᠨ ᠤ ︽ᠲᠦᠷᠪᠡᠵᠢᠬᠦᠯᠦᠯᠳᠡ︾ ᠶᠢᠨ | ᠲᠤᠳᠠᠭᠤᠳᠠᠯ ᠢ ᠨᠦᠬᠦᠪᠦᠷᠢᠯᠡᠵᠦ᠂ 3 ᠺᠢᠯᠤᠮᠧᠲᠷ ᠴᠠᠷᠳᠠᠮᠠᠯ ᠵᠠᠮ ᠢ ᠪᠠᠶᠢᠭᠤᠯᠤᠨ᠂ 1.2 ᠲᠦᠮᠡᠨ ᠬᠠᠪᠳᠠᠭᠠᠢ | ᠲᠦᠷᠪᠡᠯᠵᠢᠨ ᠮᠧᠲᠷ ᠵᠠᠮ ᠢ ᠬᠠᠳᠠᠭᠤᠷᠠᠭᠤᠯᠵᠤ᠂ 17.6 ᠺᠢᠯᠤᠮᠧᠲᠷ ᠭᠤᠤᠯ ᠵᠠᠮ ᠢ ᠲᠠᠪᠬᠤᠷᠯᠠᠨ ᠴᠡᠷᠳᠡᠵᠦ᠂ | 320 ᠵᠠᠮ ᠤᠨ ᠳ᠋ᠧᠩ ᠤᠭᠰᠠᠷᠠᠨ᠎ᠠ᠃ ᠠᠮᠢ ᠠᠬᠤᠢ ᠶᠢᠨ ᠤᠰᠤᠨ ᠤ ᠰᠢᠰᠲ᠋ᠧᠮ ᠤᠨ ᠴᠡᠴᠡᠷᠯᠢᠭ᠂ ᠦᠷᠳᠡᠭᠡᠨ ᠤ | ᠡᠮᠦᠨᠡᠬᠢ ᠠᠭᠤᠳᠠᠮ ᠲᠠᠯᠠᠪᠠᠢ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠡᠨᠡ | ᠵᠢᠯ ᠳᠡᠭᠡᠨ ᠠᠰᠢᠭᠯᠠᠯᠳᠠ ᠳᠤ ᠤᠷᠤᠭᠤᠯᠤᠨ᠎ᠠ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ ᠤᠨ | ᠪᠠᠶᠢᠭᠤᠯᠤᠯᠳᠠ ᠶᠢ ᠡᠬᠢᠯᠡᠵᠦ᠂ ᠬᠤᠳᠠ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠪᠠᠷᠢᠮᠵᠢᠶ᠎ᠠ ᠲᠡᠭᠡᠭᠰᠢᠯᠡᠬᠦᠯᠦᠯᠳᠡ ᠂ ᠢᠯᠴᠢ ᠬᠠᠩᠭᠠᠬᠤ ᠲᠤᠤᠷ ᠬᠤᠭᠤᠯᠠᠢ ᠶᠢᠨ ᠦᠬᠡᠷᠡᠴᠢᠯᠡᠯᠳᠡ᠂ ᠤᠷᠤᠨ | ᠲᠤᠭᠤᠷᠢᠭ ᠤᠨ ᠲᠦᠪᠯᠡᠷᠡᠭᠰᠡᠨ ᠢᠯᠴᠢ ᠬᠠᠩᠭᠠᠯᠭ᠎ᠠ ᠵᠡᠷᠭᠡ ᠢᠨᠵᠧᠨᠧᠷᠢᠩ ᠢ ᠪᠡᠶᠡᠯᠡᠬᠦᠯᠵᠦ᠂ 10.5 ᠺᠢᠯᠤᠮᠧᠲᠷ | ᠤᠰᠤ ᠬᠠᠩᠭᠠᠬᠤ ᠬᠤᠭᠤᠯᠠᠢ ᠶᠢ ᠰᠢᠨ᠎ᠡ ᠪᠠᠷ ᠤᠭᠰᠠᠷᠠᠬᠤ ᠪᠠ ᠵᠠᠰᠠᠨ ᠰᠠᠶᠢᠵᠢᠷᠠᠭᠤᠯᠵᠤ᠂ ᠪᠤᠷᠤᠭᠠᠨ ᠤ ᠤᠰᠤ | ᠤᠷᠤᠰᠬᠠᠬᠤ ᠬᠤᠭᠤᠯᠠᠢ 15.1 ᠺᠢᠯᠤᠮᠧᠲᠷ᠂ ᠪᠤᠬᠢᠷ ᠤᠰᠤᠨ ᠤ ᠬᠤᠭᠤᠯᠠᠢ 15 ᠺᠢᠯᠤᠮᠧᠲᠷ᠂ ᠢᠯᠴᠢ | ᠬᠠᠩᠭᠠᠬᠤ ᠬᠤᠭᠤᠯᠠᠢ 13.4 ᠺᠢᠯᠤᠮᠧᠲᠷ ᠤᠭᠰᠠᠷᠠᠨ᠂ 6 ᠰᠠᠭᠤᠷᠢ ᠢᠯᠴᠢ ᠰᠤᠯᠢᠭᠳᠠᠭᠤᠯᠬᠤ ᠦᠷᠳᠡᠭᠡ ᠳᠤ | ᠦᠬᠡᠷᠡᠴᠢᠯᠡᠯᠳᠡ ᠬᠢᠨ᠎ᠡ᠃ 175 ᠡᠷᠦᠬᠡ ᠶᠢᠨ ᠬᠠᠭᠤᠴᠢᠨ ᠪᠠᠶᠢᠰᠢᠩ ᠪᠠ 6 ᠰᠠᠭᠤᠷᠢ ᠬᠠᠭᠤᠴᠢᠨ | ᠰᠠᠭᠤᠭᠠᠯᠢ ᠲᠤᠭᠤᠷᠢᠭ ᠲᠤ ᠦᠬᠡᠷᠡᠴᠢᠯᠡᠯᠳᠡ ᠬᠢᠬᠦ ᠠᠵᠢᠯ ᠢ ᠪᠡᠶᠡᠯᠡᠬᠦᠯᠦᠨ᠎ᠡ᠃ ᠦᠯᠦ ᠬᠦᠳᠡᠯᠬᠦ ᠬᠦᠷᠦᠩᠬᠡ ᠶᠢᠨ | ᠲᠠᠩᠰᠠᠯᠠᠯ ᠤᠨ ᠦᠯᠡᠳᠡᠭᠳᠡᠯ ᠠᠰᠠᠭᠤᠳᠠᠯ ᠢ ᠵᠤᠬᠢᠰᠳᠠᠢ ᠰᠢᠢᠳᠪᠦᠷᠢᠯᠡᠵᠦ᠂ ᠰᠠᠭᠤᠭᠠᠯᠢ ᠲᠤᠭᠤᠷᠢᠭ ᠤᠨ | ᠦᠢᠯᠡᠴᠢᠯᠡᠭᠡ ᠬᠠᠮᠢᠶᠠᠷᠤᠯᠳᠠ ᠶᠢᠨ ᠴᠢᠨᠠᠷ ᠢ ᠰᠠᠶᠢᠵᠢᠷᠠᠭᠤᠯᠬᠤ ᠲᠤᠰᠬᠠᠢ ᠲᠦᠷᠦᠯ ᠤᠨ ᠠᠵᠢᠯᠯᠠᠭ᠎ᠠ ᠶᠢ ᠢᠳᠡᠪᠬᠢᠳᠡᠢ | ᠦᠷᠨᠢᠬᠦᠯᠦᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ | ᠶᠠᠪᠤᠭᠳᠠᠭᠤᠯᠬᠤ ᠭᠡᠷᠡᠭᠳᠡᠢ᠃ ᠤᠯᠠᠨ ᠲᠦᠯᠦᠪᠵᠢᠬᠦᠯᠬᠡ ᠶᠢ ᠨᠢᠬᠡᠳᠭᠡᠭᠰᠡᠨ ᠭᠡᠷᠡᠭᠯᠡᠬᠦᠨ ᠰᠠᠶᠢᠳᠠᠢ ᠬᠤᠳᠠ ᠤᠰᠤᠨ | ᠤ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠡᠬᠢ ᠪᠠᠶᠠᠯᠢᠭ ᠪᠠ ᠭᠤᠤᠯ ᠬᠦᠴᠦᠨ | ᠵᠦᠢᠯ ᠤᠨ ᠲᠦᠪᠯᠡᠷᠡᠯ ᠢ ᠠᠬᠢᠭᠤᠯᠤᠨ᠎ᠠ᠃ ᠬᠦᠳᠡᠭᠡ ᠲᠤᠰᠬᠤᠨ ᠤ ᠬᠤᠭ ᠨᠤᠪᠰᠢ ᠶᠢ ᠰᠢᠢᠳᠪᠦᠷᠢᠯᠡᠬᠦ᠂ ᠪᠤᠬᠢᠷ | ᠤᠰᠤ ᠶᠢ ᠵᠠᠰᠠᠬᠤ᠂ ᠵᠤᠷᠯᠤᠩ ᠤᠨ ᠦᠬᠡᠷᠡᠴᠢᠯᠡᠯᠳᠡ ᠵᠢᠴᠢ ᠬᠤᠳᠠ ᠤᠰᠤᠨ ᠤ ᠦᠩᠬᠡ ᠲᠦᠷᠬᠦ ᠶᠢ | ᠰᠠᠶᠢᠵᠢᠷᠠᠭᠤᠯᠬᠤ ᠪᠠᠷ ᠭᠤᠤᠯ ᠰᠢᠪᠳᠤᠯᠬᠤ ᠴᠢᠭᠯᠡᠯ ᠪᠤᠯᠭᠠᠵᠤ᠂ ︽ᠭᠤᠷᠪᠠ ᠶᠢ ᠴᠡᠭᠴᠡᠯᠡᠨ ᠨᠢᠬᠡ ᠶᠢ ᠦᠬᠡᠷᠡᠴᠢᠯᠡᠬᠦ | ︾ ᠪᠠ ᠨᠤᠭᠤᠭᠠᠷᠠᠭᠤᠯᠵᠤ ᠭᠤᠶᠤᠵᠢᠭᠤᠯᠬᠤ ᠠᠵᠢᠯ ᠢ ᠢᠳᠡᠪᠬᠢᠳᠡᠢ ᠦᠷᠨᠢᠬᠦᠯᠦᠨ᠂ ᠠᠷᠢᠭᠤᠨ ᠴᠡᠪᠡᠷ | ᠵᠤᠷᠯᠤᠩ ᠤᠨ ᠲᠦᠬᠡᠮᠡᠯᠵᠢᠯ ᠢ 10% ᠠᠴᠠ ᠲᠡᠭᠡᠭᠰᠢ ᠪᠤᠯᠭᠠᠨ᠎ᠠ᠃ ᠬᠦᠳᠡᠭᠡ ᠲᠤᠰᠬᠤᠨ ᠤ ᠭᠠᠵᠠᠷ ᠰᠢᠷᠤᠢ | ᠶᠢᠨ ︽ᠭᠤᠷᠪᠠᠨ ᠡᠷᠭᠡ ᠶᠢ ᠰᠠᠯᠭᠠᠬᠤ︾ ᠦᠬᠡᠷᠡᠴᠢᠯᠡᠯᠳᠡ ᠶᠢᠨ ᠦᠷ᠎ᠡ ᠪᠦᠳᠦᠮᠵᠢ ᠶᠢ ᠪᠠᠬᠢᠵᠢᠬᠦᠯᠦᠨ᠂ ᠭᠠᠴᠠᠭ᠎ᠠ | ᠲᠤᠰᠬᠤᠨ ᠤ ︽ᠡᠳ᠋ ᠬᠦᠷᠦᠩᠬᠡ᠂ ᠡᠬᠢ ᠪᠠᠶᠠᠯᠢᠭ᠂ ᠪᠡᠯᠡ ᠮᠦᠩᠬᠦ︾ ᠶᠢᠨ ᠬᠠᠮᠢᠶᠠᠷᠤᠯᠳᠠ ᠶᠢ ᠲᠦᠷᠢᠮᠵᠢᠬᠦᠯᠵᠦ᠂ | ᠬᠤᠰᠢᠭᠤ ᠰᠤᠮᠤ ᠭᠠᠴᠠᠭ᠎ᠠ ᠭᠤᠷᠪᠠᠨ ᠱᠠᠳᠤᠨ ᠤ ᠦᠮᠴᠢᠯᠡᠯ ᠤᠨ ᠡᠷᠭᠡ ᠶᠢᠨ ᠰᠤᠯᠢᠯᠴᠠᠭᠠᠨ ᠤ ᠲᠠᠪᠴᠠᠩ ᠢ | ᠪᠠᠶᠢᠭᠤᠯᠵᠤ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠤ ᠤᠷᠤᠨ ᠰᠠᠭᠤᠴᠠ ᠶᠢᠨ ᠭᠠᠵᠠᠷ | ᠪᠠ ᠬᠠᠮᠳᠤ ᠶᠢᠨ ᠪᠦᠳᠦᠬᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠤᠨ ᠲᠠᠩᠰᠠᠯᠠᠬᠤ ᠠᠵᠢᠯ ᠢ ᠪᠦᠬᠦ ᠲᠠᠯ᠎ᠠ ᠪᠠᠷ | ᠶᠠᠪᠤᠭᠳᠠᠭᠤᠯᠵᠤ᠂ ᠤᠯᠠᠨ ᠲᠦᠮᠡᠨ ᠤ ᠡᠷᠭᠡ ᠠᠰᠢᠭ ᠢ ᠦᠨᠡᠨᠬᠦ ᠬᠠᠮᠠᠭᠠᠯᠠᠬᠤ ᠶᠢᠨ ᠬᠠᠮᠳᠤ᠂ ᠲᠤᠰᠬᠤᠨ ᠤ | ᠲᠦᠷᠢᠮ ᠢᠷᠭᠡᠳ ᠤᠨ ᠰᠠᠬᠢᠯᠭ᠎ᠠ ᠶᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠤᠯᠠᠨ ᠲᠦᠮᠡᠨ ᠢ ᠵᠢᠯᠤᠭᠤᠳᠤᠨ ᠭᠡᠪ | ᠵᠠᠩᠰᠢᠯ ᠢ ᠦᠬᠡᠷᠡᠴᠢᠯᠡᠨ ᠰᠠᠶᠢᠵᠢᠷᠠᠭᠤᠯᠵᠤ᠂ ᠦᠵᠡᠰᠬᠦᠯᠡᠩᠳᠦ ᠰᠠᠶᠢᠬᠠᠨ ᠭᠡᠷ ᠤᠷᠤᠨ ᠢ ᠪᠠᠶᠢᠭᠤᠯᠤᠨ᠎ᠠ᠃ | ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ ᠲᠦᠷᠭᠡᠨ ᠲᠡᠬᠦᠯᠳᠡᠷᠵᠢᠬᠦᠯᠬᠦ ᠭᠡᠷᠡᠭᠳᠡᠢ᠃ ︽ᠲᠦᠷᠪᠡᠨ | ᠰᠠᠶᠢᠨᠳᠠᠢ ᠬᠦᠳᠡᠭᠡ ᠶᠢᠨ ᠵᠠᠮ︾ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ | ᠤᠷᠤᠨ ᠤ 51.9 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠤᠨ᠎ᠠ᠃ | ︽304︾ ᠱᠤᠭᠤᠮ ᠤᠨ ᠪᠡᠯᠡᠳᠭᠡᠯ ᠠᠵᠢᠯ ᠢ ᠲᠦᠷᠭᠡᠳᠭᠡᠨ᠂ ᠲᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠬᠦ | ᠶᠢ ᠪᠠᠳᠤᠯᠠᠨ᠂ ᠲᠡᠮᠦᠷ ᠵᠠᠮ ᠤᠨ ᠪᠡᠯᠡᠳᠭᠡᠯ ᠠᠵᠢᠯ ᠢ ᠵᠤᠬᠢᠴᠠᠭᠤᠯᠤᠨ ᠠᠬᠢᠭᠤᠯᠵᠤ᠂ ᠡᠨᠡ ᠵᠢᠯ ᠪᠠᠷᠢᠯᠭ᠎ᠠ | ᠡᠬᠢᠯᠡᠬᠦᠯᠬᠦ ᠪᠠᠷ ᠴᠢᠷᠮᠠᠶᠢᠨ᠎ᠠ᠃ ᠬᠤᠳᠠ ᠬᠦᠳᠡᠭᠡ ᠶᠢᠨ ᠨᠡᠶᠢᠳᠡ ᠶᠢᠨ ᠵᠠᠮ ᠨᠡᠪᠳᠡᠷᠡᠯᠬᠡ ᠶᠢᠨ ᠨᠢᠬᠡ | ᠴᠤᠭᠴᠠᠵᠢᠭᠰᠠᠨ ᠪᠠᠶᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠵᠤ᠂ ᠰᠢᠯᠢ ᠶᠢᠨ ᠭᠤᠤᠯ ᠠᠶᠢᠮᠠᠭ ᠤᠨ ᠡᠮᠦᠨ᠎ᠡ | ᠭᠡᠰᠡᠭ ᠲᠠᠬᠢ ᠨᠡᠶᠢᠳᠡ ᠶᠢᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠤᠷᠤᠨ ᠢ ᠪᠠᠶᠢᠭᠤᠯᠤᠨ᠎ᠠ᠃ 45 ᠬᠤᠳᠠ | ᠤᠰᠤᠨ ᠳᠤ ᠴᠡᠪᠡᠷ ᠲᠤᠩᠭᠠᠯᠠᠭ ᠤᠤᠭᠤᠬᠤ ᠤᠰᠤᠨ ᠤ ᠪᠠᠬᠢᠵᠢᠬᠦᠯᠦᠨ ᠰᠠᠶᠢᠵᠢᠷᠠᠭᠤᠯᠬᠤ ᠢᠨᠵᠧᠨᠧᠷᠢᠩ ᠢ | ᠭᠡᠷᠡᠭᠵᠢᠬᠦᠯᠵᠦ᠂ 40 ᠬᠠᠪᠳᠠᠭᠠᠢ ᠲᠦᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠳᠠ ᠶᠢ ᠬᠢᠨ᠎ᠡ᠃ | 110 ᠺᠢᠯᠤᠸᠤᠯᠲ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 2 ᠢ ᠪᠠᠶᠢᠭᠤᠯᠤᠨ᠂ 10 | ᠺᠢᠯᠤᠸᠤᠯᠲ ᠪᠠ ᠲᠡᠬᠦᠨ ᠠᠴᠠ ᠪᠠᠭ᠎ᠠ ᠬᠦᠴᠦᠳᠡᠯᠳᠦ ᠴᠠᠬᠢᠯᠭᠠᠨ ᠱᠤᠭᠤᠮ ᠢ 64 ᠺᠢᠯᠤᠮᠧᠲᠷ ᠤᠭᠰᠠᠷᠠᠵᠤ᠂ 4. | 4 ᠲᠦᠮᠡᠨ ᠬᠠᠭᠤᠴᠢᠨ ᠴᠠᠬᠢᠯᠭᠠᠨ ᠬᠡᠮᠵᠢᠬᠦᠷ ᠢ ᠰᠤᠯᠢᠵᠤ ᠰᠢᠨᠡᠳᠭᠡᠨ᠎ᠡ᠃ ᠡᠬᠦᠨ ᠤ ᠬᠠᠮᠳᠤ᠂ 5G | ᠰᠦᠯᠵᠢᠶᠡᠨ ᠤ ᠪᠠᠶᠢᠭᠤᠯᠤᠯᠳᠠ ᠶᠢ ᠲᠦᠷᠭᠡᠳᠭᠡᠵᠦ᠂ ᠲᠤᠭᠠᠴᠢᠯᠠᠭᠰᠠᠨ ᠠᠵᠤ ᠠᠬᠤᠢ ᠶᠢᠨ ᠬᠦᠭᠵᠢᠯᠳᠡ ᠶᠢ | ᠲᠦᠯᠬᠢᠨ ᠠᠬᠢᠭᠤᠯᠤᠨ᠎ᠠ᠃ | ︵ᠲᠦᠷᠪᠡ︶ ᠠᠷᠠᠳ ᠤᠨ ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠵᠤ᠂ ᠬᠦᠭᠵᠢᠯᠳᠡ ᠶᠢᠨ ᠦᠷ᠎ᠡ | ᠪᠦᠳᠦᠬᠡᠯ ᠢ ᠠᠷᠠᠳ ᠲᠦᠮᠡᠨ ᠳᠤ ᠡᠳ᠋ᠯᠡᠬᠦᠯᠦᠨ᠎ᠡ ᠃ ᠠᠵᠢᠯ ᠤᠯᠭᠤᠯᠳᠠ ᠪᠠ ᠨᠡᠶᠢᠬᠡᠮ ᠤᠨ ᠪᠠᠳᠤᠯᠠᠭᠠᠨ ᠤ | ᠰᠢᠰᠲ᠋ᠧᠮᠵᠢ ᠶᠢ ᠪᠦᠷᠢᠨᠰᠢᠬᠦᠯᠦᠨ ᠲᠡᠬᠦᠯᠳᠡᠷᠵᠢᠬᠦᠯᠬᠦ ᠭᠡᠷᠡᠭᠳᠡᠢ᠃ ᠠᠵᠢᠯ ᠤᠨ ᠪᠠᠶᠢᠷᠢ 10500 ᠶᠢ ᠡᠯᠰᠡᠨ | ᠨᠡᠬᠡᠬᠡᠵᠦ᠂ ᠬᠤᠳᠠ ᠪᠠᠯᠭᠠᠰᠤᠨ ᠤ 1000 ᠬᠦᠮᠦᠨ ᠳᠤ ᠠᠵᠢᠯ ᠤᠯᠭᠤᠨ ᠂ ᠲᠠᠩᠰᠠᠯᠠᠭᠤᠯᠤᠭᠰᠠᠨ ᠠᠵᠢᠯ | ᠠᠯᠳᠠᠬᠤ ᠨᠤᠷᠮ᠎ᠠ ᠶᠢ 3.1% ᠲᠤᠳᠤᠷ᠎ᠠ ᠬᠢᠵᠠᠭᠠᠷᠯᠠᠨ᠎ᠠ᠃ 1500 ᠲᠦᠮᠡᠨ ᠲᠦᠬᠦᠷᠢᠭ ᠤᠨ ᠦᠢᠯᠡᠰ | ᠪᠦᠳᠦᠬᠡᠬᠦ ᠪᠠᠳᠤᠯᠠᠭᠠᠳᠤ ᠵᠢᠬᠡᠯᠡᠯᠬᠡ ᠲᠠᠷᠬᠠᠭᠠᠵᠤ᠂ ᠤᠯᠠᠨ ᠨᠡᠶᠢᠳᠡ ᠶᠢᠨ ᠲᠠᠳᠤᠯᠭ᠎ᠠ ᠶᠢᠨ ᠰᠠᠭᠤᠷᠢᠨ ᠤ ᠭᠤᠤᠯ | ᠴᠤᠭᠴᠠ ᠶᠢᠨ ᠪᠠᠷᠢᠯᠭ᠎ᠠ ᠶᠢ ᠡᠨᠡ ᠵᠢᠯ ᠲᠠᠭᠤᠰᠬᠠᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ | ᠨᠡᠶᠢᠬᠡᠮ ᠤᠨ ᠲᠤᠰᠠᠯᠠᠮᠵᠢ᠂ ᠠᠰᠠᠷᠠᠮᠵᠢ ᠬᠠᠷᠠᠭᠠᠯᠵᠠᠯ ᠤᠨ ᠲᠦᠷᠢᠮ ᠢ ᠲᠡᠬᠦᠯᠳᠡᠷᠵᠢᠬᠦᠯᠵᠦ᠂ ︽ᠪᠠᠳᠤᠯᠠᠬᠤ | ᠵᠤᠬᠢᠰᠳᠠᠢ ᠶᠢ ᠪᠦᠬᠦᠳᠡ ᠶᠢ ᠪᠠᠳᠤᠯᠠᠨ᠂ ᠲᠤᠰᠠᠯᠠᠬᠤ ᠵᠤᠬᠢᠰᠳᠠᠢ ᠶᠢ ᠪᠦᠬᠦᠳᠡ ᠶᠢ ᠲᠤᠰᠠᠯᠠᠨ᠎ᠠ︾ ᠃ ᠨᠡᠶᠢᠬᠡᠮ | ᠲᠤᠭᠤᠷᠢᠭ ᠤᠨ ᠦᠢᠯᠡᠴᠢᠯᠡᠬᠡᠨ ᠤ ᠠᠴᠢᠶᠠᠯᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠵᠤ᠂ ᠰᠢᠨ ᠬᠤᠸᠠ | ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ | ᠤᠷᠤᠭᠤᠯᠤᠨ᠎ᠠ᠃ ᠤᠷᠤᠰᠢᠭᠤᠯᠭ᠎ᠠ ᠶᠢᠨ ᠦᠢᠯᠡᠴᠢᠯᠡᠬᠡᠨ ᠤ ᠲᠦᠪ ᠪᠠ ᠨᠡᠶᠢᠳᠡ ᠶᠢᠨ ᠤᠩᠭᠤᠨ ᠤ | ᠪᠠᠶᠢᠭᠤᠯᠤᠯᠳᠠ ᠶᠢ ᠲᠦᠷᠭᠡᠳᠭᠡᠵᠦ᠂ ᠭᠠᠵᠠᠷ ᠲᠤ ᠭᠠᠮᠳᠠᠢ ᠪᠤᠯᠪᠠᠰᠤᠨ ᠤᠷᠤᠰᠢᠭᠤᠯᠭ᠎ᠠ ᠶᠢ ᠪᠦᠬᠦ ᠬᠦᠴᠦᠨ | ᠢᠶᠠᠷ ᠭᠡᠷᠡᠭᠵᠢᠬᠦᠯᠵᠦ᠂ ᠠᠳᠡ ᠲᠡᠨᠳᠡ ᠡᠷᠦᠢ ᠬᠤᠷᠤᠢ ᠦᠬᠡᠢ ᠪᠤᠯᠠᠰᠢ ᠪᠤᠰᠬᠠᠬᠤ ᠶᠢ ᠴᠢᠩᠭ᠎ᠠ ᠴᠡᠭᠴᠡᠯᠡᠨ᠎ᠡ᠃ | ᠨᠡᠶᠢᠬᠡᠮ ᠤᠨ ᠦᠢᠯᠡᠰ ᠢ ᠨᠢᠬᠡᠳᠦᠯᠳᠡᠢ ᠲᠦᠯᠦᠪᠯᠡᠨ ᠪᠦᠬᠦ ᠲᠠᠯ᠎ᠠ ᠪᠠᠷ ᠬᠦᠭᠵᠢᠬᠦᠯᠬᠦ ᠭᠡᠷᠡᠭᠳᠡᠢ᠃ ᠠᠯᠪᠠᠨ ᠵᠢᠷᠤᠮ | ᠤᠨ ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢᠨ ᠦᠷ᠎ᠡ ᠪᠦᠳᠦᠮᠵᠢ ᠶᠢ ᠪᠠᠳᠤᠳᠬᠠᠨ | ᠲᠡᠭᠡᠭᠰᠢᠯᠡᠬᠦᠯᠵᠦ᠂ ᠬᠢᠴᠢᠶᠡᠯ ᠤᠨ ᠲᠢᠩᠬᠢᠮ ᠤᠨ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ | ᠂ ᠨᠢᠬᠡᠳᠦᠭᠡᠷ ᠹᠠᠷᠤᠨᠲ ᠳᠤ ᠲᠤᠳᠠᠭᠳᠠᠵᠤ ᠪᠠᠶᠢᠭ᠎ᠠ ᠪᠠᠭᠰᠢ ᠨᠠᠷ ᠢ ᠡᠯᠰᠡᠨ ᠭᠡᠷᠡᠭᠯᠡᠵᠦ᠂ ᠵᠢᠭᠠᠨ ᠰᠤᠷᠭᠠᠯᠳᠠ ᠶᠢᠨ | ᠶᠠᠰᠤ ᠴᠢᠨᠠᠷ ᠢ ᠦᠨᠡᠨᠬᠦ ᠲᠡᠭᠡᠭᠰᠢᠯᠡᠬᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠤᠨ | ᠶᠡᠷᠦᠩᠬᠡᠶᠢᠯᠡᠭᠰᠡᠨ ᠠᠰᠠᠷ᠂ ᠮᠤᠩᠭᠤᠯ ᠦᠨᠳᠦᠰᠦᠳᠡᠨ ᠤ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠪᠤᠯᠤᠨ | ᠬᠤᠰᠢᠭᠤᠨ ᠤ ᠬᠤᠶᠠᠳᠤᠭᠠᠷ ᠴᠡᠴᠡᠷᠯᠢᠭ᠂ ᠴᠧᠩ ᠪᠸᠢ ᠴᠡᠴᠡᠷᠯᠢᠭ ᠢ ᠡᠨᠡ ᠵᠢᠯ ᠠᠰᠢᠭᠯᠠᠯᠳᠠ ᠳᠤ ᠤᠷᠤᠭᠤᠯᠤᠨ᠎ᠠ᠃ | ᠭᠤᠷᠪᠠᠳᠤᠭᠠᠷ ᠴᠡᠴᠡᠷᠯᠢᠭ ᠢ ᠪᠠᠶᠢᠭᠤᠯᠬᠤ ᠲᠦᠯᠦᠪᠯᠡᠭᠡ ᠶᠢ ᠬᠢᠵᠦ᠂ ᠲᠦᠬᠡᠮᠡᠯ ᠬᠠᠷᠠᠭᠠᠯᠵᠠᠯᠳᠤ ᠴᠢᠨᠠᠷᠳᠠᠢ | ᠴᠡᠴᠡᠷᠯᠢᠭ ᠤᠨ ᠪᠦᠷᠬᠦᠴᠡ ᠶᠢ 85% ᠳᠤ ᠬᠦᠷᠭᠡᠬᠦ ᠪᠠᠷ ᠴᠢᠷᠮᠠᠶᠢᠨ᠎ᠠ᠃ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠢ ᠬᠦᠭᠵᠢᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠭᠡᠷᠡᠭᠵᠢᠬᠦᠯᠵᠦ᠂ ᠲᠠᠶᠢᠹᠤᠰᠧ | ᠬᠤᠰᠢᠭᠤᠨ ᠤ ᠬᠦᠭᠵᠢᠯᠳᠡ ᠶᠢᠨ ᠪᠤᠳᠠᠳᠠᠢ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠰᠢᠰᠲ᠋ᠧᠮᠵᠢ ᠶᠢ ᠲᠠᠬᠢᠨ ᠴᠤᠭᠴᠠᠯᠠᠨ᠎ᠠ᠃ ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ ᠪᠠᠷ ᠭᠤᠤᠯᠳᠠᠯᠭ᠎ᠠ | ᠪᠤᠯᠭᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠴᠢᠨᠠᠷᠳᠠᠢ | ᠠᠷᠭ᠎ᠠ ᠠᠪᠴᠢᠯ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠳᠤ᠂ ᠬᠤᠯᠤᠭᠠᠨ᠎ᠠ ᠶᠢᠨ ᠬᠢᠵᠢᠭ ᠰᠡᠷᠭᠡᠶᠢᠯᠡᠨ | ᠰᠡᠷᠭᠡᠶᠢᠯᠡᠬᠦ ᠠᠵᠢᠯ ᠢ ᠴᠢᠩᠭᠠᠳᠬᠠᠨ᠂ ᠡᠯ᠎ᠡ ᠲᠦᠷᠦᠯ ᠤᠨ ᠶᠡᠷᠦᠩᠬᠡᠶᠢᠯᠡᠭᠰᠡᠨ ᠴᠢᠨᠠᠷᠳᠠᠢ ᠠᠷᠭ᠎ᠠ ᠪᠠᠷᠢᠯ ᠢ ᠴᠢᠩᠭ᠎ᠠ | ᠨᠠᠶᠢᠳᠠᠪᠤᠷᠢᠵᠢᠭᠤᠯᠬᠤ ᠭᠡᠷᠡᠭᠳᠡᠢ᠃ ᠱᠠᠳᠤ ᠬᠤᠪᠢᠶᠠᠵᠤ ᠡᠮᠴᠢᠯᠡᠬᠦ ᠲᠦᠷᠢᠮ ᠪᠤᠯᠤᠨ ᠤᠷᠢᠳᠴᠢᠯᠠᠨ ᠪᠠᠶᠢᠴᠠᠭᠠᠵᠤ | ᠰᠠᠯᠭᠠᠨ ᠡᠮᠴᠢᠯᠡᠬᠦ ᠲᠦᠷᠢᠮ ᠢ ᠲᠡᠬᠦᠯᠳᠡᠷᠵᠢᠬᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠡᠩᠨᠡᠬᠡᠨ ᠤ | ᠪᠠᠶᠢᠭᠤᠯᠤᠯᠳᠠ ᠶᠢ ᠴᠢᠩᠭᠠᠳᠬᠠᠨ᠎ᠠ᠃ ᠤᠶᠤᠨᠴᠢ ᠡᠮᠨᠡᠯᠬᠡ ᠶᠢᠨ ᠬᠤᠷᠢᠶ᠎ᠠ᠂ ᠬᠤᠰᠢᠭᠤ ᠡᠮᠨᠡᠯᠬᠡ ᠶᠢᠨ ᠬᠤᠷᠢᠶᠠᠨ ᠤ | ᠬᠠᠯᠳᠠᠪᠤᠷᠢᠳᠤ ᠡᠪᠡᠳᠴᠢᠨ ᠤ ᠲᠤᠭᠤᠷᠢᠭ᠂ ᠡᠪᠡᠳᠴᠢᠨ ᠬᠢᠵᠢᠭ ᠰᠡᠷᠭᠡᠶᠢᠯᠡᠨ ᠬᠤᠷᠢᠯᠠᠬᠤ ᠲᠦᠪ ᠤᠨ ᠲᠤᠷᠰᠢᠯᠳᠠ | ᠶᠢᠨ ᠠᠰᠠᠷ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢ ᠢᠳᠡᠪᠬᠢᠳᠡᠢ ᠡᠷᠡᠮᠡᠯᠵᠡᠯᠨ ᠤᠯᠵᠤ᠂ ᠭᠡᠨᠡᠳᠳᠡ ᠡᠬᠦᠰᠬᠦ | ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠷᠡᠭ ᠢ ᠠᠷᠭᠠᠴᠠᠵᠤ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠬᠦᠯᠦᠨ᠎ᠡ | ᠃ ᠰᠤᠶᠤᠯ ᠤᠷᠠᠯᠢᠭ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠦᠷᠬᠦᠯᠵᠢᠯᠡᠨ ᠰᠠᠶᠢᠳᠤᠷ ᠠᠳᠬᠤᠵᠤ | ᠂ ᠤᠯᠠᠭᠠᠨᠮᠦ᠋ᠴᠢᠷ ᠤᠨ ᠤᠷᠠᠯᠢᠭ ᠤᠨ ᠲᠦᠪ ᠤᠨ ᠪᠠᠷᠢᠯᠭ᠎ᠠ ᠶᠢ ᠡᠬᠢᠯᠡᠬᠦᠯᠦᠨ᠂ ᠬᠤᠰᠢᠭᠤᠨ ᠤ ᠰᠤᠶᠤᠯ ᠤᠨ | ᠤᠷᠳᠤᠨ᠂ ᠦᠵᠡᠰᠬᠦᠯᠡᠩ ᠤᠨ ᠭᠠᠵᠠᠷ ︵ᠮᠦᠽᠸᠢ︶ ᠢ ᠦᠬᠡᠷᠡᠴᠢᠯᠡᠨ ᠰᠢᠨᠡᠳᠭᠡᠭᠰᠡᠨ ᠤ ᠲᠠᠷᠠᠭ᠎ᠠ ᠨᠡᠶᠢᠬᠡᠮ ᠨᠡᠶᠢᠳᠡ | ᠳᠤ ᠦᠨ᠎ᠡ ᠲᠦᠯᠦᠪᠦᠷᠢ ᠦᠬᠡᠢ ᠨᠡᠭᠡᠭᠡᠨ ᠦᠢᠯᠡᠴᠢᠯᠡᠨ᠎ᠡ᠃ ᠬᠤᠪᠢᠰᠬᠠᠯᠳᠤ ᠰᠤᠶᠤᠯ ᠪᠠ ᠤᠯᠠᠮᠵᠢᠯᠠᠯᠳᠤ ᠰᠤᠶᠤᠯ ᠢ | ᠲᠡᠯᠬᠡᠷᠡᠬᠦᠯᠵᠦ᠂ ᠦᠷᠡᠭᠳᠡᠭᠰᠡᠨ ᠪᠠᠭᠠᠳᠤᠷᠴᠤᠳ ᠤᠨ ᠤᠩᠭᠤᠨ ᠤ ᠡᠬᠡ ᠤᠷᠤᠨᠴᠢ ᠦᠵᠡᠯ ᠤᠨ ᠰᠤᠷᠭᠠᠨ | ᠬᠦᠮᠦᠵᠢᠯ ᠤᠨ ᠰᠠᠭᠤᠷᠢᠨ ᠭᠠᠵᠠᠷ ᠢ ᠵᠠᠰᠠᠵᠤ ᠦᠷᠭᠡᠳᠭᠡᠬᠦ ᠪᠠᠷ ᠴᠢᠷᠮᠠᠶᠢᠨ᠎ᠠ᠃ ᠤᠮᠪᠠᠯᠳᠠ ᠶᠢᠨ ᠤᠷᠳᠤᠨ᠂ | ᠪᠡᠶ᠎ᠡ ᠶᠢᠨ ᠲᠠᠮᠢᠷ ᠤᠨ ᠴᠡᠴᠡᠷᠯᠢᠭ᠂ ᠬᠡᠦᠬᠡᠳ ᠤᠨ ᠴᠡᠩᠬᠡᠯ ᠤᠨ ᠤᠷᠳᠤᠨ ᠵᠡᠷᠭᠡ ᠶᠢᠨ ᠰᠠᠭᠤᠷᠢ ᠲᠦᠬᠦᠭᠡᠷᠦᠮᠵᠢ | ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠨᠡᠶᠢᠬᠡᠮ ᠤᠨ ᠬᠦᠴᠦᠨ ᠢ ᠲᠠᠶᠢᠴᠢᠯᠠᠨ ᠤᠯᠠᠨ ᠨᠡᠶᠢᠳᠡ | ᠶᠢᠨ ᠰᠤᠶᠤᠯ ᠤᠨ ᠦᠢᠯᠡᠴᠢᠯᠡᠭᠡ ᠳᠤ ᠤᠷᠤᠯᠴᠠᠭᠤᠯᠵᠤ᠂ ᠦᠢᠯᠡᠴᠢᠯᠡᠬᠡᠨ ᠤ ᠠᠭᠤᠯᠭ᠎ᠠ ᠶᠢ ᠪᠠᠶᠠᠯᠢᠬᠵᠢᠭᠤᠯᠤᠨ᠂ | ᠦᠢᠯᠡᠴᠢᠯᠡᠬᠡᠨ ᠤ ᠴᠢᠨᠠᠷ ᠢ ᠰᠠᠶᠢᠵᠢᠷᠠᠭᠤᠯᠤᠨ᠎ᠠ᠃ ᠨᠡᠶᠢᠬᠡᠮ ᠤᠨ ᠵᠠᠰᠠᠯᠳᠠ ᠶᠢ ᠴᠢᠩᠭᠠᠳᠬᠠᠬᠤ ᠶᠢᠨ ᠬᠠᠮᠳᠤ | ᠰᠢᠨᠡᠴᠢᠯᠡᠬᠦ ᠭᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠦᠨᠳᠦᠷ ᠲᠠᠷᠤᠮᠳᠠᠳᠤ ᠭᠡᠪ ᠪᠠᠶᠢᠳᠠᠯ | ᠢ ᠦᠷᠬᠦᠯᠵᠢᠯᠡᠨ ᠪᠠᠷᠢᠮᠳᠠᠯᠠᠵᠤ᠂ ᠲᠦᠪ ᠤᠨ ᠱᠠᠭᠠᠷᠳᠠᠨ ᠪᠠᠶᠢᠴᠠᠭᠠᠯᠳᠠ ᠵᠢᠴᠢ ︽ᠡᠷᠬᠢᠨ ᠬᠠᠷᠠᠯᠳᠠ︾ ᠳᠤ | ᠲᠤᠰᠬᠠᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠳᠠ ᠶᠢ ᠴᠢᠩᠭ᠎ᠠ ᠠᠳᠬᠤᠵᠤ ᠨᠠᠶᠢᠳᠠᠪᠤᠷᠢᠵᠢᠭᠤᠯᠤᠨ᠂ | ᠠᠷᠠᠳ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠦᠨ᠎ᠡ᠃ ᠡᠯ᠎ᠡ ᠲᠦᠷᠦᠯ ᠤᠨ ᠬᠠᠤᠯᠢ ᠪᠤᠰᠤ | ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠤᠰᠢᠭᠤᠨ ᠤ ᠬᠤᠷᠢᠭᠤᠯ ᠤᠨ ᠭᠠᠵᠠᠷ᠂ ᠰᠢᠬᠦᠬᠦ | ᠬᠤᠷᠢᠶᠠᠨ ᠤ ᠰᠢᠬᠦᠨ ᠲᠠᠰᠤᠯᠬᠤ ᠲᠢᠩᠬᠢᠮ ᠢ ᠡᠨᠡ ᠵᠢᠯ ᠠᠰᠢᠭᠯᠠᠯᠳᠠ ᠳᠤ ᠤᠷᠤᠭᠤᠯᠤᠨ᠎ᠠ᠃ ᠠᠶᠤᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠨᠳᠦ ᠶᠡᠭᠡ ᠤᠰᠤᠯ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠵᠤᠬᠢᠴᠠᠭᠤᠯᠭ᠎ᠠ | ᠶᠢᠨ ᠲᠦᠪ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ︽ᠭᠤᠷᠪᠠ ᠶᠢ ᠨᠠᠶᠢᠳᠠᠪᠤᠷᠢᠵᠢᠭᠤᠯᠵᠤ ᠨᠢᠬᠡ ᠶᠢ | ᠰᠢᠢᠳᠪᠦᠷᠢᠯᠡᠬᠦ︾ ᠱᠠᠭᠠᠷᠳᠠᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠡᠯ᠎ᠡ ᠲᠦᠷᠦᠯ ᠤᠨ | ᠵᠠᠬᠢᠳᠠᠯ ᠰᠤᠷᠪᠤᠯᠵᠢᠯᠠᠭ᠎ᠠ ᠶᠢ ᠬᠠᠤᠯᠢ ᠲᠦᠷᠢᠮ ᠶᠤᠰᠤᠭᠠᠷ ᠰᠢᠢᠳᠪᠦᠷᠢᠯᠡᠵᠦ᠂ ᠬᠦᠯᠦᠰᠦᠨ ᠠᠵᠢᠯᠴᠢᠨ ᠤ ᠴᠠᠯᠢᠩ | ᠤᠯᠭᠤᠮᠵᠢ ᠶᠢ ᠴᠠᠭ ᠲᠤᠨᠢ ᠤᠯᠭᠤᠬᠤ ᠶᠢ ᠪᠠᠳᠤᠯᠠᠨ᠂ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ | ᠢ ᠬᠠᠮᠠᠭᠠᠯᠠᠬᠤ ᠭᠡᠷᠡᠭᠳᠡᠢ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠠᠵᠢᠯ ᠢ ᠨᠢᠮᠪᠠᠢ ᠰᠠᠶᠢᠨ ᠬᠦᠢᠴᠡᠳᠭᠡᠨ᠎ᠡ᠃ ᠦᠨᠳᠦᠰᠦᠳᠡᠨ ᠱᠠᠰᠢᠨ ᠰᠤᠷᠳᠠᠬᠤᠨ᠂ ᠬᠤᠶᠠᠷ ᠢ | ᠬᠦᠷᠢᠶᠡᠯᠡᠵᠦ ᠬᠠᠮᠳᠤ ᠪᠠᠷ ᠪᠠᠶᠢᠭᠤᠯᠬᠤ᠂ ᠤᠬᠠᠭᠤᠯᠭ᠎ᠠ ᠮᠡᠳᠡᠭᠡᠯᠡᠯ᠂ ᠲᠠᠩᠰᠠ ᠡᠪᠬᠡᠮᠡᠯ ᠲᠡᠦᠬᠡ ᠤᠶᠢᠯᠠᠯᠭ᠎ᠠ᠂ ᠴᠠᠭ | ᠠᠭᠤᠷ ᠤᠨ ᠬᠡᠮᠵᠢᠯᠳᠡ ᠶᠢᠨ ᠠᠵᠢᠯ ᠵᠡᠷᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠵᠡᠮᠳᠡᠭᠴᠤᠳ ᠤᠨ ᠬᠤᠯᠪᠤᠭ᠎ᠠ᠂ | ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ | ᠵᠠᠯᠠᠭᠤᠴᠤᠳ ᠤᠨ ᠡᠪᠯᠡᠯ ᠵᠡᠷᠭᠡ ᠪᠦᠯᠬᠦᠮ ᠬᠠᠮᠳᠤ ᠶᠢᠨ ᠠᠵᠢᠯ ᠦᠢᠯᠡᠰ ᠢ ᠬᠠᠯᠠᠮᠵᠢᠯᠠᠨ ᠲᠡᠮᠵᠢᠵᠦ | ᠬᠦᠭᠵᠢᠬᠦᠯᠬᠦ ᠭᠡᠷᠡᠭᠳᠡᠢ᠃ | ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠤᠳᠠᠳᠠᠢ ᠠᠵᠢᠯ ᠢ ᠠᠷᠠᠳ ᠤᠨ ᠲᠦᠯᠦᠭᠡᠯᠡᠭᠴᠢᠳ ᠤᠨ | ᠪᠢᠯᠧᠲ ᠪᠠᠷ ᠰᠢᠢᠳᠬᠦ ᠲᠦᠷᠢᠮ ᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠳᠤ | ᠨᠢᠬᠳᠠ ᠬᠤᠯᠪᠤᠭᠳᠠᠭᠰᠠᠨ ᠪᠤᠳᠠᠳᠠᠢ ᠠᠵᠢᠯ ᠤᠳ ᠢ ᠰᠠᠶᠢᠨ ᠬᠢᠬᠦ ᠪᠠᠷ ᠴᠢᠷᠮᠠᠶᠢᠨ᠎ᠠ᠄ ᠨᠢᠬᠡ ᠳᠤ᠂ ᠪᠤᠤᠴᠠᠩ ᠤᠨ | ᠰᠢ ᠱᠠᠨ ᠵᠠᠮ ᠪᠠ ᠯᠦᠸᠧ ᠲᠦᠸᠧ ᠱᠠᠨ ᠵᠠᠮ ᠢ ᠨᠡᠪᠳᠡᠷᠡᠬᠦᠯᠵᠦ᠂ ᠬᠤᠳᠠ ᠶᠢᠨ ᠲᠤᠭᠤᠷᠢᠭ ᠤᠨ ᠵᠠᠮ ᠬᠠᠷᠢᠯᠴᠠᠭ᠎ᠠ | ᠲᠦᠬᠦᠮ ᠪᠤᠰᠤ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂ ᠲᠸᠦ ᡁᠢ ᠵᠢᠶᠠᠨ ᠡᠷᠡᠬᠦᠯ ᠬᠠᠮᠠᠭᠠᠯᠠᠯ ᠤᠨ | ᠬᠤᠷᠢᠶ᠎ᠠ ᠶᠢ ᠦᠬᠡᠷᠡᠴᠢᠯᠡᠨ ᠰᠠᠶᠢᠵᠢᠷᠠᠭᠤᠯᠵᠤ᠂ ᠰᠤᠮᠤ ᠰᠢᠶᠠᠩ ᠪᠠᠯᠭᠠᠰᠤᠨ ᠤ 11 ᠰᠠᠭᠤᠷᠢ ᠡᠷᠡᠬᠦᠯ ᠬᠠᠨᠮᠠᠭᠠᠯᠠᠯ | ᠤᠨ ᠬᠤᠷᠢᠶ᠎ᠠ ᠳᠤ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ ᠲᠠᠰᠤᠭ ᠪᠠ ᠲᠤᠰᠠᠭᠠᠷᠯᠠᠨ ᠠᠵᠢᠭᠯᠠᠬᠤ ᠲᠠᠰᠤᠭ | ᠢ ᠪᠠᠶᠢᠭᠤᠯᠤᠨ᠂ ᠦᠨᠳᠦᠰᠦᠨ ᠱᠠᠳᠤᠨ ᠤ ᠡᠮᠨᠡᠯᠬᠡ ᠶᠢᠨ ᠪᠠᠶᠢᠭᠤᠯᠤᠮᠵᠢ ᠶᠢᠨ ᠰᠠᠭᠤᠷᠢ ᠲᠦᠬᠦᠭᠡᠷᠦᠮᠵᠢ ᠪᠠᠷᠢᠮᠵᠢᠶ᠎ᠠ | ᠳᠤ ᠬᠦᠷᠬᠦ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠪᠤᠤᠴᠠᠩ ᠤᠨ ᠭᠤᠷᠪᠠᠳᠤᠭᠠᠷ ᠪᠠᠭ᠎ᠠ | ᠰᠤᠷᠭᠠᠭᠤᠯᠢ ᠶᠢᠨ ᠡᠮᠦᠨ᠎ᠡ ᠡᠬᠦᠳᠡ ᠪᠠ ᠤᠷᠤᠵᠤ ᠭᠠᠷᠬᠤ ᠵᠠᠮ ᠢ ᠦᠬᠡᠷᠡᠴᠢᠯᠡᠵᠦ᠂ ᠲᠡᠷᠭᠡ ᠤᠨᠤᠭᠠᠨ ᠤ | ᠲᠦᠭᠵᠢᠷᠡᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳᠤ᠂ | ᠤᠳᠤ ᠪᠠᠶᠢᠭ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ ᠢ ᠦᠬᠡᠷᠡᠴᠢᠯᠡᠨ ᠰᠠᠶᠢᠵᠢᠷᠠᠭᠤᠯᠬᠤ ᠶᠢᠨ ᠬᠠᠮᠳᠤ | ᠂ ᠶᠡᠷᠦᠩᠬᠡᠶᠢᠯᠡᠭᠰᠡᠨ ᠴᠢᠨᠠᠷᠳᠠᠢ ᠵᠠᠬ᠎ᠠ ᠲᠡᠯᠬᠡᠬᠦᠷ ᠢ ᠰᠢᠨ᠎ᠡ ᠪᠠᠷ ᠪᠠᠶᠢᠭᠤᠯᠤᠨ᠂ ᠵᠠᠬ᠎ᠠ ᠵᠡᠬᠡᠯᠢ ᠶᠢᠨ ᠡᠮᠬᠢ ᠲᠢᠭᠯᠡᠮ | ᠦᠬᠡᠢ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ ᠤᠰᠤ ᠪᠠᠷ ᠵᠠᠶᠢᠯᠠᠬᠤ ᠨᠡᠶᠢᠳᠡ ᠶᠢᠨ ᠵᠤᠷᠯᠤᠩ 5 ᠶᠢ ᠰᠢᠨ᠎ᠡ | ᠪᠠᠷ ᠪᠠᠶᠢᠭᠤᠯᠵᠤ᠂ ᠬᠤᠳᠠ ᠶᠢᠨ ᠲᠤᠭᠤᠷᠢᠭ ᠤᠨ ᠵᠤᠷᠯᠤᠩ ᠲᠤᠳᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃ | ᠵᠢᠷᠭᠤᠭ᠎ᠠ ᠳᠤ᠂ ᠬᠠᠭᠤᠴᠢᠨ ᠬᠤᠳᠠ ᠶᠢᠨ ᠲᠤᠭᠤᠷᠢᠭ ᠤᠨ 7 ᠵᠡᠭᠡᠯᠢ ᠭᠤᠳᠤᠮᠵᠢ ᠶᠢ ᠦᠬᠡᠷᠡᠴᠢᠯᠡᠨ | ᠰᠠᠶᠢᠵᠢᠷᠠᠭᠤᠯᠵᠤ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠠᠨᠠᠢ ᠠᠰᠠᠭᠤᠳᠠᠯ ᠢ ᠰᠢᠢᠳᠪᠦᠷᠢᠯᠡᠨ᠎ᠡ᠃ | ᠲᠤᠯᠤᠭ᠎ᠠ ᠳᠤ᠂ ᠮᠠᠯᠵᠢᠬᠤ ᠲᠠᠷᠢᠶᠠᠯᠠᠬᠤ ᠤᠷᠤᠨ ᠤ ᠬᠤᠳᠠ ᠤᠰᠤᠨ ᠤ ᠬᠤᠭᠤᠷᠤᠨᠳᠤᠬᠢ 26 ᠵᠤᠷᠪᠤᠰ 40 | ᠺᠢᠯᠤᠮᠧᠲᠷ ᠵᠠᠮ ᠢ ᠲᠡᠪᠢᠰᠴᠦ᠂ 25 ᠬᠤᠳᠠ ᠤᠰᠤᠨ ᠤ ᠵᠠᠮ ᠨᠡᠪᠳᠡᠷᠡᠯᠬᠡ ᠶᠢᠨ ᠠᠰᠠᠭᠤᠳᠠᠯ ᠢ | ᠰᠢᠢᠳᠪᠦᠷᠢᠯᠡᠨ᠎ᠡ᠃ | ᠲᠦᠯᠦᠭᠡᠯᠡᠭᠴᠢᠳ ᠡ᠂ ᠴᠢᠨᠠᠷ ᠰᠠᠶᠢᠳᠠᠢ ᠬᠦᠭᠵᠢᠯᠳᠡ ᠶᠢᠨ ᠬᠦᠨᠳᠦ ᠡᠬᠦᠷᠭᠡ ᠮᠦᠷᠦᠨ ᠲᠡᠭᠡᠷ᠎ᠡ | ᠲᠠᠯᠪᠢᠭᠳᠠᠵᠤ᠂ ᠴᠢᠨᠡᠭᠡᠯᠢᠭ ᠨᠡᠶᠢᠬᠡᠮ ᠢ ᠪᠠᠶᠢᠭᠤᠯᠬᠤ ᠠᠤᠭ᠎ᠠ ᠬᠠᠷᠠᠯᠳᠠ ᠪᠢᠳᠡᠨ ᠢ ᠲᠠᠯᠠᠯᠵᠤ ᠪᠠᠶᠢᠨ᠎ᠠ᠃ ᠪᠢᠳᠡ | ᠡᠷᠭᠡᠪᠰᠢ ᠠᠭᠤᠤ ᠨᠠᠮ ᠳᠠᠭᠠᠨ ᠦᠨᠡᠨᠴᠢ ᠪᠠᠶᠢᠬᠤ ᠤᠯᠤᠰ ᠲᠦᠷᠦ ᠶᠢᠨ ᠵᠠᠩ ᠮᠤᠷᠠᠯ᠂ ᠠᠷᠠᠳ ᠲᠦᠮᠡᠨ | ᠳᠡᠭᠡᠨ ᠰᠢᠳᠤᠷᠭᠤ ᠦᠢᠯᠡᠴᠢᠯᠡᠬᠦ ᠠᠵᠢᠯ ᠤᠨ ᠭᠡᠪ ᠰᠤᠷᠳᠠᠯ ᠢᠶᠠᠷ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ | ᠦᠨᠡᠨ ᠰᠡᠳᠬᠢᠯ ᠢᠶᠠᠷ ᠠᠵᠢᠯᠯᠠᠵᠤ᠂ ᠠᠷᠠᠳ ᠲᠦᠮᠡᠨ ᠳᠡᠭᠡᠨ ᠲᠠᠭᠠᠯᠠᠭᠳᠠᠭᠰᠠᠨ ᠰᠢᠨ᠎ᠡ ᠴᠠᠭ ᠦᠶ᠎ᠡ ᠶᠢᠨ | ᠠᠷᠠᠳ ᠤᠨ ᠵᠠᠰᠠᠭ ᠤᠨ ᠤᠷᠳᠤᠨ ᠢ ᠪᠠᠶᠢᠭᠤᠯᠬᠤ ᠪᠠᠷ ᠴᠢᠷᠮᠠᠶᠢᠬᠤ ᠭᠡᠷᠡᠭᠳᠡᠢ᠃ ᠬᠠᠤᠯᠢ ᠪᠠᠷ ᠵᠠᠰᠠᠳᠠᠭ ᠵᠠᠰᠠᠭ | ᠤᠨ ᠤᠷᠳᠤᠨ ᠢ ᠪᠠᠶᠢᠭᠤᠯᠵᠤ᠂ ᠬᠠᠤᠯᠢ ᠲᠦᠷᠢᠮ ᠤᠨ ᠤᠬᠠᠮᠰᠠᠷ ᠢ ᠴᠢᠩᠭᠠᠳᠬᠠᠨ᠂ ᠬᠠᠤᠯᠢ ᠲᠦᠷᠢᠮ ᠤᠨ ᠡᠷᠭᠡ | ᠰᠦᠷ ᠢ ᠬᠠᠮᠠᠭᠠᠯᠠᠵᠤ᠂ ᠬᠠᠤᠯᠢ ᠲᠦᠷᠢᠮ ᠢ ᠭᠡᠷᠡᠭᠵᠢᠬᠦᠯᠬᠦ ᠦᠯᠢᠬᠡᠷ ᠲᠠᠭᠤᠷᠢᠶᠠᠯ ᠪᠤᠯᠬᠤ ᠭᠡᠷᠡᠭᠳᠡᠢ᠃ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠳᠠ᠂ ᠬᠠᠤᠯᠢ ᠶᠢᠨ ᠬᠢᠨᠠᠯᠳᠠ ᠬᠢᠭᠡᠳ ᠤᠯᠤᠰ | ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ᠂ ᠨᠡᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ | ᠤᠬᠠᠮᠰᠠᠷ ᠠᠴᠠ ᠪᠠᠨ ᠬᠦᠯᠢᠶᠡᠵᠦ᠂ ᠲᠦᠯᠦᠭᠡᠯᠡᠭᠴᠢᠳ ᠤᠨ ᠰᠠᠨᠠᠭᠤᠯᠭ᠎ᠠ ᠪᠠ ᠭᠡᠰᠢᠬᠦᠳ ᠤᠨ ᠲᠤᠷᠠᠳᠤᠯᠭ᠎ᠠ ᠶᠢ | ᠴᠢᠨᠠᠷ ᠰᠠᠶᠢᠳᠠᠢ ᠬᠦᠢᠴᠡᠳᠭᠡᠨ ᠰᠢᠢᠳᠪᠦᠷᠢᠯᠡᠬᠦ ᠭᠡᠷᠡᠭᠳᠡᠢ᠃ ᠴᠢᠬᠤᠯᠠ ᠶᠡᠭᠡ ᠵᠠᠰᠠᠭ ᠤᠨ ᠶᠠᠪᠤᠳᠠᠯ ᠳᠤ ᠰᠢᠳᠪᠦᠷᠢ | ᠭᠠᠷᠭᠠᠬᠤ ᠠᠯᠬᠤᠮ ᠶᠠᠪᠤᠴᠠ ᠶᠢ ᠴᠢᠩᠭ᠎ᠠ ᠭᠡᠷᠡᠭᠵᠢᠬᠦᠯᠵᠦ᠂ ᠴᠢᠬᠤᠯᠠ ᠲᠦᠷᠦᠯ ᠵᠦᠢᠯ ᠢ ᠰᠢᠯᠭᠠᠨ ᠨᠤᠳ᠋ᠯᠠᠬᠤ | ᠪᠠ ᠬᠢᠨᠠᠨ ᠵᠦᠪᠰᠢᠶᠡᠷᠡᠬᠦ ᠪᠠᠨ ᠴᠢᠩᠭᠠᠳᠬᠠᠵᠤ᠂ ᠰᠢᠢᠳᠪᠦᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ | ᠠᠷᠠᠳᠴᠢᠯᠠᠯᠳᠤ ᠴᠢᠨᠠᠷ ᠢ ᠪᠦᠬᠦ ᠲᠠᠯᠠᠪᠠᠷ ᠲᠡᠭᠡᠭᠰᠢᠯᠡᠬᠦᠯᠬᠦ ᠭᠡᠷᠡᠭᠳᠡᠢ᠃ ᠪᠤᠳᠠᠳᠠᠢ ᠠᠵᠢᠯᠯᠠᠳᠠᠭ ᠵᠠᠰᠠᠭ ᠤᠨ ᠤᠷᠳᠤᠨ | ᠢ ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠠᠷᠠᠯᠳᠠ ᠶᠢ ᠪᠦᠬᠦ ᠬᠦᠴᠦᠨ ᠢᠶᠠᠷ ᠪᠡᠶᠡᠯᠡᠬᠦᠯᠦᠨ᠂ | ︽ ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢ ᠱᠠᠯᠠᠪᠳᠠᠨ ᠨᠠᠶᠢᠷᠠᠭᠤᠯᠬᠤ ᠭᠡᠷᠡᠭᠳᠡᠢ᠃ | ᠠᠰᠠᠭᠤᠳᠠᠯ ᠤᠨ ᠵᠢᠯᠤᠭᠤᠳᠤᠮᠵᠢ ᠶᠢ ᠪᠠᠷᠢᠮᠳᠠᠯᠠᠨ᠂ ᠲᠤᠰᠬᠠᠢ ᠴᠡᠭᠴᠡᠯᠡᠯᠳᠡ ᠶᠢᠨ ᠠᠵᠢᠯ ᠤᠨ ᠡᠷᠴᠢᠮ ᠢ | ᠴᠢᠩᠭᠠᠷᠠᠭᠤᠯᠵᠤ᠂ ᠨᠢᠬᠡ ᠪᠦᠯᠦᠭ ᠬᠠᠭᠤᠴᠢᠨ ᠠᠰᠠᠭᠤᠳᠠᠯ ᠲᠤᠮᠤ ᠠᠰᠠᠭᠤᠳᠠᠯ ᠬᠦᠴᠢᠷ ᠠᠰᠠᠭᠤᠳᠠᠯ ᠢ ᠦᠨᠡᠨᠬᠦ | ᠰᠢᠢᠳᠪᠦᠷᠢᠯᠡᠬᠦ ᠭᠡᠷᠡᠭᠳᠡᠢ᠃ ᠴᠢᠳᠠᠪᠤᠷᠢ ᠪᠦᠳᠦᠮᠵᠢ ᠶᠢᠨ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠵᠤ᠂ ᠠᠵᠤ | ᠠᠬᠤᠢ ᠨᠡᠶᠢᠬᠡᠮ ᠤᠨ ᠬᠦᠭᠵᠢᠯᠳᠡ ᠳᠤ ᠦᠢᠯᠡᠴᠢᠯᠡᠬᠦ ᠲᠠᠯ᠎ᠠ ᠪᠠᠷ ᠬᠠᠷᠢᠭᠤᠴᠠᠯᠭ᠎ᠠ ᠡᠬᠦᠷᠭᠡᠯᠡᠬᠦ ᠦᠬᠡᠢ᠂ ᠠᠵᠢᠯ ᠬᠢᠬᠦ | ᠦᠬᠡᠢ᠂ ᠬᠡᠯᠪᠡᠷᠢᠴᠢ ᠦᠵᠡᠯ ᠭᠠᠷᠭᠠᠨ ᠬᠦᠮᠦᠨ ᠤ ᠨᠢᠳᠦ ᠶᠢ ᠬᠠᠭᠤᠷᠬᠤ᠂ ᠵᠢᠳᠬᠦᠯ ᠭᠠᠪᠢᠶ᠎ᠠ ᠶᠢ | ᠬᠦᠬᠡᠭᠡᠴᠡᠯᠳᠦᠵᠦ ᠵᠢᠩᠬᠢᠨᠢ ᠠᠮᠵᠢᠯᠳᠠ ᠶᠢ ᠬᠦᠩᠭᠡᠪᠴᠢᠯᠡᠬᠦ ᠵᠡᠷᠭᠡ ᠲᠤᠪᠤᠶᠢᠮ᠎ᠠ ᠠᠰᠠᠭᠤᠳᠠᠯ ᠢ ᠬᠦᠴᠦ ᠲᠠᠯᠪᠢᠵᠤ | ᠴᠡᠭᠴᠡᠯᠡᠨ᠂ ᠡᠯ᠎ᠡ ᠲᠦᠷᠦᠯ ᠤᠨ ᠠᠵᠢᠯ ᠤᠨ ᠡᠷᠴᠢᠮᠳᠡᠢ ᠶᠠᠪᠤᠭᠳᠠᠬᠤ ᠶᠢ ᠠᠬᠢᠭᠤᠯᠬᠤ ᠭᠡᠷᠡᠭᠳᠡᠢ᠃ ᠠᠷᠠᠳ ᠲᠤ | ᠦᠢᠯᠡᠴᠢᠯᠡᠳᠡᠭ ᠵᠠᠰᠠᠭ ᠤᠨ ᠤᠷᠳᠤᠨ ᠢ ᠪᠠᠶᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠮᠦᠷᠦᠭᠡᠳᠦᠯ ᠢ ᠵᠠᠰᠠᠭ ᠤᠨ ᠤᠷᠳᠤᠨ ᠤ ᠲᠡᠮᠡᠴᠡᠬᠦ ᠬᠠᠷᠠᠯᠳᠠ ᠪᠠᠨ ᠪᠤᠯᠭᠠᠨ᠂ ᠠᠷᠠᠳ ᠲᠦᠮᠡᠨ ᠤ ᠲᠦᠯᠦᠬᠡ | ᠪᠤᠳᠤᠵᠤ᠂ ᠠᠷᠠᠳ ᠲᠦᠮᠡᠨ ᠤ ᠡᠮᠦᠨ᠎ᠡ ᠠᠴᠠ ᠶᠠᠭᠠᠷᠠᠵᠤ᠂ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ | ᠰᠤᠷᠭᠠᠨ ᠬᠦᠮᠦᠵᠢᠯ᠂ ᠡᠮ ᠡᠮᠨᠡᠯᠬᠡ᠂ ᠤᠷᠤᠨ ᠰᠠᠭᠤᠴᠠ᠂ ᠠᠰᠠᠷᠠᠮᠵᠢ ᠬᠠᠷᠠᠭᠠᠯᠵᠠᠯ ᠵᠡᠷᠭᠡ ᠡᠯ᠎ᠡ ᠲᠠᠯ᠎ᠠ ᠶᠢᠨ | ᠪᠠᠳᠤᠯᠠᠭᠠᠨ ᠤ ᠠᠵᠢᠯ ᠲᠡᠭᠡᠷ᠎ᠡ ᠰᠢᠨ᠎ᠡ ᠠᠬᠢᠯᠳᠠ ᠭᠠᠷᠭᠠᠨ᠂ ᠠᠷᠠᠳ ᠲᠦᠮᠡᠨ ᠤ ᠤᠯᠤᠯᠳᠠ ᠬᠦᠷᠳᠡᠭᠡᠯ ᠤᠨ | ᠲᠦᠷᠦᠭᠳᠡᠯ᠂ ᠠᠵᠠ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠢᠯᠡᠬᠦᠦ | ᠨᠡᠮᠡᠭᠳᠡᠬᠦᠯᠬᠦ ᠭᠡᠷᠡᠭᠳᠡᠢ᠃ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠵᠤ᠂ ︽ᠨᠢᠬᠡ ᠪᠠᠶᠢᠷᠢ ᠬᠤᠤᠰ | ᠬᠠᠷᠢᠭᠤᠴᠠᠯᠭ᠎ᠠ︾ ᠶᠢᠨ ᠲᠦᠷᠢᠮ ᠢ ᠨᠢᠮᠪᠠᠢ ᠭᠡᠷᠡᠭᠵᠢᠬᠦᠯᠦᠨ᠂ ᠰᠠᠬᠢᠯᠭ᠎ᠠ ᠪᠠᠳᠤ ᠪᠠ ᠶᠤᠰᠤ ᠲᠦᠷᠢᠮ ᠢ ᠬᠠᠮᠤᠭ | ᠤᠨ ᠡᠮᠦᠨ᠎ᠡ ᠲᠠᠯᠪᠢᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢ ᠬᠦᠨᠵᠡᠬᠡᠢ ᠠᠬᠢᠭᠤᠯᠬᠤ ᠭᠡᠷᠡᠭᠳᠡᠢ᠃ ︽ᠭᠤᠷᠪᠠᠨ ᠠᠯᠪᠠᠨ ᠵᠠᠷᠤᠳᠠᠯ︾ ᠢ ᠤᠯᠠᠮ ᠪᠠᠭᠠᠰᠬᠠᠵᠤ᠂ | ᠲᠦᠪ ᠬᠤᠷᠢᠶᠠᠨ ᠤ ︽ᠨᠠᠢᠮᠠᠨ ᠲᠤᠭᠳᠠᠭᠠᠯ︾ ᠤᠨ ᠵᠤᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ᠂ | ᠭᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠡᠰᠡᠷᠬᠦᠴᠡᠵᠦ᠂ ᠠᠷᠢᠭᠤᠨ ᠴᠢᠭᠡᠴᠢ ᠲᠦᠷᠢ ᠲᠦᠷᠬᠦ ᠪᠠᠷ | ᠠᠷᠠᠳ ᠲᠦᠮᠡᠨ ᠤ ᠢᠳᠡᠭᠡᠯ ᠪᠠ ᠲᠡᠮᠵᠢᠯᠬᠡ ᠶᠢ ᠤᠯᠬᠤ ᠭᠡᠷᠡᠭᠳᠡᠢ᠃ | ᠲᠦᠯᠦᠭᠡᠯᠡᠭᠴᠢᠳ ᠡ᠂ ᠨᠦᠬᠦᠳ ᠡ᠂ ᠡᠬᠦᠷᠭᠡ ᠬᠠᠷᠠᠯᠳᠠ ᠲᠤᠳᠤᠷᠬᠠᠢ ᠪᠤᠯᠤᠯ᠎ᠠ᠂ ᠦᠨᠡᠨ ᠪᠤᠳᠠᠳᠠᠢ | ᠠᠵᠢᠯᠯᠠᠬᠤ ᠯᠠ ᠴᠢᠬᠤᠯᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ | ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠴᠠᠭ ᠮᠦᠴᠡ ᠲᠠᠢ ᠤᠷᠤᠯᠳᠤᠨ᠂ ᠠᠵᠠ ᠲᠤᠬᠢᠶᠠᠯ ᠢ ᠡᠵᠡᠮᠳᠡᠵᠦ᠂ ᠬᠦᠴᠦᠨ | ᠴᠢᠳᠠᠯ ᠢᠶᠠᠨ ᠨᠢᠬᠳᠠᠷᠠᠭᠤᠯᠤᠨ᠂ ᠬᠦᠴᠢᠷ ᠢ ᠰᠦᠷᠦᠨ ᠤᠷᠤᠭᠰᠢᠯᠠᠵᠤ᠂ ᠲᠠᠶᠢᠹᠤᠰᠧ ᠬᠤᠰᠢᠭᠤᠨ ᠤ ᠪᠠᠨ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠲᠦᠯᠦᠬᠡ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ | ᠰᠢᠢᠳᠪᠦᠷᠢᠳᠦ ᠢᠯᠠᠯᠳᠠ ᠶᠢ ᠤᠯᠬᠤ ᠶᠢᠨ ᠲᠦᠯᠦᠬᠡ ᠴᠢᠷᠮᠠᠶᠢᠨ ᠲᠡᠮᠡᠴᠡᠵᠡᠬᠡᠶ᠎ᠡ︕ |