ᠲᠠᠶᠢᠹᠤᠰᠧ ᠬᠤᠰᠢᠭᠤ ᠭᠤᠤᠯ ᠰᠡᠳᠦᠪᠳᠦ ᠤᠬᠠᠭᠤᠯᠭ᠎ᠠ ᠲᠠᠶᠢᠯᠤᠮᠵᠢ ᠎ ᠶᠢᠨ ᠠᠵᠢᠯᠯᠠᠭ᠎ᠠ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020/5/19
  ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠴᠢᠬᠤᠯᠠ  ᠦᠬᠦᠯᠡᠯᠳᠡ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂   ᠪᠦᠬᠦ ᠬᠤᠰᠢᠭᠤᠨ ᠤ ᠺᠠᠳᠠᠷ ᠤᠯᠠᠨ ᠲᠦᠮᠡᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠲᠠᠶᠢᠯᠠᠯᠳᠤᠭᠠᠨ ᠤ ᠢᠯᠠᠯᠳᠠ ᠶᠢ ᠤᠯᠬᠤ ᠢᠳᠡᠭᠡᠯ ᠵᠤᠷᠢᠭ ᠢ ᠤᠯᠠᠮ ᠨᠢᠬᠡ ᠠᠯᠬᠤᠮ ᠪᠠᠳᠤᠳᠬᠠᠨ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠠᠷᠢᠭᠤᠴᠠᠯᠭᠠᠳᠤ ᠰᠡᠳᠬᠢᠯᠬᠡ᠂ ᠪᠠᠴᠢᠮ ᠲᠤᠯᠭᠠᠮ᠎ᠠ ᠰᠡᠳᠬᠢᠯᠬᠡ ᠶᠢ ᠲᠠᠰᠤᠷᠠᠯᠳᠠ ᠦᠬᠡᠢ  ᠨᠡᠮᠡᠭᠳᠡᠬᠦᠯᠬᠦ ᠶᠢᠨ ᠲᠦᠯᠦᠬᠡ᠂    ᠲᠠᠶᠢᠹᠤᠰᠧ ᠬᠤᠰᠢᠭᠤ ᠤᠶᠢᠷ᠎ᠠ ᠳᠤ ︽ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠦ ᠲᠠᠶᠢᠯᠠᠯᠳᠤᠭᠠᠨ ᠢ ᠬᠢᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ ᠤᠯᠬᠤ︾ ᠭᠤᠤᠯ ᠰᠡᠳᠦᠪᠳᠦ ᠤᠬᠠᠭᠤᠯᠭ᠎ᠠ ᠲᠠᠶᠢᠯᠤᠮᠵᠢ ᠬᠢᠵᠦ ᠪᠠᠶᠢᠨ᠎ᠠ᠃  ᠤᠬᠠᠭᠤᠯᠤᠨ ᠲᠠᠶᠢᠯᠬᠤ ᠪᠦᠯᠬᠦᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠴᠢᠬᠤᠯᠠ  ᠦᠬᠦᠯᠡᠯᠳᠡ ᠶᠢᠨ  ᠵᠤᠷᠢᠭ ᠰᠠᠨᠠᠭ᠎ᠠ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠭᠤᠤ ᠶᠡᠭᠡ ᠠᠮᠵᠢᠯᠳᠠ ᠪᠦᠳᠦᠮᠵᠢ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠮᠳᠠᠬᠢ ᠬᠦᠴᠢᠷᠳᠡᠯ ᠪᠠ ᠭᠤᠤᠯ ᠪᠤᠯᠬᠤ ᠡᠬᠦᠷᠭᠡ ᠵᠡᠷᠭᠡ  ᠲᠠᠯ᠎ᠠ ᠶᠢᠨ ᠲᠤᠭᠤᠷᠢᠨ ᠳᠤ  ᠂  ᠠᠮᠢᠳᠤᠯᠢᠭ  ᠤᠶᠢᠯᠠᠭᠠᠮᠵᠢᠳᠠᠢ  ᠶᠠᠷᠢᠶ᠎ᠠ ᠢᠯᠡᠳᠭᠡᠯ ᠢᠶᠠᠷ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠺᠠᠳᠠᠷ ᠤᠯᠠᠨ ᠳᠤ ᠤᠯᠠᠮᠵᠢᠯᠠᠬᠤ ᠶᠢᠨ ᠬᠠᠮᠳᠤ᠂   ᠤᠳᠤᠬᠠᠨ ᠤ ᠶᠠᠳᠠᠭᠤ ᠶᠢ ᠳᠡᠳᠬᠦᠬᠦ ᠠᠵᠢᠯ ᠤᠨ ᠪᠤᠳᠠᠳᠠᠢ ᠲᠠᠢ ᠤᠶᠠᠯᠳᠤᠭᠤᠯᠤᠨ᠂   ᠲᠡᠷᠭᠡᠳᠡ ᠡᠬᠦᠰᠦᠭᠰᠡᠨ ᠲᠡᠷᠢᠬᠦᠨ ᠤ ᠦᠯᠢᠭᠡᠷ ᠵᠢᠱᠢᠶ᠎ᠡ ᠶᠢ ᠤᠬᠠᠭᠤᠯᠵᠤ᠂  ᠺᠠᠳᠠᠷ ᠤᠯᠠᠨ ᠲᠦᠮᠡᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠢᠳᠡᠭᠡᠯ ᠵᠤᠷᠢᠭ ᠢ ᠪᠠᠳᠤᠳᠬᠠᠨ᠂  ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠠ ᠦᠷ᠎ᠡ ᠪᠦᠳᠦᠮᠵᠢ ᠶᠢ ᠪᠠᠬᠢᠵᠢᠬᠦᠯᠬᠦ ᠳᠤ  ᠴᠢᠷᠮᠠᠶᠢᠬᠤ ᠴᠢᠭᠯᠡᠯ ᠢ ᠲᠤᠳᠤᠷᠬᠠᠶᠢᠯᠠᠨ ᠦᠭᠴᠦ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠨᠤᠯ ᠤᠨ ᠵᠡᠪᠰᠡᠭᠯᠡᠯ ᠢ ᠴᠢᠩᠭᠠᠳᠬᠠᠵᠠᠢ᠃  ᠲᠠᠶᠢᠯᠤᠮᠵᠢ ᠰᠤᠨᠤᠰᠤᠭᠰᠠᠨ ᠺᠠᠳᠠᠷ ᠤᠯᠠᠨ ᠲᠦᠮᠡᠨ ᠪᠦᠷ ᠲᠠᠷᠠᠭ᠎ᠠ ᠠᠯᠬᠤᠮ ᠤᠨ ᠠᠵᠢᠯ ᠤᠨ ᠲᠤᠮᠳᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠯᠭ᠎ᠠ ᠶᠤᠰᠤᠭᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠨᠢᠮᠪᠠᠢ ᠦᠷᠨᠢᠬᠦᠯᠵᠦ᠂   ᠲᠡᠷᠭᠡᠳᠡᠬᠢ  ᠵᠢᠱᠢᠶ᠎ᠡ ᠪᠠᠷ ᠲᠠᠭᠤᠷᠢᠶᠠᠯ ᠪᠤᠯᠭᠠᠨ᠂ ᠶᠠᠳᠠᠭᠤ ᠬᠦᠴᠢᠷᠳᠡᠯᠳᠡᠢ ᠡᠷᠦᠬᠡ ᠶᠢ ᠢᠳᠡᠪᠬᠢᠳᠡᠢ ᠬᠠᠪᠰᠤᠷᠤᠨ ᠵᠢᠯᠤᠭᠤᠳᠴᠤ᠂  ᠪᠦᠬᠦᠶᠢᠯᠡ ᠬᠦᠴᠦᠨ ᠢ ᠨᠢᠬᠳᠠᠷᠠᠭᠤᠯᠵᠤ ᠪᠠᠶᠢᠭᠠᠳ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠦ ᠲᠠᠶᠢᠯᠠᠯᠳᠤᠭᠠᠨ ᠤ ᠢᠯᠠᠯᠳᠠ ᠶᠢ ᠵᠠᠪᠠᠯ ᠤᠯᠤᠨ᠎ᠠ ᠬᠡᠮᠡᠨ ᠢᠳᠡᠭᠡᠯ ᠵᠤᠷᠢᠭ ᠢᠶᠠᠨ ᠢᠯᠡᠷᠭᠡᠶᠢᠯᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号