ᠲᠠᠶᠢᠹᠤᠰᠧ ᠬᠤᠰᠢᠭᠤ ᠭᠠᠮᠰᠢᠭ ᠰᠡᠷᠭᠡᠶᠢᠯᠡᠬᠦ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/5/19
   5 ᠰᠠᠷ᠎ᠠ ᠶᠢᠨ 17᠎ ᠤ ᠡᠳᠦᠷ᠂  ᠲᠠᠶᠢᠹᠤᠰᠧ ᠬᠤᠰᠢᠭᠤ ᠭᠠᠮᠰᠢᠭ  ᠎ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠠᠵᠢᠯ ᠤᠨ ᠬᠤᠷᠠᠯ  ᠬᠤᠷᠠᠯᠳᠤᠭᠤᠯᠵᠤ᠂  ᠪᠦᠬᠦ ᠬᠤᠰᠢᠭᠤᠨ ᠤ ᠦᠶᠡᠷ ᠤᠰᠤᠳᠠᠯ  ᠂ ᠭᠠᠩ ᠬᠠᠪᠰᠠᠷᠭᠠᠨ  ᠂ ᠭᠠᠵᠠᠷ ᠬᠦᠳᠡᠯᠦᠯᠳᠡ ᠵᠡᠷᠭᠡ ᠪᠠᠶᠢᠭᠠᠯᠢ ᠶᠢᠨ ᠭᠠᠮᠰᠢᠭ  ᠎ ᠲᠠᠢ ᠲᠡᠮᠡᠴᠡᠬᠦ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠬᠤᠷᠠᠯ ᠡᠷᠬᠢᠯᠡᠵᠦ ᠶᠠᠷᠢᠶ᠎ᠠ ᠲᠠᠯᠪᠢᠬᠤ ᠳᠠᠭᠠᠨ᠂   ᠡᠯ᠎ᠡ ᠨᠢᠬᠡᠴᠡ ᠨᠢ ᠡᠷᠭᠡᠪᠰᠢ  ᠪᠦᠬᠦ ᠬᠤᠰᠢᠭᠤᠨ ᠤ ᠭᠠᠮᠰᠢᠭ ᠲᠠᠢ ᠲᠡᠮᠴᠡᠬᠦ ᠰᠢᠰᠲ᠋ᠧᠮᠵᠢ ᠳᠤ ᠲᠤᠯᠭᠠᠷᠠᠵᠤ ᠪᠠᠶᠢᠭ᠎ᠠ  ᠨᠤᠴᠢᠳᠠᠢ ᠪᠠᠶᠢᠳᠠᠯ ᠢ ᠰᠡᠷᠭᠡᠭ ᠢᠶᠠᠷ ᠲᠠᠨᠢᠵᠤ᠂   ᠮᠢᠨᠴᠦᠬᠦᠷᠡᠮᠡᠯ ᠦᠵᠡᠯ ᠰᠠᠨᠠᠭ᠎ᠠ ᠪᠠ ᠠᠵᠠ ᠬᠠᠷᠠᠬᠤ ᠪᠤᠳᠤᠯ ᠰᠡᠳᠬᠢᠯᠬᠡ ᠶᠢ ᠡᠷᠡᠰ ᠲᠡᠪᠴᠢᠨ᠂  ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠬᠡ ᠪᠠᠨ ᠦᠨᠡᠨᠬᠦ ᠴᠢᠩᠭᠠᠷᠠᠭᠤᠯᠵᠤ᠂   ᠭᠠᠮᠰᠢᠭ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠡᠯ᠎ᠡ ᠭᠤᠭᠴᠤᠭᠠᠨ ᠤ ᠠᠵᠢᠯ ᠢ ᠡᠷᠴᠢᠮᠳᠡᠢ ᠰᠠᠶᠢᠨ ᠠᠳᠬᠤᠬᠤ ᠭᠡᠷᠡᠭᠳᠡᠢ᠃ ᠡᠯ᠎ᠡ ᠲᠦᠷᠦᠯ ᠎ ᠤᠨ ᠠᠷᠭ᠎ᠠ ᠠᠪᠴᠢᠯ ᠢ ᠦᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ  ᠨᠠᠶᠢᠳᠠᠪᠤᠷᠢᠵᠢᠭᠤᠯᠤᠨ᠂ ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠡᠷᠳᠡ ᠠᠴᠠ ᠰᠠᠶᠢᠨ  ᠬᠢᠬᠦ ᠭᠡᠷᠡᠭᠳᠡᠢ᠃  ᠤᠷᠢᠳᠴᠢᠯᠡᠨ ᠰᠡᠷᠡᠮᠵᠢᠯᠡᠬᠦ  ᠮᠠᠰᠢᠨ ᠲᠦᠬᠦᠭᠡᠷᠦᠮᠵᠢ ᠶᠢᠨ ᠦᠢᠯᠡᠳᠦᠯ ᠢ  ᠬᠦᠢᠴᠡᠳ ᠪᠠᠳᠠᠷᠠᠭᠤᠯᠵᠤ᠂   ᠤᠨᠤᠪᠴᠢᠳᠠᠢ ᠮᠡᠳᠡᠭᠡᠯᠡᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂  ᠰᠡᠷᠭᠡᠶᠢᠯᠡᠬᠦ ᠪᠠᠷ ᠭᠤᠤᠯ ᠪᠤᠯᠭᠠᠨ᠂ ᠰᠡᠷᠭᠡᠶᠢᠯᠡᠬᠦ  ᠲᠡᠮᠡᠴᠡᠬᠦ ᠠᠪᠤᠷᠠᠬᠤ ᠶᠢ  ᠤᠶᠠᠯᠳᠤᠭᠤᠯᠬᠤ ᠭᠡᠷᠡᠭᠳᠡᠢ᠃ ᠬᠠᠷᠢᠭᠤᠴᠠᠯᠭ᠎ᠠ ᠪᠠᠨ ᠴᠢᠩᠭᠠᠳᠬᠠᠵᠤ᠂   ᠬᠠᠮᠵᠢᠯᠴᠠᠭ᠎ᠠ ᠪᠠᠨ ᠨᠢᠬᠳᠠᠷᠠᠭᠤᠯᠤᠨ᠂  ᠭᠠᠮᠰᠢᠭ ᠲᠠᠢ ᠲᠡᠮᠡᠴᠡᠬᠦ ᠠᠵᠢᠯ ᠤᠨ ᠬᠠᠮᠳᠤ ᠶᠢᠨ ᠬᠦᠴᠦᠨ ᠢ ᠪᠤᠢ  ᠪᠤᠯᠭᠠᠬᠤ ᠭᠡᠷᠡᠭᠳᠡᠢ᠃  ᠰᠠᠬᠢᠯᠭ᠎ᠠ ᠪᠠᠳᠤ ᠶᠢ ᠴᠢᠩᠭᠠᠳᠬᠠᠵᠤ᠂   ᠵᠢᠵᠢᠬᠦᠷ ᠤᠨ ᠲᠦᠷᠢᠮ ᠢ ᠭᠡᠷᠡᠭᠵᠢᠬᠦᠯᠦᠨ᠂   ᠮᠡᠳᠡᠭᠡ ᠵᠠᠩᠬᠢ ᠶᠢᠨ ᠲᠤᠭᠳᠠᠴᠠ ᠶᠢ  ᠲᠡᠬᠦᠯᠳᠡᠷᠵᠢᠬᠦᠯᠬᠦ ᠭᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠵᠤ᠂   ᠠᠯᠳᠠᠭ᠎ᠠ ᠤᠰᠤᠯ ᠭᠠᠷᠭᠠᠪᠠᠯ  ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃  ᠭᠤᠤᠯᠳᠠᠯᠭ᠎ᠠ ᠲᠠᠢ ᠭᠠᠵᠠᠷ ᠤᠷᠤᠨ ᠪᠠ ᠭᠤᠤᠯᠳᠠᠯᠭ᠎ᠠ ᠲᠠᠢ ᠰᠠᠯᠠᠭ᠎ᠠ ᠮᠦᠴᠢᠷ ᠨᠢ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠢᠬᠡᠳᠦᠯᠳᠡᠢ ᠵᠢᠯᠤᠭᠤᠳᠤᠨ ᠨᠢᠬᠳᠠ ᠬᠠᠮᠵᠢᠯᠴᠠᠵᠤ᠂   ᠭᠠᠮᠰᠢᠭ ᠲᠠᠢ ᠲᠡᠮᠡᠴᠡᠬᠦ ᠬᠠᠳᠠᠭᠤ ᠲᠠᠶᠢᠨ ᠤ ᠢᠯᠠᠯᠳᠠ ᠶᠢ ᠤᠯᠬᠤ ᠭᠡᠷᠡᠭᠳᠡᠢ ᠬᠡᠵᠦ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃  ᠬᠤᠷᠠᠯ ᠲᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ ᠴᠠᠭ ᠠᠭᠤᠷ ᠤᠨ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ  ᠵᠢᠴᠢ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ ᠠᠴᠠ ᠭᠠᠮᠰᠢᠭ ᠲᠠᠢ ᠲᠡᠮᠡᠴᠡᠬᠦ ᠠᠵᠢᠯ ᠤᠨ ᠲᠤᠬᠠᠢ ᠲᠤᠰᠪᠤᠷᠢ ᠬᠠᠷᠢᠭᠤ ᠮᠡᠳᠡᠬᠦᠯᠦᠯᠳᠡ ᠬᠢᠵᠡᠢ᠃   ᠡᠯ᠎ᠡ ᠰᠤᠮᠤ ᠰᠢᠶᠠᠩ  ᠪᠠᠯᠭᠠᠰᠤ ᠪᠠ  ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号