5 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠤᠷᠠᠯ | ᠬᠤᠷᠠᠯᠳᠤᠭᠤᠯᠤᠨ᠂ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠳᠤ ᠵᠠᠳᠠᠯᠤᠯᠳᠠ | ᠮᠠᠭᠠᠳᠯᠠᠯᠳᠠ ᠬᠢᠵᠦ᠂ ᠲᠠᠷᠠᠭᠠᠴᠢ ᠶᠢᠨ ᠱᠠᠳᠤᠨ ᠤ ᠠᠶᠤᠯᠬᠦᠢ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ | ᠲᠡᠳ᠋ ᠬᠤᠰᠢᠭᠤ ᠲᠠᠷᠤᠭ᠎ᠠ ᠯᠢ ᠵᠠᠨ ᠷᠦᠢ ᠬᠤᠷᠠᠯ ᠡᠷᠬᠢᠯᠡᠵᠦ ᠶᠠᠷᠢᠶ᠎ᠠ ᠲᠠᠯᠪᠢᠬᠤ ᠳᠠᠭᠠᠨ᠂ ᠡᠯ᠎ᠡ ᠭᠠᠵᠠᠷ ᠤᠷᠤᠨ | ᠡᠯ᠎ᠡ ᠰᠠᠯᠠᠭ᠎ᠠ ᠮᠦᠴᠢᠷ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠤ ᠠᠶᠤᠯᠬᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠰᠢᠨ᠎ᠡ | ᠠᠰᠠᠭᠤᠳᠠᠯ ᠢ ᠡᠷᠭᠡᠪᠰᠢ ᠬᠦᠢᠴᠡᠳ ᠲᠠᠨᠢᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠬᠡ ᠠᠯᠬᠤᠮ | ᠴᠢᠩᠭᠠᠳᠬᠠᠨ᠂ ᠭᠤᠤᠯᠳᠠᠯᠭ᠎ᠠ ᠲᠠᠢ ᠬᠦᠷᠢᠶ᠎ᠡ ᠴᠡᠷ᠎ᠡ ᠶᠢ ᠴᠢᠩᠭ᠎ᠠ ᠬᠢᠨᠠᠨ ᠡᠵᠡᠮᠳᠡᠵᠦ᠂ ᠠᠶᠤᠯᠬᠦᠢ ᠦᠢᠯᠡᠳᠪᠦᠷᠢᠯᠡᠯ | ᠤᠨ ᠰᠡᠷᠡᠮᠵᠢ ᠶᠢᠨ ᠬᠤᠩᠬᠤ ᠶᠢ ᠢᠮᠠᠭᠳᠠ ᠲᠤᠤᠨᠢᠭᠤᠯᠤᠨ᠂ ᠭᠡᠮ ᠰᠤᠭᠤᠭ ᠤᠨ ᠪᠠᠶᠢᠴᠠᠭᠠᠨ ᠴᠡᠭᠴᠡᠯᠡᠯᠳᠡ ᠶᠢ | ᠬᠦᠨᠵᠡᠬᠡᠢ ᠦᠷᠨᠢᠬᠦᠯᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠰᠡᠳᠬᠢᠯ ᠳᠡᠭᠡᠨ ᠲᠠᠯᠪᠢᠵᠤ᠂ ᠭᠠᠷ ᠲᠠᠭᠠᠨ | ᠠᠳᠬᠤᠬᠤ ᠭᠡᠷᠡᠭᠳᠡᠢ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ ᠨᠢ ᠠᠶᠤᠯᠬᠦᠢ | ᠦᠢᠯᠡᠳᠪᠦᠷᠢᠯᠡᠯ ᠤᠨ ᠠᠵᠢᠯ ᠢ ᠴᠢᠬᠤᠯᠠ ᠨᠢᠬᠡᠨ ᠤᠯᠤᠰ ᠲᠦᠷᠦ ᠶᠢᠨ ᠡᠬᠦᠷᠭᠡ ᠪᠤᠯᠭᠠᠵᠤ᠂ ᠬᠢᠵᠢᠭ ᠰᠡᠷᠭᠡᠶᠢᠯᠡᠬᠦ | ᠪᠠ ᠦᠢᠯᠡᠳᠪᠦᠷᠢᠯᠡᠯ ᠰᠡᠷᠬᠦᠬᠡᠬᠦ ᠶᠠᠪᠤᠴᠠ ᠳᠤ ᠲᠤᠳᠤᠷ᠎ᠠ ᠪᠠᠨ ᠲᠤᠭ᠎ᠠ ᠲᠠᠢ ᠪᠠᠶᠢᠵᠤ᠂ ᠪᠦᠳᠦᠮᠵᠢᠳᠡᠢ ᠰᠠᠶᠢᠨ | ᠠᠷᠭᠠᠴᠠᠭᠠᠬᠤ ᠭᠡᠷᠡᠭᠳᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠬᠢᠨᠠᠨ ᠬᠠᠮᠢᠶᠠᠷᠬᠤ ᠱᠠᠭᠠᠷᠳᠠᠯᠭ᠎ᠠ ᠶᠢ | ᠦᠨᠡᠨᠬᠦ ᠨᠠᠶᠢᠳᠠᠪᠤᠷᠢᠵᠢᠭᠤᠯᠵᠤ᠂ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂ ᠲᠡᠰ ᠬᠤᠪᠢᠶᠠᠨ | ᠬᠢᠨᠠᠨ ᠬᠠᠮᠢᠶᠠᠷᠬᠤ ᠠᠷᠭ᠎ᠠ ᠶᠢ ᠭᠡᠷᠡᠭᠵᠢᠬᠦᠯᠵᠦ᠂ ᠭᠡᠭᠡᠭᠳᠡᠬᠦᠯᠵᠦ ᠤᠷᠬᠢᠭᠳᠠᠭᠤᠯᠬᠤ ᠠᠴᠠ ᠰᠡᠷᠭᠡᠶᠢᠯᠡᠬᠦ ᠭᠡᠷᠡᠭᠳᠡᠢ᠃ | ᠡᠯ᠎ᠡ ᠠᠵᠤ ᠠᠬᠤᠶᠢᠯᠠᠯ ᠨᠢ ᠠᠶᠤᠯᠬᠦᠢ ᠦᠢᠯᠡᠳᠪᠦᠷᠢᠯᠡᠯ ᠢ ᠴᠢᠬᠤᠯᠠᠴᠢᠯᠠᠨ ᠬᠦᠨᠳᠦᠳᠬᠡᠬᠦ ᠠᠵᠢᠯ ᠤᠨ ᠵᠠᠷᠴᠢᠮ ᠢ | ᠴᠢᠩᠭ᠎ᠠ ᠪᠠᠷᠢᠮᠳᠠᠯᠠᠨ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠪ ᠦᠨᠡᠨᠬᠦ ᠪᠤᠳᠠᠳᠠᠶᠢᠵᠢᠭᠤᠯᠤᠨ | ᠨᠠᠶᠢᠳᠠᠪᠤᠷᠢᠵᠢᠭᠤᠯᠬᠤ ᠭᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠠᠶᠤᠯᠬᠦᠢ ᠦᠢᠯᠡᠳᠪᠦᠷᠢᠯᠡᠯ | ᠤᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠭᠡ ᠲᠠᠯ᠎ᠠ ᠳᠤ ᠦᠵᠡᠬᠦᠯᠬᠦ ᠴᠢᠬᠤᠯᠠ | ᠠᠴᠢ ᠬᠤᠯᠪᠤᠭᠳᠠᠯ ᠢ ᠬᠦᠨᠵᠡᠬᠡᠢ ᠲᠠᠨᠢᠵᠤ᠂ ᠮᠢᠨᠴᠦᠬᠦᠷᠡᠮᠡᠯ ᠦᠵᠡᠯ ᠰᠠᠨᠠᠭ᠎ᠠ ᠪᠠ ᠠᠵᠠ ᠬᠠᠷᠠᠬᠤ ᠪᠤᠳᠤᠯ | ᠰᠡᠳᠬᠢᠯᠬᠡ ᠶᠢ ᠡᠷᠡᠰ ᠲᠡᠪᠴᠢᠨ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠡᠷᠭᠡᠪᠰᠢ ᠪᠤᠳᠠᠳᠠᠢ ᠠᠳᠬᠤᠵᠤ | ᠨᠠᠷᠢᠨ ᠠᠳᠬᠤᠬᠤ ᠭᠡᠷᠡᠭᠳᠡᠢ ᠬᠡᠵᠦ ᠱᠠᠭᠠᠷᠳᠠᠪᠠ᠃ ᠬᠤᠷᠠᠯ ᠲᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ ᠲᠠᠷᠠᠭᠠᠴᠢ ᠶᠢᠨ ᠬᠤᠭᠤᠴᠠᠭᠠᠨ ᠤ | ᠠᠶᠤᠯᠬᠦᠢ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠡᠬᠦᠷᠭᠡ ᠶᠢ ᠪᠠᠶᠢᠷᠢᠯᠠᠭᠤᠯᠵᠠᠢ᠃ ᠬᠤᠰᠢᠭᠤᠨ ᠤ | ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠡᠯ᠎ᠡ ᠭᠡᠰᠢᠬᠦᠨ ᠨᠢᠬᠡᠴᠡ ᠵᠢᠴᠢ ᠭᠤᠤᠯᠳᠠᠯᠭ᠎ᠠ ᠲᠠᠢ ᠠᠵᠤ | ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ ︵ |