ᠮᠧᠩ ᠵᠤᠤ ᠵᠢᠶᠦ᠋ᠨ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020-05-20
       5 ᠰᠠᠷ᠎ᠠ ᠶᠢᠨ 16᠎ ᠤ  ᠡᠳᠦᠷ᠂ ᠠᠶᠢᠮᠠᠭ ᠤᠨ ᠲᠡᠳ᠋ ᠲᠠᠷᠤᠭ᠎ᠠ ᠮᠧᠩ ᠵᠤᠤ ᠵᠢᠶᠦ᠋ᠨ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂   ᠪᠤᠬᠢᠷᠳᠤᠯ ᠰᠡᠷᠭᠡᠶᠢᠯᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠲᠡᠭᠡᠳᠦ ᠱᠠᠳᠤᠨ ᠤ ᠱᠠᠭᠠᠷᠳᠠᠨ ᠪᠠᠶᠢᠴᠠᠭᠠᠯᠳᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ  ᠂ ᠦᠢᠯᠡᠳᠪᠦᠷᠢᠯᠡᠯ ᠰᠡᠷᠬᠦᠬᠡᠯᠳᠡ᠂  ᠠᠶᠤᠯᠬᠦᠢ ᠦᠢᠯᠡᠳᠪᠦᠷᠢᠯᠡᠯ᠂  ᠠᠵᠤ ᠠᠬᠤᠢ ᠶᠢᠨ ᠡᠷᠬᠢᠯᠳᠡ᠂  ᠭᠤᠤᠯᠳᠠᠯᠭ᠎ᠠ ᠎ ᠲᠠᠢ ᠲᠦᠷᠦᠯ ᠵᠦᠢᠯ ᠤᠨ ᠪᠠᠶᠢᠭᠤᠯᠤᠯᠳᠠ ᠵᠡᠷᠭᠡ ᠠᠵᠢᠯ  ᠎ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠮᠧᠩ ᠵᠤᠤ ᠵᠢᠶᠦ᠋ᠨ ᠵᠡᠷᠭᠡ ᠬᠦᠮᠦᠰ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤ᠋ ᠴᠧᠩ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ᠂  ᠲᠡᠳ᠋ ᠬᠤᠰᠢᠭᠤ ᠲᠠᠷᠤᠭ᠎ᠠ ᠰᠢᠤᠢ ᠶᠢᠩ ᠵᠢᠶᠠᠨ ᠤ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ  ᠺᠧ ᠲᠠᠢ ᠯᠦᠩ ᠳ᠋ᠠ ᠺᠤᠮᠫᠠᠨᠢ᠂  ᠱᠧᠩ ᠲᠠᠢ ᠡᠯ  ᠺᠤᠮᠫᠠᠨᠢ᠂  ᠲᠠᠩ ᠾᠧ ᠺᠤᠮᠫᠠᠨᠢ᠂  ᠪᠠᠢ ᠬᠤᠢ ᠱᠧᠩ ᠺᠤᠮᠫᠠᠨᠢ᠂  ᠲᠠᠯ᠎ᠠ ᠨᠤᠳᠤᠭ  ᠺᠤᠮᠫᠠᠨᠢ᠂ ᠬᠤᠩ ᠵᠢᠩ ᠶᠤᠸᠠᠨ ᠺᠤᠮᠫᠠᠨᠢ᠂  ᠳ᠋ᠧ ᠴᠢᠩ ᠶᠤᠸᠠᠨ ᠺᠤᠮᠫᠠᠨᠢ᠂ ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠤᠭᠤᠷᠢᠭ ᠤᠨ ᠦᠵᠡᠬᠦᠯᠬᠡ ᠶᠢᠨ ᠲᠢᠩᠬᠢᠮ᠂ ᠬᠤᠳᠠ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂   ᠹᠦ᠋ ᠱᠧᠩ ᠨᠠᠷᠠᠨ ᠤ ᠡᠨᠧᠷᠬᠢ ᠶᠢᠨ  ᠵᠢᠱᠢᠶ᠎ᠡ ᠦᠵᠡᠬᠦᠯᠬᠦ  ᠲᠤᠭᠤᠷᠢᠭ᠂   ᠴᠠᠭᠠᠰᠤ ᠰᠦᠯᠢᠶᠤᠤ ᠪᠦᠳᠦᠭᠡᠭᠳᠡᠬᠦᠨ ᠤ ᠦᠢᠯᠡᠳᠪᠦᠷᠢᠯᠡᠯ ᠤᠨ ᠲᠤᠭᠤᠷᠢᠭ᠂   ᠬᠤᠸᠠ ᠷᠦᠨ  ᠺᠤᠮᠫᠠᠨᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠤᠭᠤᠷᠢᠭ᠂    ᠡᠮᠨᠡᠯᠬᠡ ᠶᠢᠨ ᠬᠠᠶᠠᠭᠳᠠᠮᠠᠯ ᠪᠤᠳᠠᠰ ᠰᠢᠢᠳᠪᠦᠷᠢᠯᠡᠬᠦ ᠲᠦᠪ  ᠵᠡᠷᠭᠡ ᠠᠵᠤ ᠠᠬᠤᠶᠢᠯᠠᠯ ᠪᠠ ᠤᠷᠤᠨ ᠲᠤᠭᠤᠷᠢᠭ ᠲᠤ ᠬᠦᠨᠵᠡᠭᠡᠶᠢᠷᠡᠵᠦ ᠂  ᠠᠵᠤ ᠠᠬᠤᠶᠢᠯᠠᠯ ᠤᠨ ᠦᠢᠯᠡᠳᠪᠦᠷᠢᠯᠡᠯ ᠰᠡᠷᠬᠦᠭᠡᠭᠰᠡᠨ ᠪᠠᠶᠢᠳᠠᠯ᠂   ᠭᠤᠤᠯᠳᠠᠯᠭ᠎ᠠ ᠲᠠᠢ ᠲᠦᠷᠦᠯ ᠤᠨ ᠵᠦᠢᠯ ᠎ ᠤᠨ ᠠᠬᠢᠴᠠ ᠵᠢᠴᠢ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠪᠠ ᠲᠡᠭᠡᠳᠦ ᠱᠠᠳᠤᠨ ᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠪᠠᠶᠢᠴᠠᠭᠠᠨ ᠰᠤᠳᠤᠯᠤᠯᠳᠠ ᠬᠢᠪᠡ᠃ ᠪᠠᠶᠢᠴᠠᠭᠠᠯᠳᠠ ᠶᠢᠨ ᠲᠤᠮᠳᠠ᠂  ᠮᠧᠩ ᠵᠤᠤ ᠵᠢᠶᠦ᠋ᠨ ᠲᠤᠰ ᠬᠤᠰᠢᠭᠤᠨ ᠤ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠵᠡᠷᠭᠡ ᠠᠵᠢᠯ ᠳᠤ ᠬᠦᠢᠴᠡᠳ ᠨᠤᠳ᠋ᠯᠠᠯᠳᠠ ᠦᠭᠬᠦᠭᠰᠡᠨ ᠪᠠᠶᠢᠨ᠎ᠠ᠃
   
   
     ᠮᠧᠩ ᠵᠤᠤ ᠵᠢᠶᠦ᠋ᠨ  ᠱᠠᠭᠠᠷᠳᠠᠬᠤ ᠳᠠᠭᠠᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂   ᠪᠠᠶᠢᠩᠭᠤᠵᠢᠭᠰᠠᠨ  ᠬᠢᠵᠢᠭ  ᠰᠡᠷᠭᠡᠶᠢᠯᠡᠯᠳᠡ ᠶᠢᠨ ᠤᠷᠢᠳᠠᠯ ᠲᠤᠤᠷ᠎ᠠ  ᠨᠠᠮ ᠤᠨ ᠲᠦᠪ ᠬᠤᠷᠢᠶᠠᠨ ᠤ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠡᠷᠴᠢᠮᠳᠡᠢ ᠬᠢᠬᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠎ ᠶᠢ  ᠰᠠᠶᠢᠳᠤᠷ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ ᠤᠶᠢᠯᠠᠭᠠᠨ᠂  ᠭᠤᠤᠯᠳᠠᠯᠭ᠎ᠠ ᠎ ᠲᠠᠢ ᠲᠦᠷᠦᠯ  ᠎ ᠤᠨ ᠪᠠᠶᠢᠭᠤᠯᠤᠯᠳᠠ ᠶᠢ ᠦᠨᠳᠦᠷ ᠪᠠᠷᠢᠮᠵᠢᠶ᠎ᠠ᠂ ᠦᠨᠳᠦᠷ ᠪᠦᠳᠦᠮᠵᠢ ᠪᠠᠷ  ᠲᠦᠯᠬᠢᠨ ᠠᠬᠢᠭᠤᠯᠵᠤ᠂   ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ  ᠎ ᠪᠠᠷ ᠴᠢᠷᠮᠠᠶᠢᠬᠤ ᠭᠡᠷᠡᠭᠳᠡᠢ᠃ ᠡᠬᠦᠨ ᠤ ᠬᠠᠮᠳᠤ᠂  ᠠᠶᠤᠯᠬᠦᠢ ᠦᠢᠯᠡᠳᠪᠦᠷᠢᠯᠡᠯ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂   ᠠᠶᠤᠯᠬᠦᠢ ᠦᠢᠯᠡᠳᠪᠦᠷᠢᠯᠡᠯ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠲᠡᠷᠢᠬᠦᠨ ᠴᠢᠬᠤᠯᠠ ᠶᠡᠭᠡ ᠶᠠᠪᠤᠳᠠᠯ ᠪᠤᠯᠭᠠᠨ᠂   ᠰᠠᠶᠢᠨ ᠠᠳᠬᠤᠵᠤ᠂ ᠨᠠᠷᠢᠨ ᠠᠳᠬᠤᠵᠤ᠂ ᠪᠤᠳᠠᠳᠠᠢ ᠠᠳᠬᠤᠬᠤ ᠭᠡᠷᠡᠭᠳᠡᠢ᠃ ᠲᠤᠭᠳᠠᠭᠰᠠᠨ ᠬᠠᠷᠠᠯᠳᠠ ᠲᠦᠰᠦᠪ ᠶᠤᠰᠤᠭᠠᠷ᠂  ᠬᠠᠮᠤᠭ ᠤᠨ ᠪᠠᠳᠤ ᠵᠤᠷᠢᠭ᠂ ᠬᠠᠮᠤᠭ ᠤᠨ ᠴᠢᠩᠭ᠎ᠠ ᠠᠪᠤᠷ᠂  ᠬᠠᠮᠤᠭ ᠤᠨ ᠬᠦᠴᠦᠳᠡᠢ ᠠᠷᠭ᠎ᠠ ᠪᠠᠷᠢᠯ ᠢᠶᠠᠷ  ᠴᠢᠷᠮᠠᠶᠢᠨ ᠠᠵᠢᠯᠯᠠᠵᠤ᠂ ᠴᠡᠭᠴᠡᠯᠡᠨ ᠰᠠᠶᠢᠵᠢᠷᠠᠭᠤᠯᠬᠤ  ᠠᠵᠢᠯ ᠡᠬᠦᠷᠭᠡ ᠶᠢ ᠨᠠᠷᠢᠯᠢᠭ ᠪᠦᠬᠡᠳ ᠪᠤᠳᠠᠳᠠᠢ ᠨᠠᠶᠢᠳᠠᠪᠤᠷᠢᠵᠢᠭᠤᠯᠤᠨ᠂   ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠡᠨ ᠰᠠᠶᠢᠵᠢᠷᠠᠭᠤᠯᠬᠤ ᠭᠡᠷᠡᠭᠳᠡᠢ ᠬᠡᠵᠡᠢ᠃ ᠠᠶᠢᠮᠠᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂  ᠲᠤᠮᠤ ᠳ᠋ᠠᠶᠢᠲ᠋ᠠ ᠶᠢᠨ ᠲᠤᠪᠴᠢᠶᠠᠨ ᠤ ᠬᠠᠷᠢᠭᠤᠴᠠᠯᠭᠠᠳᠠᠨ  ᠪᠠᠶᠢᠴᠠᠭᠠᠨ ᠰᠤᠳᠤᠯᠤᠯᠳᠠ ᠳᠤ ᠤᠷᠤᠯᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ  ᠬᠠᠷᠢᠭᠤᠴᠠᠯᠭᠠᠳᠠᠳ ᠪᠠᠷ᠎ᠠ ᠪᠤᠯᠵᠤ ᠪᠠᠶᠢᠴᠠᠭᠠᠨ ᠰᠤᠳᠤᠯᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号