ᠲᠠᠶᠢᠹᠤᠰᠧ ᠬᠤᠰᠢᠭᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠎ ᠤ ᠢᠯᠠᠯᠳᠠ ᠶᠢ ᠤᠯᠬᠤ ᠎ ᠪᠠᠷ  ᠴᠢᠷᠮᠠᠶᠢᠨᠠᠮ
ᠨᠡᠶᠢᠲᠡᠯᠡᠭᠰᠡᠨ ᠴᠠᠭ᠄
2020/5/20
   2020 ᠤᠨ ᠳᠤ ᠲᠠᠶᠢᠹᠤᠰᠧ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠭᠡ ᠎ ᠶᠢ ᠲᠤᠭᠳᠠᠭᠰᠠᠨ ᠬᠤᠭᠤᠴᠠᠭᠠᠨ ᠳᠤ  ᠪᠡᠶᠡᠯᠡᠬᠦᠯᠬᠦ ᠶᠢᠨ ᠬᠠᠮᠳᠤ᠂᠂  ᠪᠤᠬᠢᠷᠳᠤᠯ ᠰᠡᠷᠭᠡᠶᠢᠯᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ  ᠠᠬᠢᠭᠤᠯᠵᠤ᠂  ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ  ᠤᠯᠠᠮ ᠰᠠᠶᠢᠨ ᠦᠷᠨᠢᠬᠦᠯᠬᠦ ᠪᠠᠷ ᠪᠠᠶᠢᠨ᠎ᠠ᠃      ᠲᠤᠰ ᠬᠤᠰᠢᠭᠤ ᠨᠢ ᠡᠯ᠎ᠡ ᠱᠠᠳᠤᠨ ᠤ ᠡᠯ᠎ᠡ ᠲᠦᠷᠦᠯ ᠤᠨ ᠱᠠᠭᠠᠷᠳᠠᠨ ᠪᠠᠶᠢᠴᠠᠭᠠᠯᠳᠠ ᠳᠤ ᠲᠤᠰᠬᠠᠬᠰᠠᠨ ᠰᠠᠨᠠᠯ ᠶᠤᠰᠤᠭᠠᠷ ᠠᠰᠠᠭᠤᠳᠠᠯ ᠢ  ᠴᠡᠭᠴᠡᠯᠡᠨ ᠰᠠᠶᠢᠵᠢᠷᠠᠭᠤᠯᠬᠤ ᠶᠢ ᠦᠷᠬᠦᠯᠵᠢᠯᠡᠨ ᠰᠠᠶᠢᠳᠤᠷ ᠠᠳᠬᠤᠵᠤ᠂   ᠦᠪᠡᠷᠳᠡᠭᠡᠨ ᠵᠠᠰᠠᠬᠤ ᠤᠷᠤᠨ ᠤ ᠪᠦᠬᠦ ᠲᠠᠯ᠎ᠠ ᠶᠢᠨ ᠤᠶᠢᠯᠠᠭᠠᠨ ᠪᠠᠶᠢᠴᠠᠭᠠᠯᠳᠠ ᠪᠠ ᠤᠯᠤᠰ ᠤᠨ ᠨᠡᠶᠢᠳᠡᠮ ᠪᠠᠶᠢᠴᠠᠭᠠᠯᠳᠠ ᠶᠢᠨ ᠡᠬᠦᠷᠭᠡ ᠶᠢ ᠴᠢᠨᠠᠷ ᠰᠠᠶᠢᠳᠠᠢ ᠪᠡᠶᠡᠯᠡᠬᠦᠯᠵᠦ᠂  ︽ᠲᠦᠷᠪᠡ ᠶᠢ ᠦᠯᠦ ᠬᠠᠶᠠᠬᠤ︾ ᠱᠠᠭᠠᠷᠳᠠᠯᠭ᠎ᠠ  ᠎ ᠶᠢ ᠨᠢᠮᠪᠠᠢ ᠨᠠᠶᠢᠳᠠᠪᠤᠷᠢᠵᠢᠭᠤᠯᠤᠨ᠂  ᠶᠠᠳᠠᠭᠤ ᠠᠴᠠ ᠠᠩᠬᠢᠵᠢᠷᠠᠵᠤ ᠶᠠᠳᠠᠭᠤᠷᠠᠯ ᠠᠴᠠ ᠰᠡᠷᠭᠡᠶᠢᠯᠡᠬᠦ ᠤᠷᠳᠤ ᠬᠤᠭᠤᠴᠠᠭᠠᠨ ᠤ ᠪᠦᠳᠦᠮᠵᠢᠳᠦ  ᠲᠤᠭᠳᠠᠴᠠ ᠶᠢ ᠲᠡᠬᠦᠯᠳᠡᠷᠵᠢᠬᠦᠯᠵᠦ᠂   ᠦᠯᠡᠳᠡᠵᠦ  ᠪᠠᠶᠢᠭ᠎ᠠ  60 ᠡᠷᠦᠬᠡ 110 ᠬᠦᠮᠦᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠠᠷ ᠲᠤᠭᠳᠠᠵᠠᠢ᠃ ᠤᠰᠤ  ᠂ ᠴᠠᠬᠢᠯᠭᠠᠨ᠂ ᠡᠮ ᠡᠮᠨᠡᠯᠬᠡ᠂ ᠰᠤᠷᠭᠠᠨ ᠬᠦᠮᠦᠵᠢᠯ᠂ ᠤᠷᠤᠨ ᠰᠠᠭᠤᠴᠠ ᠪᠠ ᠨᠡᠶᠢᠬᠡᠮ ᠤᠨ  ᠪᠠᠳᠤᠯᠭ᠎ᠠ ᠵᠡᠷᠭᠡ ᠳᠤ ᠬᠤᠯᠪᠤᠭᠳᠠᠭᠰᠠᠨ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠨᠢᠮᠪᠠᠢ ᠨᠠᠶᠢᠳᠠᠪᠤᠷᠢᠵᠢᠭᠤᠯᠵᠤ᠂  ︽ᠬᠤᠶᠠᠷ ᠲᠤ ᠦᠯᠦ ᠵᠤᠪᠠᠭ᠋ᠤ᠂ ᠭᠤᠷᠪᠠ ᠶᠢ ᠵᠠᠪᠠᠯ ᠪᠠᠳᠤᠯᠠᠬᠤ︾ ᠬᠢᠷᠢ ᠲᠦᠪᠰᠢᠨ ᠢ  ᠲᠡᠭᠡᠭᠰᠢᠯᠡᠬᠦᠯᠦᠨ᠂  2.8 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂   ᠠᠵᠤ ᠦᠢᠯᠡᠰ ᠢᠶᠠᠷ ᠲᠡᠳᠬᠦᠬᠦ᠂ ᠡᠮ ᠡᠮᠨᠡᠯᠬᠡ ᠪᠠᠷ ᠲᠡᠳᠬᠦᠬᠦ᠂   ᠪᠠᠭ᠎ᠠ ᠬᠡᠯᠪᠡᠷᠢ ᠶᠢᠨ ᠨᠡᠶᠢᠳᠡ ᠶᠢᠨ  ᠠᠰᠠᠷᠠᠮᠵᠢ ᠶᠢᠨ ᠦᠢᠯᠡᠰ᠂  ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ ᠤᠨ ᠱᠠᠩᠨᠠᠯ ᠨᠦᠬᠦᠪᠦᠷᠢ᠂  ᠠᠵᠢᠯ ᠤᠨ ᠪᠠᠶᠢᠷᠢ  ᠎ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠵᠡᠷᠭᠡ 36 ᠲᠦᠷᠦᠯ ᠵᠦᠢᠯ ᠢ ᠭᠡᠷᠡᠭᠵᠢᠬᠦᠯᠵᠦ᠂   ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢ ᠤᠯᠠᠮ ᠴᠢᠨᠠᠭᠰᠢᠳᠠ  ᠪᠠᠬᠢᠵᠢᠬᠦᠯᠦᠨ᠂  ︽3+3︾ ᠶᠠᠳᠠᠭᠤ ᠶᠢ ᠳᠡᠳᠬᠦᠬᠦ ᠲᠤᠭᠳᠠᠴᠠ  ᠎ ᠶᠢᠨ ᠦᠷ᠎ᠡ ᠨᠦᠯᠦᠬᠡ ᠶᠢ  ᠪᠠᠳᠤᠳᠬᠠᠬᠤ ᠶᠢᠨ ᠬᠠᠮᠳᠤ ᠨᠡᠮᠡᠭᠳᠡᠬᠦᠯᠵᠦ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠪᠠ ᠠᠵᠤ ᠦᠢᠯᠡᠰ ᠬᠦᠭᠵᠢᠯᠳᠡ ᠶᠢᠨ  ᠬᠦᠨᠵᠡᠬᠡᠢ ᠠᠭᠤᠰᠤᠯᠴᠠᠬᠤ ᠶᠢ  ᠠᠬᠢᠭᠤᠯᠵᠤ᠂  ᠭᠠᠴᠠᠭ᠎ᠠ ᠲᠤᠰᠬᠤᠨ ᠤ ᠬᠠᠮᠳᠤ  ᠎ ᠶᠢᠨ ᠠᠵᠤ ᠠᠬᠤᠢ ᠶᠢ ᠲᠠᠰᠤᠷᠠᠯᠳᠠ ᠦᠬᠡᠢ  ᠬᠦᠭᠵᠢᠬᠦᠯᠦᠨ ᠪᠤᠵᠠᠭᠠᠶᠢᠷᠠᠭᠤᠯᠵᠤ᠂   ᠲᠦᠷᠦᠯ ᠵᠦᠢᠯ ᠤᠨ ᠪᠡᠯᠡ  ᠮᠦᠩᠬᠦᠨ ᠤ ᠠᠰᠢᠭᠯᠠᠯᠳᠠ  ᠪᠠ  ᠡᠳ᠋ ᠬᠦᠷᠦᠩᠬᠡ ᠶᠢᠨ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠨ᠂   ᠭᠠᠴᠠᠭ᠎ᠠ ᠲᠤᠰᠬᠤᠨ ᠎ ᠤ  ᠪᠡᠯᠡ  ᠮᠦᠩᠬᠦ᠂ ᠡᠳ᠋ ᠬᠦᠷᠦᠩᠬᠡ᠂ ᠡᠬᠢ ᠪᠠᠶᠠᠯᠢᠭ ᠤᠨ ᠬᠠᠮᠢᠶᠠᠷᠤᠯᠳᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂   ᠶᠠᠳᠠᠭᠤ ᠬᠦᠴᠢᠷᠳᠡᠢ ᠤᠯᠠᠨ ᠲᠦᠮᠡᠨ ᠳᠤ ᠦᠷᠬᠦᠯᠵᠢᠯᠡᠨ ᠠᠰᠢᠭ  ᠬᠦᠷᠳᠡᠭᠡᠬᠦ ᠶᠢ  ᠪᠠᠳᠤᠯᠠᠬᠤ ᠪᠠᠷ ᠪᠠᠶᠢᠨ᠎ᠠ᠃ ᠡᠬᠦᠨ ᠤ ᠬᠠᠮᠳᠤ᠂  ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ ᠪᠠ ᠲᠦᠪ ᠤᠨ ᠪᠠᠶᠢᠭᠤᠯᠭ᠎ᠠ ᠶᠢᠨ ᠬᠠᠪᠰᠤᠷᠤᠨ ᠲᠡᠳᠬᠦᠬᠦ ᠴᠡᠭ ᠤᠨ ᠠᠵᠢᠯ ᠢ ᠬᠦᠨᠵᠡᠬᠡᠶᠢᠷᠡᠬᠦᠯᠵᠦ᠂  ᠡᠯ᠎ᠡ ᠱᠠᠳᠤᠨ ᠤ ᠬᠠᠪᠰᠤᠷᠤᠨ ᠲᠡᠳᠬᠦᠬᠦ ᠺᠠᠳᠠᠷ ᠤᠨ ᠬᠠᠷᠢᠭᠤᠴᠠᠯᠭ᠎ᠠ ᠶᠢ ᠦᠷᠬᠦᠯᠵᠢᠯᠡᠨ  ᠴᠢᠩᠭᠠᠳᠬᠠᠵᠤ᠂ ᠭᠠᠴᠠᠭ᠎ᠠ ᠲᠤᠰᠬᠤᠨ᠂ ᠠᠶᠢᠯ ᠡᠷᠦᠬᠡ᠂ ᠬᠦᠮᠦᠨ ᠨᠢᠬᠡᠪᠦᠷᠢ ᠳᠤ ᠬᠦᠷᠳᠡᠯ᠎ᠡ ᠤᠨᠢᠨ ᠲᠡᠭᠡᠷ᠎ᠡ ᠨᠢ ᠲᠡᠳᠬᠦᠬᠦ ᠶᠢ ᠪᠡᠶᠡᠯᠡᠬᠦᠯᠦᠨ᠂    ︽ᠤᠷᠮ᠎ᠠ ᠵᠤᠷᠢᠭ ᠤᠶᠤᠨ ᠤᠬᠠᠭᠠᠨ ᠢᠶᠠᠷ ᠲᠡᠳᠬᠦᠬᠦ︾᠎ ᠶᠢ  ᠪᠠᠷᠢᠮᠳᠠᠯᠠᠵᠤ᠂   ᠶᠠᠳᠠᠭᠤ ᠬᠦᠴᠢᠷᠳᠡᠯᠳᠡᠢ ᠬᠦᠮᠦᠨ ᠠᠮᠠ  ᠎ ᠶᠢᠨ ᠲᠤᠳᠤᠭᠠᠳᠤ ᠶᠢᠨ ᠬᠦᠳᠡᠯᠭᠡᠭᠴᠢ ᠬᠦᠴᠦᠨ ᠢ ᠴᠢᠩᠭᠠᠷᠠᠭᠤᠯᠤᠨ᠂  ᠶᠠᠳᠠᠭᠤ ᠬᠦᠴᠢᠷᠳᠡᠯᠳᠡᠢ ᠤᠯᠠᠨ ᠲᠦᠮᠡᠨ ᠢ ᠪᠦᠬᠦ ᠬᠤᠰᠢᠭᠤᠨ ᠤ ᠠᠷᠠᠳ ᠲᠦᠮᠡᠨ ᠲᠠᠢ  ᠵᠡᠷᠭᠡᠪᠡᠷ ᠴᠢᠨᠡᠭᠡᠯᠢᠭ ᠨᠡᠶᠢᠬᠡᠮ ᠳᠤ ᠠᠯᠬᠤᠭᠤᠯᠬᠤ  ᠎ ᠪᠠᠷ ᠴᠢᠷᠮᠠᠶᠢᠵᠤ ᠪᠠᠶᠢᠨ᠎ᠠ᠃      ᠤᠯᠤᠰ᠂ ᠤᠷᠤᠨ ᠤ ᠱᠠᠭᠠᠷᠳᠠᠨ ᠪᠠᠶᠢᠴᠠᠭᠠᠯᠳᠠ ᠳᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂  ᠬᠤᠶᠠᠳᠠᠬᠢ ᠡᠬᠡᠯᠵᠢ ᠶᠢᠨ ᠤᠯᠤᠰ ᠤᠨ ᠪᠠᠶᠢᠴᠠᠭᠠᠯᠳᠠ ᠶᠢ ᠤᠭᠳᠤᠬᠤ ᠳᠤ ᠰᠠᠭᠤᠷᠢ  ᠲᠠᠯᠪᠢᠨ᠂  ︽ᠰᠤᠯᠠ   ᠵᠠᠳᠠᠭᠠᠢ᠂  ᠡᠮᠬᠢ ᠲᠢᠭᠯᠡᠮ ᠦᠬᠡᠢ᠂ ᠪᠤᠬᠢᠷᠳᠤᠯ ᠶᠡᠬᠡᠳᠡᠢ︾ ᠠᠵᠤ ᠠᠬᠤᠶᠢᠯᠠᠯ ᠳᠤ ᠴᠡᠭᠴᠡᠯᠡᠯᠳᠡ ᠬᠢᠬᠦ  ᠎ ᠪᠠᠨ ᠲᠦᠷᠭᠡᠳᠭᠡᠵᠦ᠂  ᠴᠠᠶᠢᠶ᠋ᠢᠤ  ᠲᠤᠰᠤ ᠰᠢᠳᠠᠭᠠᠬᠤ ᠠᠴᠢᠶᠠᠨ ᠤ ᠮᠠᠰᠢᠨ ᠤ  ᠪᠤᠬᠢᠷᠳᠤᠯ ᠢ  ᠰᠡᠷᠭᠡᠶᠢᠯᠡᠬᠦ ᠲᠤᠰᠬᠠᠢ ᠴᠡᠭᠴᠡᠯᠡᠯᠳᠡ ᠶᠢ ᠦᠷᠨᠢᠬᠦᠯᠦᠨ᠂   ᠪᠤᠤᠴᠠᠩ  ᠪᠠᠯᠭᠠᠰᠤᠨ ᠤ 21 ᠰᠠᠭᠤᠷᠢ ᠠᠷᠪᠠᠨ ᠲᠤᠨ ᠠᠴᠠ ᠲᠤᠷᠤᠭᠰᠢ ᠨᠡᠬᠦᠷᠡᠰᠦ ᠰᠢᠳᠠᠭᠠᠬᠤ ᠵᠤᠤᠬ᠎ᠠ ᠶᠢ  ᠭᠡᠷᠡᠭᠯᠡᠭᠡᠨ ᠠᠴᠠ ᠭᠠᠷᠭᠠᠵᠤ᠂  ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠬᠠᠤᠯᠢ ᠶᠤᠰᠤᠭᠠᠷ  ᠴᠢᠩᠭᠠᠳᠬᠠᠨ᠂   ᠤᠰᠤᠨ ᠤ ᠦᠨ᠎ᠡ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂  ᠭᠤᠷᠪᠠᠨ ᠱᠠᠳᠤᠨ ᠤ ᠭᠤᠤᠯ ᠤᠨ ᠲᠠᠷᠤᠭ᠎ᠠ ᠶᠢᠨ ᠲᠦᠷᠢᠮ ᠢ  ᠨᠠᠶᠢᠳᠠᠪᠤᠷᠢᠵᠢᠭᠤᠯᠤᠨ᠂   ︽ᠲᠦᠷᠪᠡᠨ ᠲᠢᠭᠯᠡᠮ ᠦᠬᠡᠢ︾ ᠦᠵᠡᠭᠳᠡᠯ  ᠎ ᠢ ᠦᠷᠬᠦᠯᠵᠢᠯᠡᠨ ᠴᠡᠭᠴᠡᠯᠡᠬᠦ ᠎ ᠪᠠᠷ ᠪᠠᠶᠢᠨ᠎ᠠ᠃ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠮᠢᠳᠤᠷᠠᠯ ᠤᠨ   ᠬᠤᠭ ᠨᠤᠪᠰᠢ ᠶᠢ ᠰᠢᠢᠳᠪᠦᠷᠢᠯᠡᠬᠦ ᠦᠢᠯᠡᠳᠪᠦᠷᠢ᠂ ᠡᠮᠨᠡᠯᠬᠡ ᠶᠢᠨ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠲᠦᠪ  ᠎ ᠢ ᠪᠠᠶᠢᠭᠤᠯᠤᠨ ᠠᠰᠢᠭᠯᠠᠯᠳᠠ ᠳᠤ  ᠤᠷᠤᠭᠤᠯᠬᠤ ᠶᠢᠨ ᠬᠠᠮᠳᠤ᠂ ᠲᠠᠷᠢᠶᠠᠯᠠᠩ ᠤᠨ ᠪᠤᠬᠢᠷᠳᠤᠯ ᠎ ᠢ ᠪᠦᠬᠦ ᠲᠠᠯ᠎ᠠ ᠪᠠᠷ ᠬᠢᠨᠠᠨ  ᠡᠵᠡᠮᠳᠡᠵᠦ᠂   ᠰᠦᠯᠢᠶᠤᠤ ᠪᠦᠷᠬᠦᠪᠴᠢ ᠶᠢ ᠲᠠᠬᠢᠨ ᠠᠰᠢᠭᠯᠠᠬᠤ ᠶᠢ ᠠᠬᠢᠭᠤᠯᠤᠨ᠂  ᠤᠷᠭᠠᠨᠢᠭ ᠪᠤᠷᠳᠤᠭᠤᠷ ᠭᠡᠷᠡᠭᠯᠡᠬᠦ ᠬᠠᠷᠢᠴᠠᠯ ᠢ ᠴᠢᠨᠠᠭᠰᠢᠳᠠ ᠨᠡᠮᠡᠭᠳᠡᠬᠦᠯᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ ᠭᠡᠷᠡᠭᠡᠯᠡᠬᠦ ᠬᠡᠮᠵᠢᠶ᠎ᠡ ᠶᠢ ᠦᠷᠬᠦᠯᠵᠢᠯᠡᠨ ᠪᠠᠭᠠᠰᠬᠠᠨ᠂  ᠠᠷᠭᠠᠯ ᠬᠤᠭ ᠢ ᠡᠬᠢ ᠪᠠᠶᠠᠯᠢᠬᠵᠢᠭᠤᠯᠤᠨ ᠠᠰᠢᠭᠯᠠᠬᠤ ᠲᠦᠷᠦᠯ ᠵᠦᠢᠯ ᠢ ᠭᠡᠷᠡᠭᠵᠢᠬᠦᠯᠵᠦ᠂   ᠶᠡᠷᠦᠩᠬᠡᠢ ᠠᠰᠢᠭᠯᠠᠯᠳᠠ ᠶᠢᠨ ᠨᠤᠷᠮ᠎ᠠ ᠶᠢ 75%᠎ ᠳᠤ ᠬᠦᠷᠭᠡᠵᠦ᠂  ᠭᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ  ᠠᠷᠭᠠᠯ ᠬᠤᠭ ᠰᠢᠢᠳᠪᠦᠷᠢᠯᠡᠬᠦ ᠲᠦᠬᠦᠭᠡᠷᠦᠮᠵᠢ ᠶᠢᠨ ᠢᠵᠢ ᠪᠦᠷᠢᠳᠦᠭᠰᠡᠨ ᠨᠤᠷᠮ᠎ᠠ ᠶᠢ 95%᠎ ᠠᠴᠠ ᠲᠡᠭᠡᠭᠰᠢ  ᠪᠤᠯᠭᠠᠬᠤ ᠪᠠᠷ ᠪᠠᠶᠢᠨ᠎ᠠ᠃ ᠠᠭᠤᠯᠠ ᠠᠭᠤᠷᠬᠠᠢ ᠶᠢ ᠰᠡᠷᠬᠦᠬᠡᠨ ᠵᠠᠰᠠᠬᠤ ᠪᠠ ᠤᠶᠢᠵᠢᠭᠤᠯᠵᠤ ᠨᠤᠭᠤᠭᠠᠷᠠᠭᠤᠯᠬᠤ ᠡᠬᠦᠷᠭᠡ ᠶᠢ ᠪᠡᠶᠡᠯᠡᠬᠦᠯᠵᠦ᠂ ᠡᠯᠡᠰᠦᠨ ᠤ ᠡᠬᠢ ᠶᠢ ᠵᠠᠰᠠᠬᠤ  ᠂   ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠭᠤᠯᠤᠯᠳᠠ᠂  ᠤᠢ ᠮᠤᠳᠤ ᠶᠢ ᠠᠷᠠᠴᠢᠯᠠᠨ ᠪᠤᠶᠢᠵᠢᠭᠤᠯᠬᠤ ᠪᠠ ᠨᠦᠬᠦᠵᠦ ᠲᠠᠷᠢᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ  11.4 ᠲᠦᠮᠡᠨ ᠮᠤ᠋ ᠲᠠᠯᠠᠪᠠᠢ ᠎ ᠳᠤ ᠭᠡᠷᠡᠭᠵᠢᠬᠦᠯᠦᠨ᠂  ᠪᠤᠤᠴᠠᠩ ᠪᠠᠯᠭᠠᠰᠤᠨ ᠤ ᠵᠡᠬᠦᠨ ᠠᠭᠤᠯᠠᠨ ᠤ ᠨᠡᠬᠦᠷᠡᠰᠦᠲᠦᠷᠦᠭᠴᠢ ᠬᠤᠷᠠᠭᠤᠯᠬᠤ ᠠᠵᠤ ᠠᠬᠤᠢ ᠶᠢᠨ ᠤᠢ  ᠮᠤᠳᠤᠨ ᠤ  ᠪᠦᠳᠦᠬᠡᠨ ᠪᠠᠶᠢᠭᠤᠯᠤᠯᠳᠠ  ᠵᠢᠴᠢ ᠲᠦᠮᠡᠨ ᠮᠤ᠋ ᠶᠢᠨ ᠠᠵᠤ ᠠᠬᠤᠢ ᠶᠢᠨ ᠮᠤᠳᠤᠨ ᠎ ᠤ ᠪᠦᠳᠦᠬᠡᠨ ᠪᠠᠶᠢᠭᠤᠯᠤᠯᠳᠠ ᠶᠢ ᠡᠬᠢᠯᠡᠵᠦ᠂  ᠤᠯᠠᠭᠠᠨ ᠠᠯᠮᠤᠷᠠᠳ ᠤᠨ ᠰᠠᠭᠤᠷᠢᠨ ᠭᠠᠵᠠᠷ᠂ ᠴᠢᠶᠠᠨ ᠶᠢᠨ ᠭᠸᠦ ᠪᠠᠯᠭᠠᠰᠤᠨ ᠤ  ᠭᠸᠦ ᠮᠧᠨ ᠲᠤᠰᠬᠤᠨ ᠤ ᠠᠵᠤ ᠠᠬᠤᠢ ᠶᠢᠨ ᠮᠤᠳᠤᠨ ᠤ ᠪᠦᠰᠡ ᠶᠢ ᠭᠤᠤᠯᠳᠠᠯᠭ᠎ᠠ ᠲᠠᠢ ᠡᠬᠦᠳᠦᠨ  ᠪᠠᠶᠢᠭᠤᠯᠬᠤ ᠪᠤᠯᠤᠨ᠎ᠠ᠃   ᠡᠬᠦᠨ ᠤ ᠬᠠᠮᠳᠤ᠂ ᠰᠢᠨ᠎ᠡ ᠨᠢᠬᠡᠨ ᠡᠬᠡᠯᠵᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠴᠢᠭᠡᠷᠯᠡᠬᠦᠯᠬᠦ ᠎ ᠶᠢ ᠴᠠᠭᠠᠵᠠᠯᠠᠬᠤ ᠪᠠ ᠮᠠᠯ ᠪᠡᠯᠴᠢᠬᠡᠷ ᠤᠨ ᠲᠡᠩᠴᠡᠬᠦᠷᠢ ᠶᠢᠨ ᠲᠦᠷᠢᠮ ᠢ ᠴᠢᠩᠭ᠎ᠠ ᠭᠡᠷᠡᠭᠵᠢᠬᠦᠯᠬᠦ ᠪᠠᠷ ᠲᠤᠭᠳᠠᠵᠠᠢ  ᠃     ᠡᠳ᠋ ᠤᠨ ᠵᠠᠰᠠᠭ ᠤᠨ ᠪᠡᠯᠡ  ᠮᠦᠩᠬᠦᠨ ᠤ ᠦᠷ᠎ᠡ ᠪᠦᠳᠦᠮᠵᠢ ᠶᠢᠨ ᠦᠨᠡᠯᠡᠯᠳᠡ ᠶᠢ ᠴᠢᠩᠭᠠᠳᠬᠠᠨ᠂  ᠡᠳ᠋ ᠎ ᠤᠨ ᠵᠠᠰᠠᠭ ᠤᠨ ᠵᠠᠷᠤᠯᠭ᠎ᠠ ᠶᠢᠨ ᠪᠦᠷᠢᠯᠳᠦᠴᠡ ᠶᠢ ᠰᠢᠯᠢᠳᠡᠭᠵᠢᠬᠦᠯᠵᠦ᠂  ᠪᠦᠬᠦ ᠬᠦᠴᠦᠨ ᠢᠶᠠᠷ ︽ᠭᠤᠷᠪᠠ ᠶᠢ ᠪᠠᠳᠤᠯᠠᠬᠤ︾  ᠎ ᠶᠢ  ᠪᠡᠶᠡᠯᠡᠬᠦᠯᠦᠨ᠂  ᠵᠠᠰᠠᠭ ᠤᠨ ᠤᠷᠳᠤᠨ ᠤ  ᠪᠡᠯᠡ  ᠤᠷᠤᠭᠤᠯᠬᠤ ᠠᠵᠢᠯᠯᠠᠭ᠎ᠠ ᠶᠢ ᠴᠢᠩᠭ᠎ᠠ ᠲᠦᠷᠢᠮᠵᠢᠬᠦᠯᠵᠦ᠂  ᠪᠡᠯᠡ ᠤᠷᠤᠭᠤᠯᠬᠤ ᠰᠢᠨ᠎ᠡ ᠲᠦᠷᠦᠯ ᠵᠦᠢᠯ  ᠎ ᠳᠤ ᠪᠦᠷ  ᠦᠷᠢ ᠦᠭᠴᠡᠭᠡᠨ ᠤ ᠲᠦᠭᠰᠢᠬᠦᠷᠢ ᠎ ᠶᠢᠨ ᠦᠨᠡᠯᠡᠯᠳᠡ ᠪᠠ ᠬᠠᠤᠯᠢ ᠳᠤ ᠨᠡᠶᠢᠴᠡᠬᠦᠯᠬᠦ ᠬᠢᠨᠠᠨ ᠪᠠᠶᠢᠴᠠᠭᠠᠯᠳᠠ ᠬᠢᠵᠦ᠂  ᠴᠢᠨᠠᠷ ᠰᠠᠶᠢᠳᠠᠢ  ᠭᠠᠶᠢᠯᠢ ᠶᠢᠨ ᠢᠷᠡᠯᠳᠡ ᠶᠢ ᠢᠳᠡᠪᠬᠢᠳᠡᠢ ᠪᠤᠶᠢᠵᠢᠭᠤᠯᠤᠨ᠂  ᠬᠠᠳᠠᠭᠠᠯᠭᠳᠠᠵᠤ ᠪᠦᠬᠦᠢ  ᠬᠦᠷᠦᠩᠬᠡ ᠪᠡᠯᠡ  ᠎ ᠶᠢ ᠡᠷᠬᠢᠯᠳᠡ ᠳᠤ  ᠤᠷᠤᠭᠤᠯᠵᠤ᠂  ᠤᠯᠤᠰ ᠤᠨ ᠦᠮᠴᠢᠯᠡᠯ ᠤᠨ ᠪᠡᠯᠡ ᠬᠤᠷᠠᠮᠳᠤᠭᠤᠯᠬᠤ ᠲᠠᠪᠴᠠᠩ ᠤᠨ ᠬᠡᠯᠪᠡᠷᠢ ᠶᠢ ᠲᠦᠷᠭᠡᠨ ᠬᠤᠪᠢᠷᠠᠭᠤᠯᠵᠤ᠂ ᠵᠢᠬᠡᠯᠡᠯᠬᠡ ᠶᠢᠨ ᠲᠡᠮᠳᠡᠭ  ᠎ ᠤᠨ ᠭᠡᠷᠡᠭᠯᠡᠬᠡᠨ ᠤ ᠬᠡᠪᠴᠢᠶ᠎ᠡ ᠶᠢ ᠦᠷᠭᠡᠳᠬᠡᠨ᠂  ᠵᠠᠰᠠᠭ ᠤᠨ ᠤᠷᠳᠤᠨ ᠎ ᠤ ᠦᠷᠢ ᠰᠢᠷᠢ ᠰᠢᠢᠳᠪᠦᠷᠢᠯᠡᠬᠦ ᠵᠢᠯ ᠤᠨ ᠡᠬᠦᠷᠭᠡ ᠶᠢ ᠤᠷᠢᠳᠴᠢᠯᠠᠨ ᠪᠡᠶᠡᠯᠡᠬᠦᠯᠬᠦ ᠪᠠᠷ  ᠴᠢᠷᠮᠠᠶᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号