ᠲᠠᠶᠢᠹᠤᠰᠧ ᠬᠤᠰᠢᠭᠤ ᠡᠨᠡ  ᠵᠢᠯ ᠠᠷᠠᠳ ᠤᠨ ᠠᠮᠢᠳᠤᠷᠠᠯ ᠳᠤ  ᠬᠤᠯᠪᠤᠭᠳᠠᠭᠰᠠᠨ ᠲᠤᠯᠤᠭᠠᠨ ᠪᠤᠳᠠᠳᠠᠢ ᠠᠵᠢᠯ ᠢ ᠬᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/5/21
  ᠲᠠᠶᠢᠹᠤᠰᠧ ᠬᠤᠰᠢᠭᠤ  ᠠᠷᠠᠳ ᠤᠨ ᠲᠦᠯᠦᠭᠡᠯᠡᠭᠴᠢᠳ ᠤᠨ  ᠪᠢᠯᠧᠲ ᠪᠠᠷ ᠰᠢᠢᠳᠬᠦ ᠲᠦᠷᠢᠮ ᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠳᠤ ᠨᠢᠬᠳᠠ ᠬᠤᠯᠪᠤᠭᠳᠠᠭᠰᠠᠨ ᠪᠤᠳᠠᠳᠠᠢ ᠠᠵᠢᠯ ᠤᠳ ᠢ ᠰᠠᠶᠢᠨ ᠬᠢᠬᠦ ᠪᠠᠷ ᠴᠢᠷᠮᠠᠶᠢᠵᠤ ᠪᠠᠶᠢᠨ᠎ᠠ᠃ 2020 ᠤᠨ ᠳᠤ ᠵᠠᠰᠠᠭ ᠤᠨ ᠤᠷᠳᠤᠨ ᠤ ᠠᠷᠠᠳ ᠲᠤ ᠠᠮᠠᠯᠳᠠᠭᠰᠠᠨ ᠲᠤᠯᠤᠭᠠᠨ ᠪᠤᠳᠠᠳᠠᠢ ᠠᠵᠢᠯ ᠪᠤᠯ᠄ ᠨᠢᠬᠡ ᠳᠤ᠂  ᠪᠤᠤᠴᠠᠩ ᠤᠨ ᠰᠢ ᠱᠠᠨ ᠵᠠᠮ ᠪᠠ ᠯᠦᠸᠧ ᠲᠦᠸᠧ ᠱᠠᠨ ᠵᠠᠮ ᠢ ᠨᠡᠪᠳᠡᠷᠡᠬᠦᠯᠵᠦ᠂ ᠬᠤᠳᠠ ᠶᠢᠨ ᠲᠤᠭᠤᠷᠢᠭ ᠤᠨ ᠵᠠᠮ ᠬᠠᠷᠢᠯᠴᠠᠭ᠎ᠠ ᠲᠦᠬᠦᠮ ᠪᠤᠰᠤ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂ ᠲᠸᠦ ᡁᠢ ᠵᠢᠶᠠᠨ ᠡᠷᠡᠬᠦᠯ ᠬᠠᠮᠠᠭᠠᠯᠠᠯ ᠤᠨ ᠬᠤᠷᠢᠶ᠎ᠠ ᠶᠢ ᠦᠬᠡᠷᠡᠴᠢᠯᠡᠨ ᠰᠠᠶᠢᠵᠢᠷᠠᠭᠤᠯᠵᠤ᠂   ᠰᠤᠮᠤ ᠰᠢᠶᠠᠩ ᠪᠠᠯᠭᠠᠰᠤᠨ ᠤ 11 ᠰᠠᠭᠤᠷᠢ ᠡᠷᠡᠬᠦᠯ ᠬᠠᠨᠮᠠᠭᠠᠯᠠᠯ ᠤᠨ ᠬᠤᠷᠢᠶ᠎ᠠ  ᠎ ᠳᠤ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ ᠲᠠᠰᠤᠭ ᠪᠠ ᠲᠤᠰᠠᠭᠠᠷᠯᠠᠨ ᠠᠵᠢᠭᠯᠠᠬᠤ ᠲᠠᠰᠤᠭ ᠢ ᠪᠠᠶᠢᠭᠤᠯᠤᠨ᠂ ᠦᠨᠳᠦᠰᠦᠨ ᠱᠠᠳᠤᠨ ᠤ ᠡᠮᠨᠡᠯᠬᠡ ᠶᠢᠨ ᠪᠠᠶᠢᠭᠤᠯᠤᠮᠵᠢ ᠶᠢᠨ ᠰᠠᠭᠤᠷᠢ ᠲᠦᠬᠦᠭᠡᠷᠦᠮᠵᠢ ᠪᠠᠷᠢᠮᠵᠢᠶ᠎ᠠ ᠳᠤ ᠬᠦᠷᠬᠦ ᠦᠬᠡᠢ ᠠᠰᠠᠭᠤᠳᠠᠯ ᠢ ᠰᠢᠢᠳᠪᠦᠷᠢᠯᠡᠨ᠎ᠡ᠃  ᠭᠤᠷᠪᠠ ᠳᠤ᠂ ᠪᠤᠤᠴᠠᠩ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢᠨ  ᠡᠮᠦᠨ᠎ᠡ ᠡᠬᠦᠳᠡ ᠪᠠ  ᠤᠷᠤᠵᠤ ᠭᠠᠷᠬᠤ ᠵᠠᠮ ᠢ ᠦᠬᠡᠷᠡᠴᠢᠯᠡᠵᠦ᠂   ᠲᠡᠷᠭᠡ ᠤᠨᠤᠭᠠᠨ ᠤ ᠲᠦᠭᠵᠢᠷᠡᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳᠤ᠂  ᠤᠳᠤ ᠪᠠᠶᠢᠭ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ  ᠎ ᠢ ᠦᠬᠡᠷᠡᠴᠢᠯᠡᠨ  ᠰᠠᠶᠢᠵᠢᠷᠠᠭᠤᠯᠬᠤ ᠶᠢᠨ ᠬᠠᠮᠳᠤ᠂ ᠶᠡᠷᠦᠩᠬᠡᠶᠢᠯᠡᠭᠰᠡᠨ ᠴᠢᠨᠠᠷᠳᠠᠢ  ᠵᠠᠬ᠎ᠠ ᠲᠡᠯᠬᠡᠬᠦᠷ ᠢ ᠰᠢᠨ᠎ᠡ ᠪᠠᠷ ᠪᠠᠶᠢᠭᠤᠯᠤᠨ᠂  ᠵᠠᠬ᠎ᠠ ᠵᠡᠬᠡᠯᠢ ᠶᠢᠨ ᠡᠮᠬᠢ ᠲᠢᠭᠯᠡᠮ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ ᠂ ᠤᠰᠤ ᠪᠠᠷ ᠵᠠᠶᠢᠯᠠᠬᠤ ᠨᠡᠶᠢᠳᠡ ᠶᠢᠨ ᠵᠤᠷᠯᠤᠩ 5᠎ ᠶᠢ ᠰᠢᠨ᠎ᠡ ᠪᠠᠷ ᠪᠠᠶᠢᠭᠤᠯᠵᠤ᠂   ᠬᠤᠳᠠ ᠶᠢᠨ ᠲᠤᠭᠤᠷᠢᠭ ᠤᠨ ᠵᠤᠷᠯᠤᠩ ᠲᠤᠳᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃  ᠵᠢᠷᠭᠤᠭ᠎ᠠ ᠳᠤ᠂  ᠬᠠᠭᠤᠴᠢᠨ ᠬᠤᠳᠠ ᠶᠢᠨ ᠲᠤᠭᠤᠷᠢᠭ  ᠎ ᠤᠨ  7  ᠵᠡᠭᠡᠯᠢ ᠭᠤᠳᠤᠮᠵᠢ  ᠎ ᠶᠢ ᠦᠬᠡᠷᠡᠴᠢᠯᠡᠨ ᠰᠠᠶᠢᠵᠢᠷᠠᠭᠤᠯᠵᠤ᠂  ᠤᠷᠤᠰᠢᠨ ᠰᠠᠭᠤᠷᠢᠰᠢᠬᠤ ᠤᠷᠴᠢᠨ ᠲᠤᠭᠤᠷᠢᠨ ᠠᠨᠠᠢ ᠠᠰᠠᠭᠤᠳᠠᠯ ᠢ ᠰᠢᠢᠳᠪᠦᠷᠢᠯᠡᠨ᠎ᠡ᠃ ᠲᠤᠯᠤᠭ᠎ᠠ ᠳᠤ᠂  ᠮᠠᠯᠵᠢᠬᠤ ᠲᠠᠷᠢᠶᠠᠯᠠᠬᠤ ᠤᠷᠤᠨ ᠤ ᠬᠤᠳᠠ ᠤᠰᠤᠨ ᠤ ᠬᠤᠭᠤᠷᠤᠨᠳᠤᠬᠢ  26 ᠵᠤᠷᠪᠤᠰ 40 ᠺᠢᠯᠤᠮᠧᠲᠷ ᠵᠠᠮ ᠢ  ᠲᠡᠪᠢᠰᠴᠦ᠂   25 ᠬᠤᠳᠠ ᠤᠰᠤᠨ ᠤ  ᠵᠠᠮ  ᠨᠡᠪᠳᠡᠷᠡᠯᠬᠡ ᠶᠢᠨ ᠠᠰᠠᠭᠤᠳᠠᠯ ᠢ ᠰᠢᠢᠳᠪᠦᠷᠢᠯᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号